ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠪᠡ
ᠨᠡᠶᠢᠲᠡᠯᠡᠭᠰᠡᠨ ᠴᠠᠭ᠄
2021/7/6
     7 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠳᠠᠩ ᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠴᠢᠬᠤᠯᠠ ᠶᠡᠭᠡ ᠠᠴᠢ ᠬᠤᠯᠪᠣᠭᠳᠠᠯ ᠪᠠ ᠵᠣᠷᠢᠭ ᠰᠠᠨᠠᠭᠠᠨ ᠤ ᠠᠭᠤᠯᠤᠭᠳᠠᠬᠤᠨ ᠢ ᠭᠦᠨᠵᠡᠭᠡᠶ ᠰᠤᠷᠤᠯᠴᠠᠨ ᠣᠶᠢᠯᠠᠭᠠᠵᠤ᠂ ᠲᠠᠷᠢᠬᠢ ᠲᠣᠯᠣᠭᠠᠶ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠣᠭᠤᠯᠬᠤ᠂ ᠠᠵᠢᠯ ᠢᠶᠠᠨ ᠠᠬᠢᠭᠤᠯᠬᠤ ᠳᠤ ᠨᠡᠩ ᠰᠠᠶᠢᠲᠤᠷ ᠬᠡᠷᠡᠭᠯᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠮᠠᠨ ᠤ ᠬᠤᠲᠠ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠲᠠᠩ ᠢ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠣᠶ ᠶᠢᠨ ᠴᠢᠬᠤᠯᠠ ᠶᠡᠭᠡ ᠴᠠᠭ ᠮᠥᠴᠡ ᠪᠠ ︽ᠬᠤᠣᠰ ᠵᠠᠭᠤᠨ ᠵᠢᠯ︾ ᠤᠨ ᠲᠡᠦᠬᠡ ᠶᠢᠨ ᠠᠭᠤᠯᠵᠠᠷ ᠤᠨ ᠵᠠᠩᠭᠢᠯᠠᠭ᠎ᠠ ᠶᠢᠨ ᠴᠢᠭ ᠲᠤ ᠰᠠᠭᠤᠷᠢᠯᠠᠵᠤ᠂ ᠭᠡᠷᠡᠯ ᠰᠠᠴᠤᠷᠠᠩᠭᠤᠶ ᠲᠡᠦᠬᠡ ᠶᠢ ᠡᠷᠭᠢᠴᠡᠭᠦᠯᠵᠦ᠂ ᠭᠡᠭᠡᠨ ᠰᠠᠷᠠᠭᠤᠯ ᠢᠷᠡᠭᠡᠳᠦᠶ ᠶᠢ ᠵᠢᠷᠤᠭᠯᠠᠪᠡ᠂ ᠶᠠᠷᠢᠶ᠎ᠠ ᠨᠢ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠮᠦᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠭᠰᠡᠨ ᠤᠯᠤᠰ ᠲᠦᠷᠦ ᠶᠢᠨ ᠲᠤᠩᠬᠠᠭ ᠮᠦᠨ᠂ ᠮᠠᠨ ᠤ ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠠᠵᠢᠯᠯᠠᠭᠠᠨ ᠤ ᠵᠦᠭᠯᠡᠭᠦᠷ ᠮᠦᠨ᠂ ᠶᠠᠷᠢᠶ᠎ᠠ  ᠨᠢ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠬᠤᠳᠠ ᠲᠠᠶᠠᠭᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠣᠬᠠᠭᠤᠯᠤᠨ ᠲᠤᠤᠱᠯᠠᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠡᠷᠡᠰ ᠪᠠᠲᠤ ᠴᠢᠨᠠᠷ ᠰᠠᠨᠠᠭᠠᠴᠢᠯᠠᠭᠠᠲᠤ ᠴᠢᠨᠠᠷ ᠤᠬᠠᠮᠰᠠᠷᠲᠤ ᠴᠢᠨᠠᠷ ᠢᠶᠠᠨ ᠦᠨᠡᠨᠬᠦ ᠴᠢᠩᠭᠠᠳᠬᠠᠵᠤ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠬᠤ᠂ ᠨᠠᠷᠢᠨ ᠳᠠᠭᠤᠷᠢᠶᠠᠵᠤ ᠦᠨᠡᠨᠴᠢ ᠰᠢᠳᠤᠷᠭᠤ ᠪᠠᠷ ᠬᠡᠷᠡᠭᠵᠢᠭᠦᠯᠬᠦ ᠳᠤᠮᠳᠠ ᠡᠨᠡᠬᠦ ᠨᠠᠮ ᠤᠨ ᠰᠢᠨ᠎ᠡ ᠡᠭᠦᠳᠦᠯᠲᠡ ᠶᠢᠨ ᠤᠨᠤᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠥᠬᠦᠷᠡᠰᠢ ᠦᠭᠡᠢ ᠲᠡᠮᠡᠴᠡᠭᠰᠡᠨ ᠭᠡᠷᠡᠯ ᠰᠠᠴᠤᠷᠠᠩᠭᠤᠢ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠶᠢ ᠭᠦᠨᠵᠡᠭᠡᠢ ᠣᠶᠢᠯᠠᠭᠠᠵᠤ᠂ ᠨᠠᠮ ᠤᠨ ᠲᠡᠮᠡᠴᠡᠯ ᠤᠨ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠪᠠᠷ ᠲᠡᠮᠡᠴᠡᠯ ᠤᠨ ᠵᠣᠷᠢᠭ  ᠢᠶᠠᠨ ᠨᠡᠩ ᠰᠠᠶᠢᠲᠤᠷ ᠬᠥᠪᠴᠢᠯᠡᠵᠦ᠂ ᠬᠥᠳᠡᠯᠭᠡᠬᠦ ᠬᠦᠴᠦᠨ ᠢᠶᠠᠨ ᠨᠡᠩ ᠰᠠᠶᠢᠲᠤᠷ ᠬᠥᠭᠵᠢᠭᠡᠬᠦ ᠬᠡᠷᠡᠭᠲᠡᠢ᠃ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠪᠣᠯᠤᠨ ᠴᠠᠭ ᠦᠶ᠎ᠡ ᠶᠢᠨ ᠦᠨ᠎ᠡ ᠦᠷᠳᠡᠭ ᠢ ᠭᠦᠨᠵᠡᠭᠡᠢ ᠣᠶᠢᠯᠠᠭᠠᠵᠤ᠂ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠬᠤᠪᠢᠰᠬᠠᠯᠲᠤ ᠴᠢᠰᠤᠨ ᠰᠤᠳᠠᠰᠤ ᠶᠢ ᠦᠷᠭᠦᠯᠵᠢᠯᠡᠭᠦᠯᠵᠦ᠂ ᠡᠪ ᠬᠠᠮᠲᠤᠴᠤᠳ ᠤᠨ ᠵᠣᠷᠢᠭ ᠰᠠᠨᠠᠭ᠎ᠠ ᠶᠢ ᠥᠨᠢ ᠡᠭᠦᠷᠢᠳᠡ ᠵᠠᠯᠭᠠᠮᠵᠢᠯᠠᠵᠤ᠂ ᠲᠠᠰᠤᠷᠠᠯᠳᠠ ᠦᠭᠡᠢ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ᠃ ︽ᠶᠢᠰᠦᠨ ᠡᠷᠬᠡᠪᠰᠢ︾ ᠶᠢᠨ ᠦᠨᠳᠦᠰᠦᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠰᠢᠨ᠎ᠡ ᠠᠶᠠᠨ ᠵᠠᠮ ᠳᠤ ᠨᠡᠩ ᠡᠷᠡᠰ ᠪᠠᠲᠤ ᠤᠬᠠᠮᠰᠠᠷ ᠠᠴᠠ ᠪᠠᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠬᠤ ᠬᠡᠷᠡᠭᠲᠡᠢ᠃ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ︽ᠲᠦᠷᠪᠡᠨ ᠲᠡᠦᠬᠡ︾ ᠶᠢ ᠰᠤᠷᠤᠯᠴᠠᠬᠤ ᠲᠠᠢ ᠤᠶᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠲᠠᠢ ᠤᠶᠠᠯᠳᠤᠭᠤᠯᠵᠤ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠰᠠᠶᠢᠲᠤᠷ ᠵᠠᠮᠨᠠᠬᠤ ᠬᠡᠷᠡᠭᠲᠡᠢ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠡᠯ᠎ᠡ ᠲᠥᠷᠥᠯ ᠤᠨ ᠲᠤᠰᠬᠠᠶ ᠰᠡᠳᠦᠪᠲᠦ ᠰᠤᠷᠤᠯᠴᠠᠯᠭ᠎ᠠ ᠪᠠ ᠰᠣᠯᠢᠯᠴᠠᠨ ᠰᠤᠳᠤᠯᠤᠨ ᠶᠠᠷᠢᠯᠴᠠᠬᠤ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠥᠮᠦᠵᠢᠯ ᠪᠣᠯᠪᠠᠰᠤᠷᠠᠭᠤᠯᠤᠯ ᠤᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠪᠥᠬᠦ ᠨᠠᠮ ᠪᠥᠬᠦ ᠨᠡᠶᠢᠭᠡᠮ ᠳᠤ ᠰᠤᠷᠤᠯᠴᠠᠵᠤ ᠤᠬᠠᠭᠤᠯᠤᠨ ᠲᠤᠤᠱᠯᠠᠭᠤᠯᠬᠤ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠬᠤ ᠬᠡᠷᠡᠭᠲᠡᠶ᠃ ᠪᠦᠬᠦ ᠲᠠᠯ᠎ᠠ ᠪᠠᠷ ᠤᠬᠠᠭᠤᠯᠵᠤ᠂ ᠤᠯᠠᠨ ᠲᠠᠯ᠎ᠠ ᠠᠴᠠ ᠮᠡᠳᠡᠭᠡᠯᠡᠵᠦ᠂ ᠦᠨᠳᠦᠰᠦᠨ ᠱᠠᠲᠤᠨ ᠳᠤ ᠬᠠᠨᠳᠤᠭᠤᠯᠤᠭᠰᠠᠨ᠂ ᠤᠯᠠᠨ ᠲᠦᠮᠡᠨ ᠳᠤ ᠬᠠᠨᠳᠤᠭᠤᠯᠤᠭᠰᠠᠨ᠂ ᠤᠯᠠᠨ ᠲᠦᠮᠡᠨᠴᠢᠯᠡᠭᠰᠡᠨ᠂ ᠬᠠᠷᠢᠯᠴᠠᠨ ᠬᠥᠳᠡᠯᠦᠯᠴᠡᠭᠰᠡᠨ ᠤᠬᠠᠭᠤᠯᠤᠨ ᠲᠠᠶᠢᠯᠪᠤᠷᠢᠯᠠᠯᠲᠠ ᠶᠢ ᠭᠦᠨᠵᠡᠭᠡᠢ ᠥᠷᠨᠢᠭᠦᠯᠵᠦ᠂ ᠰᠤᠷᠤᠯᠴᠠᠨ ᠤᠬᠠᠭᠤᠯᠵᠤ ᠲᠤᠤᠱᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠲᠦᠷᠭᠡᠨ ᠪᠤᠢ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠪᠣᠳᠠᠲᠠᠢ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠬᠡᠵᠡᠢ᠃      ᠬᠤᠷᠠᠯ ᠠᠴᠠ ᠳᠡᠭᠡᠷ᠎ᠡ ᠬᠠᠭᠠᠰ ᠵᠢᠯ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠣᠣᠷ᠎ᠠ ᠬᠠᠭᠠᠰ ᠵᠢᠯ ᠤᠨ ᠠᠵᠢᠯ ᠳᠤ ᠲᠣᠬᠢᠷᠠᠭᠤᠯᠤᠯᠲᠠ ᠬᠢᠵᠡᠶ᠃ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号