ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠬᠤᠶᠠᠳᠤᠭᠠᠷ ᠬᠤᠷᠠᠯᠳᠤᠭᠠᠨ ᠣᠳᠠᠭᠠᠨ ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/7/6
     7 ᠰᠠᠷ᠎ᠠ ᠶᠢᠨ 5 ᠤ ᠡᠳᠦᠷ᠂ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠬᠤᠶᠠᠳᠤᠭᠠᠷ ᠣᠳᠠᠭᠠᠨ ᠤ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ ᠬᠤᠷᠠᠯ ᠡᠷᠭᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠿᠧᠨ ᠸᠧᠨ ᠢ᠂ ᠯᠢᠦ ᠵᠢᠶ ᠭᠤᠤ᠂ ᠦ᠋ ᠰᠢᠶᠤᠤ ᠾᠦᠢ᠂ ᠸᠠᠩ ᠶᠢᠨ ᠪᠣᠯᠤᠨ ᠨᠠᠷᠢᠨ ᠪᠢᠴᠢᠭ ᠤᠨ ᠳᠠᠷᠤᠭ᠎ᠠ ᠽᠦᠸᠧ ᠶᠢᠩ ᠵᠢᠴᠢ ᠭᠡᠰᠢᠭᠦᠨ ᠨᠡᠶᠢᠲᠡ 31 ᠬᠥᠮᠦᠨ ᠬᠤᠷᠠᠯ ᠳᠤ ᠣᠷᠣᠯᠴᠠᠵᠠᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠬᠤ᠋ ᠱᠠᠨ ᠱᠦᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠯᠦᠸᠧ ᠵᠢᠶᠦ᠋ᠨ ᠶᠤᠸᠠᠨ ᠤ ᠬᠤᠲᠠ ᠶᠢᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠬᠤ ᠪᠠᠷ ᠲᠣᠭᠲᠠᠪᠠ︔ ᠯᠢ ᠳ᠋ᠦᠩ ᠢ ᠬᠤᠲᠠ ᠶᠢᠨ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠪᠠᠷ ᠲᠣᠮᠢᠯᠠᠵᠤ᠂ ᠣᠷᠣᠯᠠᠭᠴᠢ ᠡᠷᠬᠢᠯᠡᠭᠴᠢ ᠶᠢᠨ ᠲᠤᠰᠢᠶᠠᠯ ᠳᠤ ᠲᠤᠮᠢᠯᠠᠬᠤ ᠪᠠᠷ ᠲᠣᠭᠲᠠᠪᠠ᠃ ᠡᠦ ᠶᠧ ᠸᠧᠨ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠢᠨ ᠲᠤᠰᠢᠶᠠᠯ ᠠᠴᠠ ᠪᠠᠭᠤᠯᠭᠠᠬᠤ ᠪᠠᠷ ᠲᠤᠭᠳᠠᠪᠠ︔ ᠬᠤᠤ ᠰᠢ ᠬᠤᠩ᠂ ᠴᠢᠶᠣᠤ ᠢᠦᠢ ᠶᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃ ᠬᠤᠷᠠᠯ ᠠᠴᠠ ᠪᠠᠰᠠ ᠪᠤᠰᠤᠳ ᠲᠤᠰᠢᠶᠠᠯ ᠠᠴᠠ ᠪᠠᠭᠤᠯᠭᠠᠬᠤ ᠵᠦᠢᠯᠡᠰ ᠢ ᠪᠠᠲᠤᠯᠠᠵᠠᠢ᠃ ᠹᠧᠩ ᠰᠢᠤᠸᠠᠢ ᠲᠤᠤ ᠰᠢᠨ᠎ᠡ ᠪᠠᠷ ᠲᠤᠰᠢᠶᠠᠯ ᠳᠤ ᠲᠣᠮᠢᠯᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠪᠠ᠃      ᠹᠧᠩ ᠰᠢᠤᠸᠠᠢ ᠲᠤᠤ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠲᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠰᠢᠨ᠎ᠡ ᠠᠵᠢᠯ ᠤᠨ ᠪᠠᠶᠢᠷᠢ᠂ ᠰᠢᠨ᠎ᠡ ᠲᠤᠰᠢᠶᠠᠯ ᠬᠠᠷᠢᠭᠤᠴᠠᠯᠭ᠎ᠠ ᠶᠢᠨ ᠡᠮᠦᠨ᠎ᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠠᠷᠠᠳ ᠲᠦᠮᠡᠨ ᠠᠴᠠ ᠣᠯᠭᠤᠭᠰᠠᠨ ᠡᠷᠬᠡ ᠶᠢ ᠵᠥᠪ ᠢᠶᠠᠷ ᠬᠡᠷᠡᠭᠵᠢᠭᠦᠯᠵᠦ᠂ ᠰᠤᠷᠤᠯᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠰᠢᠨ᠎ᠡ ᠠᠵᠢᠯ ᠤᠨ ᠪᠠᠶᠢᠷᠢ ᠳᠡᠭᠡᠷ᠎ᠡ ᠠᠷᠠᠳ ᠲᠦᠮᠡᠨ ᠳᠤ ᠣᠰᠣᠯᠳᠠᠬᠤ ᠦᠭᠡᠢ ᠪᠠᠷ ᠰᠢᠨ᠎ᠡ ᠠᠮᠵᠢᠯᠲᠠ ᠪᠦᠲᠦᠮᠵᠢ ᠶᠢ ᠡᠭᠦᠳᠴᠦ᠂ ᠮᠠᠨ ᠤ ᠬᠤᠳᠠ ᠶᠢᠨ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠬᠡᠵᠡᠢ᠃      ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠸᠠᠩ ᠰᠢᠶᠤᠤ ᠵᠢᠶᠦ᠋ᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠢᠶᠠᠨ ᠴᠧᠩ ᠵᠢᠶᠦ᠋ᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠬᠤᠯᠪᠣᠭᠳᠠᠯ ᠪᠥᠬᠦᠶ ᠬᠥᠮᠦᠰ ᠬᠤᠷᠠᠯ ᠳᠤ ᠰᠤᠯᠠ ᠣᠷᠣᠯᠴᠠᠪᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号