| | | | ᠦᠬᠠᠶ ᠵᠠᠰᠠᠭ ᠠᠯᠪᠠᠨ ᠲᠠᠷᠬᠠᠭᠠᠭᠰᠠᠨ ︹ 2021 ︺ 7 ᠳ᠋ᠤᠭᠠᠷ ᠲᠣᠭᠠᠲᠤ | | ︽ᠦᠬᠠᠶ ᠬᠤᠲᠠ ᠶᠢᠨ ᠪᠦᠲᠦᠴᠡ ᠪᠠᠨ ᠤᠯᠠᠮ ᠨᠢᠭᠡ ᠠᠯᠬᠤᠮ ᠳᠣᠭᠢᠷᠠᠭᠤᠯᠤᠨ ᠰᠢᠯᠢᠳᠡᠭᠵᠢᠭᠦᠯᠵᠦ | ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ | ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠤᠨ ᠮᠡᠳᠡᠭᠳᠡᠯ | | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠶ ᠬᠤᠲᠠ ᠶᠢᠨ ᠪᠦᠲᠦᠴᠡ ᠶᠢ ᠤᠯᠠᠮ ᠨᠢᠭᠡ ᠠᠯᠬᠤᠮ ᠳᠣᠭᠢᠷᠠᠭᠤᠯᠤᠨ ᠰᠢᠯᠢᠳᠡᠭᠵᠢᠭᠦᠯᠵᠦ ᠰᠤᠷᠭᠠᠨ | ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠲᠥᠰᠦᠯ︾ | ᠢ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ | ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2021 ᠣᠨ ᠤ 4 ᠰᠠᠷ᠎ᠠ ᠶᠢᠨ 8 ᠤ ᠡᠳᠦᠷ | | | ᠦᠬᠠᠶ ᠬᠤᠲᠠ ᠶᠢᠨ ᠪᠦᠲᠦᠴᠡ ᠶᠢ ᠤᠯᠠᠮ ᠨᠢᠭᠡ ᠠᠯᠬᠤᠮ ᠳᠣᠭᠢᠷᠠᠭᠤᠯᠤᠨ ᠰᠢᠯᠢᠳᠡᠭᠵᠢᠭᠦᠯᠵᠦ ᠰᠤᠷᠭᠠᠨ | ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠲᠥᠰᠦᠯ | | ︽ᠪᠦᠲᠦᠴᠡ ᠪᠠᠨ ᠤᠯᠠᠮ ᠨᠢᠭᠡ ᠠᠯᠬᠤᠮ ᠳᠣᠭᠢᠷᠠᠭᠤᠯᠤᠨ ᠰᠢᠯᠢᠳᠡᠭᠵᠢᠭᠦᠯᠵᠦ ᠰᠤᠷᠭᠠᠨ ᠬᠥᠮᠦᠵᠢᠯ ᠤᠨ | ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠰᠠᠨᠠᠯ︾ ︽ᠪᠦᠲᠦᠴᠡ ᠪᠠᠨ ᠤᠯᠠᠮ ᠨᠢᠭᠡ ᠠᠯᠬᠤᠮ ᠳᠣᠭᠢᠷᠠᠭᠤᠯᠤᠨ ᠰᠢᠯᠢᠳᠡᠭᠵᠢᠭᠦᠯᠵᠦ | ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠬᠡᠷᠡᠭᠵᠢᠭᠦᠯᠬᠦ ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠤᠷᠭᠠᠨ ᠬᠥᠮᠦᠵᠢᠯ ᠤᠨ | ᠵᠠᠷᠤᠳᠠᠯ ᠤᠨ ᠬᠡᠷᠡᠭᠯᠡᠯᠲᠡ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ | ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠮᠠᠨ ᠤ ᠬᠤᠲᠠ ᠶᠢᠨ ᠰᠢᠯᠢᠳᠡᠭ | ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠤᠷᠤᠨ ᠤ ᠪᠥᠲᠥᠭᠡᠨ ᠪᠠᠶᠢᠭᠤᠯᠤᠯᠲᠠ ᠶᠢᠨ ᠪᠣᠳᠠᠰ ᠤᠨ | ᠰᠠᠭᠤᠷᠢ ᠶᠢ ᠣᠯᠠᠮ ᠪᠠᠬᠢᠵᠢᠭᠦᠯᠵᠦ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ | ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ | ᠬᠥᠮᠦᠵᠢᠯ ᠢ ᠡᠷᠡᠰ ᠭᠤᠶᠢᠪᠢᠰᠢ ᠦᠭᠡᠶ ᠪᠠᠷ ᠲᠡᠷᠢᠭᠦᠨ ᠪᠠᠶᠢᠷᠢᠨ ᠳᠤ ᠲᠠᠯᠪᠢᠵᠤ᠂ ᠰᠤᠷᠭᠠᠨ ᠬᠥᠮᠦᠵᠢᠯ ᠤᠨ ᠶᠠᠰᠤ | ᠴᠢᠨᠠᠷ ᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ | ᠰᠤᠷᠭᠠᠨ ᠬᠥᠮᠦᠵᠢᠯ ᠤᠨ ᠵᠠᠷᠤᠳᠠᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠪᠠᠷ ᠭᠤᠣᠯ ᠰᠢᠵᠢᠮ | ᠪᠣᠯᠭᠠᠵᠤ᠂ ᠰᠤᠷᠭᠠᠨ ᠬᠥᠮᠦᠵᠢᠯ ᠤᠨ ᠬᠥᠭᠵᠢᠯᠲᠡ ᠲᠡᠩᠴᠡᠭᠦᠷᠢ ᠦᠭᠡᠶ ᠭᠦᠢᠴᠡᠳ ᠦᠭᠡᠶ ᠪᠠᠶᠢᠬᠤ ᠠᠰᠠᠭᠤᠳᠠᠯ ᠢ | ᠰᠢᠢᠳᠪᠦᠷᠢᠯᠡᠬᠦ ᠪᠠᠷ ᠬᠦᠴᠦᠯᠡᠬᠦ ᠴᠢᠭ ᠪᠣᠯᠭᠠᠵᠤ᠂ ᠣᠶᠢᠷ᠎ᠠ ᠶᠢᠨ ᠬᠤᠭᠤᠴᠠᠭᠠᠨ ᠤ ᠬᠥᠭᠵᠢᠯᠲᠡ ᠶᠢᠨ ᠡᠭᠦᠷᠭᠡ ᠪᠣᠯᠤᠨ | ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠬᠠᠷᠠᠯᠳᠠ ᠶᠢ ᠨᠢᠭᠡᠳᠦᠯᠳᠡᠢ ᠲᠥᠯᠥᠪᠯᠡᠵᠦ᠂ ᠬᠤᠲᠠ ᠬᠥᠳᠡᠭᠡ᠂ | ᠣᠷᠣᠨ ᠪᠦᠰᠡ ᠵᠢᠴᠢ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠣᠬᠢᠴᠠᠩᠭᠤᠶ ᠬᠥᠭᠵᠢᠯᠲᠡ ᠶᠢ | ᠨᠢᠭᠡᠳᠦᠯᠲᠡᠶ ᠲᠥᠯᠥᠪᠯᠡᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠨᠥᠬᠦᠴᠡᠯ ᠢ ᠰᠠᠶᠢᠵᠢᠷᠠᠭᠤᠯᠬᠤ | ᠪᠠ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦ ᠲᠠᠯᠪᠢᠵᠤ᠂ ᠰᠤᠷᠭᠠᠨ ᠬᠥᠮᠦᠵᠢᠯ ᠤᠨ ᠵᠠᠷᠤᠳᠠᠯ ᠢ ᠣᠷᠣᠭᠤᠯᠤᠨ | ᠬᠡᠷᠡᠭᠯᠡᠬᠦ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠵᠦ᠂ ᠦᠨᠳᠦᠰᠦᠨ | ᠵᠦᠢᠯ ᠢ ᠪᠠᠲᠤᠯᠠᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠲᠥᠪ ᠭᠤᠤᠯᠴᠢ ᠶᠢ ᠠᠬᠢᠭᠤᠯᠤᠨ᠂ ᠶᠠᠰᠤ ᠴᠢᠨᠠᠷ ᠢᠶᠠᠨ | ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ | ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠪᠥᠬᠦ ᠬᠤᠲᠠ ᠶᠢᠨ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠲᠥᠪ ᠭᠤᠤᠯᠴᠢ ᠲᠦᠭᠡᠮᠡᠯ | ᠬᠠᠷᠠᠭᠠᠯᠵᠠᠯ ᠲᠠᠢ᠂ ᠴᠢᠨᠠᠷ ᠰᠠᠶᠢᠲᠠᠶ ᠣᠯᠠᠨ ᠶᠠᠩᠵᠤ ᠶᠢᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ | ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠨ᠎ᠡ᠃ 2022 ᠣᠨ ᠪᠣᠯᠬᠤ ᠳᠤ᠂ ᠰᠤᠷᠭᠠᠨ ᠬᠥᠮᠦᠵᠢᠯ ᠤᠨ | ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠤᠯᠠᠮ ᠨᠢᠭᠡ ᠠᠯᠬᠤᠮ ᠢᠯᠡ ᠪᠤᠯᠭᠠᠵᠤ᠂ ᠰᠤᠷᠭᠠᠨ ᠬᠥᠮᠦᠵᠢᠯ ᠤᠨ | ᠣᠳᠣᠬᠢᠴᠢᠯᠠᠯᠲᠠ ᠲᠠᠢ ᠵᠣᠬᠢᠴᠠᠭᠰᠠᠨ ᠰᠤᠷᠭᠠᠨ ᠬᠥᠮᠦᠵᠢᠯ ᠤᠨ ᠵᠠᠷᠤᠳᠠᠯ ᠢ ᠣᠷᠣᠭᠤᠯᠤᠨ ᠬᠡᠷᠡᠭᠯᠡᠬᠦ | ᠬᠠᠮᠢᠶᠠᠷᠤᠯᠲᠠ ᠶᠢᠨ ᠪᠠᠶᠢᠭᠤᠯᠤᠮᠵᠢ ᠲᠤᠭᠳᠠᠴᠠ ᠶᠢ ᠪᠦᠬᠦ ᠲᠠᠯ᠎ᠠ ᠪᠠᠷ ᠪᠠᠶᠢᠭᠤᠯᠤᠨ᠎ᠠ᠃ | ᠬᠤᠶᠠᠷ᠂ ᠠᠵᠢᠯ ᠤᠨ ᠵᠠᠷᠴᠢᠮ | ᠪᠠᠲᠤᠯᠠᠭ᠎ᠠ ᠪᠠᠨ ᠤᠷᠢᠳᠠᠪᠠᠷ ᠪᠤᠲᠤᠯᠭᠢᠯᠠᠨᠠ᠃ ᠰᠤᠷᠭᠠᠨ ᠬᠥᠮᠦᠵᠢᠯ ᠤᠨ ᠦᠢᠯᠡᠰ ᠢ ᠤᠷᠢᠳᠠᠪᠠᠷ | ᠬᠥᠭᠵᠢᠭᠦᠯᠬᠦ ᠪᠠᠶᠢᠷᠢᠨ ᠳᠤ ᠦᠨᠡᠨ ᠬᠦ ᠲᠠᠯᠪᠢᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠲᠥᠯᠥᠪᠵᠢᠭᠦᠯᠭᠡ ᠶᠢᠨ ᠲᠠᠯ᠎ᠠ ᠪᠠᠷ ᠰᠤᠷᠭᠠᠨ ᠬᠥᠮᠦᠵᠢᠯ ᠢ ᠤᠷᠢᠳᠠᠪᠠᠷ ᠲᠣᠬᠢᠷᠠᠭᠤᠯᠵᠤ᠂ ᠡᠳ᠋ ᠤᠨ ᠵᠠᠰᠠᠭ ᠤᠨ ᠪᠡᠯᠡ | ᠮᠥᠩᠭᠦ ᠶᠢᠨ ᠣᠷᠣᠭᠤᠯᠤᠯᠲᠠ ᠶᠢᠨ ᠲᠠᠯ᠎ᠠ ᠪᠠᠷ ᠰᠤᠷᠭᠠᠨ ᠬᠥᠮᠦᠵᠢᠯ ᠢ ᠤᠷᠢᠳᠠᠪᠠᠷ ᠪᠠᠲᠤᠯᠠᠵᠤ᠂ ᠤᠯᠠᠨ ᠨᠡᠶᠢᠲᠡ ᠶᠢᠨ | ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠲᠠᠯ᠎ᠠ ᠪᠠᠷ ᠰᠤᠷᠭᠠᠨ ᠬᠥᠮᠦᠵᠢᠯ ᠢ ᠤᠷᠢᠳᠠᠪᠠᠷ ᠬᠠᠩᠭᠠᠨ᠎ᠠ᠃ ᠡᠭᠦᠨ ᠤ | ᠵᠡᠷᠭᠡᠪᠡᠷ ᠨᠡᠶᠢᠭᠡᠮ ᠤᠨ ᠣᠷᠣᠭᠤᠯᠤᠯᠲᠠ ᠶᠢ ᠥᠷᠭᠡᠳᠬᠡᠬᠦ ᠶᠢ ᠵᠣᠷᠢᠭᠵᠢᠭᠤᠯᠵᠤ᠂ ᠰᠤᠷᠭᠠᠨ ᠬᠥᠮᠦᠵᠢᠯ ᠤᠨ ᠵᠠᠷᠤᠳᠠᠯ ᠢ | ᠤᠯᠠᠨ ᠠᠷᠭ᠎ᠠ ᠵᠠᠮ ᠢᠶᠠᠷ ᠴᠤᠭᠯᠠᠭᠤᠯᠬᠤ ᠪᠠᠶᠢᠭᠤᠯᠤᠯ ᠢ ᠲᠡᠭᠦᠯᠳᠡᠷᠵᠢᠭᠦᠯᠦᠨ᠎ᠡ᠃ | ᠴᠢᠳᠠᠯ ᠤᠨ ᠢᠶᠠᠨ ᠬᠢᠷᠢ ᠪᠠᠷ ᠬᠢᠨ᠎ᠡ᠃ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ | ᠰᠢᠭᠤᠳ ᠬᠠᠮᠤᠭ ᠤᠨ ᠪᠣᠳᠠᠲᠠᠶ ᠠᠰᠠᠭᠤᠳᠠᠯ ᠢ ᠴᠢᠩᠭ᠎ᠠ ᠠᠳᠬᠤᠵᠤ᠂ ᠪᠣᠳᠠᠲᠤ ᠪᠠᠶᠢᠳᠠᠯ ᠠᠴᠠ ᠰᠠᠯᠪᠠᠯ | ᠪᠡᠶᠡᠯᠡᠭᠦᠯᠬᠦ ᠳᠤ ᠪᠡᠷᠬᠡᠲᠡᠶ ᠬᠠᠷᠠᠯᠲᠠ ᠶᠢ ᠳᠤᠷᠠᠳᠬᠤ ᠦᠭᠡᠢ᠂ ᠡᠳ᠋ ᠤᠨ ᠬᠦᠴᠦᠨ ᠠᠴᠠ ᠰᠠᠯᠪᠠᠯ ᠪᠡᠶᠡᠯᠡᠭᠦᠯᠬᠦ ᠳᠤ | ᠪᠡᠷᠬᠡᠲᠡᠶ ᠠᠮᠠᠯᠠᠯᠲᠠ ᠬᠢᠬᠦ ᠦᠭᠡᠢ᠂ ︽ᠢᠷᠡᠬᠦ ᠵᠢᠯ ᠤᠨ ᠬᠦᠨᠡᠰᠦ︾ ᠶᠢᠨ ᠢᠨᠵᠧᠨᠧᠷᠢᠩ ᠢ ᠬᠢᠬᠦ ᠦᠭᠡᠢ᠂ | ᠨᠡᠶᠢᠭᠡᠮ ᠤᠨ ᠵᠢᠱᠢᠯᠲᠡ ᠶᠢ ᠵᠦᠢ ᠵᠣᠬᠢᠰᠲᠠᠶ ᠪᠠᠷ ᠬᠥᠲᠥᠯᠥᠨ ᠵᠢᠯᠣᠭᠤᠳᠤᠨ᠎ᠠ᠃ | ᠪᠦᠲᠦᠴᠡ ᠪᠠᠨ ᠰᠢᠯᠢᠳᠡᠭᠵᠢᠭᠦᠯᠦᠨ᠎ᠡ᠃ ᠰᠤᠷᠭᠠᠨ ᠬᠥᠮᠦᠵᠢᠯ ᠤᠨ ᠵᠠᠷᠤᠳᠠᠯ ᠤᠨ ᠵᠠᠷᠤᠯᠭ᠎ᠠ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ | ᠬᠥᠭᠵᠢᠯᠲᠡ ᠶᠢ ᠭᠤᠤᠯᠳᠠᠯᠭ᠎ᠠ ᠲᠠᠢ ᠪᠠᠲᠤᠯᠠᠨ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠪᠠᠲᠤᠯᠠᠭ᠎ᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠲᠠᠭᠤᠳᠠᠯ ᠢ ᠬᠦᠴᠦᠯᠡᠨ | ᠨᠥᠬᠦᠪᠥᠷᠢᠯᠡᠵᠦ᠂ ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠷᠴᠢᠮ ᠢᠶᠠᠨ | ᠴᠢᠩᠭᠠᠷᠠᠭᠤᠯᠤᠨ᠂ ᠰᠤᠷᠭᠠᠨ ᠬᠥᠮᠦᠵᠢᠯ ᠳᠤ ᠰᠢᠯᠢᠳᠡᠭ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ | ᠣᠷᠣᠨ ᠤ ᠪᠥᠲᠥᠭᠡᠨ ᠪᠠᠶᠢᠭᠤᠯᠤᠯᠲᠠ ᠶᠢᠨ ᠪᠣᠳᠠᠰ ᠤᠨ ᠰᠠᠭᠤᠷᠢ ᠶᠢ ᠲᠦᠷᠭᠡᠳᠭᠡᠨ ᠪᠠᠬᠢᠵᠢᠬᠦᠯᠦᠨ᠎ᠡ᠃ | ᠬᠠᠮᠢᠶᠠᠷᠤᠯᠲᠠ ᠪᠠᠨ ᠴᠢᠩᠭᠠᠳᠬᠠᠨ᠎ᠠ᠃ ᠰᠤᠷᠭᠠᠨ ᠬᠥᠮᠦᠵᠢᠯ ᠤᠨ ᠵᠠᠷᠤᠳᠠᠯ ᠢ ᠰᠢᠨᠵᠢᠯᠡᠬᠦ ᠤᠬᠠᠭᠠᠨᠴᠢ ᠪᠠᠷ | ᠬᠠᠮᠢᠶᠠᠷᠤᠨ ᠬᠡᠷᠡᠭᠯᠡᠵᠦ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠰᠤᠷᠭᠠᠨ ᠬᠥᠮᠦᠵᠢᠯ ᠤᠨ ᠵᠠᠷᠤᠳᠠᠯ ᠤᠨ | ᠬᠡᠷᠡᠭᠯᠡᠯᠲᠡ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ᠂ | ᠠᠵᠢᠯ ᠤᠨ ᠦᠷ᠎ᠡ ᠪᠦᠲᠦᠮᠵᠢ ᠶᠢᠨ ᠰᠢᠰᠲ᠋ᠧᠮᠵᠢ᠂ ᠲᠦᠷᠢᠮ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠦᠨ᠎ᠡ᠃ | ᠭᠤᠷᠪᠠ᠂ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠬᠦᠯᠬᠦ ᠬᠡᠷᠡᠭᠳᠡᠢ | ︵ᠨᠢᠭᠡ︶ ᠰᠤᠷᠭᠠᠨ ᠬᠥᠮᠦᠵᠢᠯ ᠤᠨ ᠣᠷᠣᠭᠤᠯᠤᠯᠲᠠ ᠶᠢ ᠤᠷᠢᠳᠠᠪᠠᠷ ᠪᠠᠲᠤᠯᠠᠬᠤ ᠬᠡᠷᠡᠭᠳᠡᠢ᠃ ᠰᠤᠷᠭᠠᠨ | ᠬᠥᠮᠦᠵᠢᠯ ᠤᠨ ᠬᠦᠷᠢᠶᠡᠨ ᠳᠠᠬᠢ ᠵᠠᠰᠠᠭ ᠤᠨ ᠣᠷᠳᠣᠨ ᠤ ᠬᠤᠭᠤᠷᠣᠨᠳᠣᠬᠢ ᠡᠳ᠋ ᠤᠨ ᠵᠠᠰᠠᠭ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠣᠬᠢᠰᠲᠠᠶ ᠬᠤᠪᠢᠶᠠᠷᠢᠯᠠᠵᠤ᠂ ᠰᠤᠷᠭᠠᠨ ᠬᠥᠮᠦᠵᠢᠯ ᠤᠨ ᠰᠢᠯᠵᠢᠭᠦᠯᠦᠨ | ᠥᠭᠬᠦ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠳᠡᠢ᠃ ᠡᠯ᠎ᠡ ᠲᠣᠭᠤᠷᠢᠭ ᠤᠨ ᠬᠢᠨ ᠡᠳ᠋ ᠤᠨ | ᠵᠠᠰᠠᠭ ᠤᠨ ᠵᠠᠷᠤᠯᠭ᠎ᠠ ᠶᠢᠨ ᠪᠦᠲᠦᠴᠡ ᠪᠠᠨ ᠤᠯᠠᠮ ᠨᠢᠭᠡ ᠠᠯᠬᠤᠮ ᠳᠣᠭᠢᠷᠠᠭᠤᠯᠤᠨ ᠰᠢᠯᠢᠳᠡᠭᠵᠢᠭᠦᠯᠵᠦ᠂ ᠡᠳ᠋ ᠤᠨ | ᠵᠠᠰᠠᠭ ᠤᠨ ᠰᠤᠷᠭᠠᠨ ᠬᠥᠮᠦᠵᠢᠯ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠤᠷᠢᠳᠠᠪᠠᠷ ᠨᠠᠶᠢᠳᠠᠪᠤᠷᠢᠵᠢᠭᠤᠯᠤᠨ᠂ | ᠵᠢᠯ ᠤᠨ ᠡᠬᠢᠨ ᠤ ᠲᠥᠰᠦᠪ ᠤᠨ ᠲᠣᠬᠢᠷᠠᠭᠤᠯᠤᠯᠲᠠ ᠳᠤ ᠰᠤᠷᠭᠠᠨ ᠬᠥᠮᠦᠵᠢᠯ ᠤᠨ ᠣᠷᠣᠭᠤᠯᠤᠯᠲᠠ ᠶᠢ ᠤᠷᠢᠳᠠᠪᠠᠷ | ᠪᠠᠲᠤᠯᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ ᠬᠥᠮᠦᠵᠢᠯ ᠤᠨ ᠵᠠᠷᠤᠯᠭ᠎ᠠ ᠶᠢᠨ ᠵᠢᠯ ᠳᠠᠷᠠᠭᠠᠯᠠᠨ | ᠨᠡᠮᠡᠭᠳᠡᠬᠦ ᠠᠴᠠ ᠪᠢᠰᠢ ᠬᠠᠰᠤᠭᠳᠠᠬᠤ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠰᠤᠷᠭᠠᠭᠤᠯᠢ ᠳᠤ ᠪᠠᠶᠢᠭ᠎ᠠ | ᠰᠣᠷᠣᠭᠴᠢ ᠶᠢᠨ ᠲᠤᠭ᠎ᠠ ᠪᠠᠷ ᠲᠡᠭᠰᠢᠳᠬᠡᠭᠰᠡᠨ ᠡᠩ ᠤᠨ ᠣᠯᠠᠨ ᠨᠡᠶᠢᠲᠡ ᠶᠢᠨ ᠲᠥᠰᠦᠪ ᠤᠨ ᠰᠤᠷᠭᠠᠨ | ᠬᠥᠮᠦᠵᠢᠯ ᠤᠨ ᠵᠠᠷᠤᠯᠭ᠎ᠠ ᠶᠢᠨ ᠵᠢᠯ ᠳᠠᠷᠠᠭᠠᠯᠠᠨ ᠨᠡᠮᠡᠭᠳᠡᠬᠦ ᠠᠴᠠ ᠪᠢᠰᠢ ᠬᠠᠰᠤᠭᠳᠠᠬᠤ ᠥᠬᠡᠶ ᠪᠠᠶᠢᠬᠤ ᠶᠢ ᠦᠨᠡᠨᠬᠦ | ᠪᠠᠲᠤᠯᠠᠬᠤ ᠬᠡᠷᠡᠭᠳᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠯ᠎ᠡ ᠲᠣᠭᠤᠷᠢᠭ ᠤᠨ ᠵᠠᠰᠠᠭ ᠤᠨ ᠣᠷᠳᠣᠨ︶ | | ︵ᠬᠤᠶᠠᠷ︶ ᠰᠣᠷᠣᠭᠴᠢ ᠨᠢᠭᠡᠪᠦᠷᠢ ᠳᠤ ᠳᠤᠮᠳᠠᠴᠢ ᠪᠠᠷ ᠵᠣᠭᠤᠰ ᠰᠠᠯᠭᠠᠨ ᠥᠭᠬᠦ ᠲᠦᠷᠢᠮ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠳᠡᠢ᠃ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠪᠠᠷᠢᠮᠵᠢᠶ᠎ᠠ ᠶᠢᠨ | ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠤᠷᠭᠠᠭᠤᠯᠢ ᠡᠷᠭᠢᠯᠡᠬᠦ ᠦᠨᠳᠦᠰᠦᠨ ᠥᠪᠡᠷ ᠤᠨ | ᠥᠷᠲᠡᠭ ᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ︵ | ᠬᠡᠤᠬᠡᠳ ᠤᠨ ᠴᠡᠴᠡᠷᠯᠢᠭ︶ ᠶᠢᠨ ᠰᠣᠷᠣᠭᠴᠢ ᠨᠢᠭᠡᠪᠦᠷᠢ ᠳᠤ ᠲᠡᠭᠰᠢᠳᠬᠡᠭᠰᠡᠨ ᠨᠡᠶᠢᠲᠡ ᠶᠢᠨ ᠬᠡᠷᠡᠭᠯᠡᠭᠡᠨ ᠤ | ᠵᠠᠷᠤᠳᠠᠯ ᠤᠨ ᠪᠠᠷᠢᠮᠵᠢᠶ᠎ᠡ ᠶᠢ ᠤᠯᠤᠰ ᠤᠨ ᠰᠠᠭᠤᠷᠢ ᠪᠠᠷᠢᠮᠵᠢᠶᠠᠨ ᠤ ᠲᠤᠭᠳᠠᠭᠠᠰᠠᠨ ᠨᠤᠷᠮ᠎ᠠ ᠠᠴᠠ ᠳᠣᠤᠷ᠎ᠠ ᠥᠬᠡᠶ | ᠪᠠᠶᠢᠬᠤ ᠶᠢ ᠪᠠᠲᠤᠯᠠᠬᠤ ᠬᠡᠷᠡᠭᠳᠡᠢ᠃ 2021 ᠣᠨ ᠪᠣᠯᠬᠤ ᠳᠤ᠂ ᠮᠠᠨ ᠤ ᠬᠤᠲᠠ ᠶᠢᠨ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠭᠤᠯᠢ ︵ᠬᠡᠤᠬᠡᠳ ᠤᠨ ᠴᠡᠴᠡᠷᠯᠢᠭ︶ ᠶᠢᠨ ᠰᠣᠷᠣᠭᠴᠢ ᠨᠢᠭᠡᠪᠦᠷᠢ ᠳᠤ ᠲᠡᠭᠰᠢᠳᠬᠡᠭᠰᠡᠨ | ᠵᠠᠷᠤᠳᠠᠯ ᠤᠨ ᠦᠨᠳᠦᠰᠦᠨ ᠪᠠᠷᠢᠮᠵᠢᠶ᠎ᠠ ᠪᠠ ᠰᠣᠷᠣᠭᠴᠢ ᠨᠢᠭᠡᠪᠦᠷᠢ ᠳᠤ ᠲᠡᠭᠰᠢᠳᠬᠡᠭᠰᠡᠨ ᠡᠳ᠋ ᠤᠨ ᠵᠠᠰᠠᠭ ᠠᠴᠠ | ᠵᠣᠭᠤᠰ ᠰᠠᠯᠭᠠᠨ ᠥᠭᠬᠦ ᠦᠨᠳᠦᠰᠦᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠥᠳᠡᠯᠦᠩᠭᠦᠶ ᠳᠣᠭᠢᠷᠠᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠳᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠯ᠎ᠡ ᠲᠣᠭᠤᠷᠢᠭ ᠤᠨ ᠵᠠᠰᠠᠭ ᠤᠨ ᠣᠷᠳᠣᠨ︶ | ︵ᠭᠤᠷᠪᠠ︶ ᠰᠦᠢᠳᠭᠡᠯ ᠬᠤᠷᠢᠶᠠᠬᠤ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠬᠤ ᠬᠡᠷᠡᠭᠳᠡᠢ᠃ ᠠᠯᠪᠠᠨ | ᠵᠢᠷᠤᠮ ᠤᠨ ᠪᠤᠰᠤ ᠰᠤᠷᠭᠠᠨ ᠬᠥᠮᠦᠵᠢᠯ ᠤᠨ ᠬᠥᠮᠦᠵᠢᠭᠦᠯᠬᠦ ᠥᠪᠡᠷ ᠤᠨ ᠥᠷᠲᠡᠭ ᠢ ᠬᠤᠪᠢᠳᠠᠨ ᠡᠭᠦᠷᠭᠡᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠡᠷᠬᠡ ᠮᠡᠳᠡᠯ ᠪᠠ ᠬᠠᠷᠢᠶ᠎ᠠ ᠣᠷᠣᠨᠴᠢᠯᠠᠬᠤ ᠵᠠᠷᠴᠢᠮ | ᠶᠣᠰᠣᠭᠠᠷ᠂ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ᠂ ᠬᠥᠮᠦᠵᠢᠭᠦᠯᠬᠦ ᠥᠪᠡᠷ ᠤᠨ ᠥᠷᠲᠡᠭ ᠪᠠ ᠣᠯᠠᠨ | ᠲᠦᠮᠡᠨ ᠤ ᠳᠠᠭᠠᠭᠠᠬᠤ ᠴᠢᠳᠠᠪᠤᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠰᠤᠷᠤᠯᠭ᠎ᠠ ᠶᠢᠨ | ᠰᠦᠢᠳᠭᠡᠯ ︵ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠵᠠᠷᠤᠳᠠᠯ︶ ᠵᠡᠷᠭᠡ ᠪᠠᠷᠢᠮᠵᠢᠶ᠎ᠠ ᠶᠢ ᠵᠦᠶ ᠵᠣᠬᠢᠰᠲᠠᠶ | ᠲᠣᠭᠲᠠᠭᠠᠵᠤ᠂ ᠵᠣᠭᠤᠰ ᠰᠠᠯᠭᠠᠨ ᠥᠭᠬᠦ᠂ ᠵᠣᠭᠤᠰ ᠢᠶᠠᠷ ᠲᠤᠰᠠᠯᠠᠬᠤ ᠬᠢᠷᠢ ᠬᠡᠮᠵᠢᠶ᠎ᠡ ᠵᠡᠷᠭᠡ ᠯᠦᠭᠡ ᠵᠣᠬᠢᠴᠠᠯᠳᠤᠭᠰᠠᠨ | ᠰᠦᠢᠳᠭᠡᠯ ᠬᠤᠷᠢᠶᠠᠬᠤ ᠪᠠᠷᠢᠮᠵᠢᠶ᠎ᠠ ᠶᠢᠨ ᠬᠥᠳᠡᠯᠦᠩᠭᠦᠶ ᠳᠣᠭᠢᠷᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠳᠡᠢ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠲᠣᠭᠤᠷᠢᠭ ᠤᠨ ᠵᠠᠰᠠᠭ ᠤᠨ ᠣᠷᠳᠣᠨ︶ | ︵ᠳᠥᠷᠪᠡ︶ ᠰᠤᠷᠭᠠᠨ ᠬᠥᠮᠦᠵᠢᠯ ᠤᠨ ᠵᠠᠷᠤᠳᠠᠯ ᠢ ᠣᠯᠠᠨ ᠠᠷᠭ᠎ᠠ ᠵᠠᠮ ᠢᠶᠠᠷ ᠴᠤᠭᠯᠠᠭᠤᠯᠬᠤ ᠬᠡᠷᠡᠭᠳᠡᠢ᠃ | ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠶᠢ ᠲᠣᠭᠲᠠᠭᠠᠯ ᠶᠣᠰᠣᠭᠠᠷ ᠲᠤᠭ᠎ᠠ ᠶᠣᠰᠣᠭᠠᠷ ᠨᠢ ᠲᠠᠲᠠᠪᠤᠷᠢᠯᠠᠵᠤ᠂ | ᠲᠤᠭ᠎ᠠ ᠶᠣᠰᠣᠭᠠᠷ ᠨᠢ ᠰᠤᠷᠭᠠᠨ ᠬᠥᠮᠦᠵᠢᠯ ᠳᠤ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠳᠡᠢ᠃ ᠰᠤᠷᠭᠠᠨ | ᠬᠥᠮᠦᠵᠢᠯ ᠤᠨ ᠨᠡᠮᠡᠯᠲᠡ ᠵᠠᠷᠤᠳᠠᠯ ᠪᠠ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠲᠦᠷᠢᠮ ᠢ ᠪᠠᠶᠢᠭᠤᠯᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠠᠴᠠ ᠬᠠᠭᠠᠰ ᠵᠢᠯ ᠪᠦᠷᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠨᠢᠭᠡ ᠤᠳᠠᠭ᠎ᠠ | ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ ᠲᠠᠲᠠᠪᠤᠷᠢᠯᠠᠭᠰᠠᠨ ᠪᠠᠶᠢᠳᠠᠯ ᠢ ᠮᠡᠳᠡᠭᠳᠡᠬᠦ ᠶᠢᠨ ᠬᠠᠮᠲᠤ ᠲᠤᠰ ᠱᠠᠲᠤᠨ ᠤ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠬᠠᠭᠤᠯᠤᠨ ᠬᠦᠷᠭᠡᠬᠦ ᠬᠡᠷᠡᠭᠲᠡᠶ᠃ ᠨᠡᠶᠢᠭᠡᠮ ᠤᠨ | ᠣᠷᠣᠭᠤᠯᠤᠯᠲᠠ ᠶᠢ ᠥᠷᠭᠡᠳᠬᠡᠬᠦ ᠶᠢ ᠵᠣᠷᠢᠭᠵᠢᠭᠤᠯᠵᠤ᠂ ᠨᠡᠶᠢᠭᠡᠮ ᠤᠨ ᠬᠦᠴᠦᠨ ᠤ ᠰᠤᠷᠭᠠᠨ ᠬᠥᠮᠦᠵᠢᠯ ᠡᠷᠬᠢᠯᠡᠬᠦ ᠶᠢ | ᠲᠡᠮᠵᠢᠵᠤ᠂ ᠰᠤᠷᠭᠠᠨ ᠬᠥᠮᠦᠵᠢᠯ ᠤᠨ ᠵᠠᠷᠤᠳᠠᠯ ᠤᠨ ᠶᠡᠷᠦᠩᠬᠡᠶ ᠣᠷᠣᠭᠤᠯᠤᠯᠲᠠ ᠳᠠᠬᠢ ᠨᠡᠶᠢᠭᠡᠮ ᠤᠨ | ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠳᠡᠢ᠃ ᠡᠯ᠎ᠡ | ᠲᠣᠭᠤᠷᠢᠭ ᠨᠢ ᠵᠠᠰᠠᠭ ᠤᠨ ᠣᠷᠳᠣᠨ ᠠᠴᠠ ᠨᠥᠬᠦᠪᠥᠷᠢ ᠥᠭᠬᠦ᠂ ᠵᠠᠰᠠᠭ ᠤᠨ ᠣᠷᠳᠣᠨ ᠠᠴᠠ ᠦᠢᠯᠡᠴᠢᠯᠡᠭᠡ | ᠬᠤᠳᠠᠯᠳᠤᠨ ᠠᠪᠬᠤ᠂ ᠰᠠᠭᠤᠷᠢ ᠮᠥᠩᠭᠦ ᠪᠠᠷ ᠱᠠᠩᠨᠠᠬᠤ᠂ ᠡᠳ᠋ ᠮᠥᠩᠭᠦ ᠪᠠᠷ ᠲᠤᠰᠠᠯᠠᠵᠤ ᠤᠷᠮᠠᠰᠢᠭᠤᠯᠬᠤ᠂ ᠭᠠᠵᠠᠷ | ᠰᠢᠷᠣᠶ ᠶᠢ ᠰᠢᠯᠵᠢᠭᠦᠯᠦᠨ ᠥᠭᠬᠦ ᠵᠡᠷᠭᠡ ᠲᠥᠷᠥ ᠶᠢᠨ ᠪᠣᠳᠣᠯᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠭᠠᠶᠢᠯᠢ | ᠰᠦᠢᠳᠭᠡᠯ ᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠪᠠ ᠠᠳᠠᠯᠢ ᠲᠡᠭᠰᠢ ᠪᠠᠷ ᠲᠤᠰᠠᠯᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠡᠶᠢᠭᠡᠮ ᠤᠨ ᠬᠦᠴᠦᠨ ᠢ ᠬᠥᠲᠥᠯᠦᠨ ᠵᠢᠯᠣᠭᠤᠳᠴᠤ ᠪᠠᠶᠢᠭᠠᠳ ᠰᠤᠷᠭᠠᠨ | ᠬᠥᠮᠦᠵᠢᠯ ᠤᠨ ᠣᠷᠣᠭᠤᠯᠤᠯᠲᠠ ᠶᠢ ᠨᠡᠮᠡᠭᠳᠡᠭᠦᠯᠬᠦ ᠬᠡᠷᠡᠭᠲᠡᠶ᠃ ᠨᠡᠶᠢᠭᠡᠮ ᠤᠨ ᠬᠠᠨᠳᠢᠪᠯᠠᠨ ᠬᠦᠷᠭᠡᠭᠰᠡᠨ ᠣᠷᠣᠯᠭ᠎ᠠ ᠶᠢᠨ | ᠡᠳ᠋ ᠤᠨ ᠵᠠᠰᠠᠭ ᠤᠨ ᠳᠤᠬᠢᠷᠠᠭᠤᠯᠤᠯᠳᠠ ᠶᠢᠨ ᠬᠠᠷᠢᠴᠠᠯ ᠤᠨ ᠳᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠬᠠᠨᠳᠢᠪᠯᠠᠨ ᠬᠦᠷᠭᠡᠭᠰᠡᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠢ ᠪᠠᠶᠢᠭᠤᠯᠵᠤ᠂ ᠰᠤᠷᠭᠠᠨ ᠬᠥᠮᠦᠵᠢᠯ ᠤᠨ ᠰᠠᠭᠤᠷᠢ | ᠮᠥᠩᠭᠦᠨ ᠤ ᠨᠡᠶᠢᠭᠡᠮᠯᠢᠭ ᠤᠨ ᠦᠢᠯᠡᠳᠦᠯ ᠢ ᠨᠢ ᠪᠠᠳᠠᠷᠠᠭᠤᠯᠤᠨ᠂ ᠨᠡᠶᠢᠭᠡᠮ ᠨᠡᠶᠢᠲᠡ ᠶᠢᠨ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠬᠤᠪᠢ ᠬᠥᠮᠦᠨ ᠪᠠ ᠤᠯᠤᠰ ᠤᠨ ᠳᠣᠲᠣᠭᠠᠳᠤ ᠭᠠᠳᠠᠭᠠᠳᠤ ᠶᠢᠨ | ᠨᠥᠬᠦᠷᠰᠡᠭ ᠪᠦᠯᠬᠦᠮ ᠤᠳ ᠢ ᠲᠠᠶᠢᠴᠢᠯᠠᠨ ᠵᠣᠷᠢᠭᠵᠢᠭᠤᠯᠵᠤ ᠪᠠᠶᠢᠭᠠᠳ ᠵᠣᠭᠤᠰ ᠮᠥᠩᠭᠦ ᠪᠠᠷ ᠰᠤᠷᠤᠯᠭ᠎ᠠ ᠶᠢ | ᠲᠡᠳᠬᠦᠭᠦᠯᠵᠦ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠬᠦ ᠬᠡᠷᠡᠭᠳᠡᠢ᠃ ︵ | ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | ᠳᠥᠷᠪᠡ᠂ ᠭᠤᠤᠯᠳᠠᠯᠭ᠎ᠠ ᠲᠠᠢ ᠡᠭᠦᠷᠭᠡ | ︵ᠲᠠᠪᠤ︶ ᠰᠤᠷᠭᠠᠨ ᠬᠥᠮᠦᠵᠢᠯ ᠤᠨ ᠵᠠᠷᠤᠳᠠᠯ ᠤᠨ ᠵᠠᠷᠤᠯᠭ᠎ᠠ ᠶᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠬᠦ ᠬᠡᠷᠡᠭᠳᠡᠢ᠃ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ | ᠲᠤᠮᠳᠠ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠲᠠᠢ ᠨᠢᠭᠡᠳᠦᠯᠲᠡᠶ ᠲᠥᠯᠥᠪᠯᠡᠨ ᠵᠣᠯᠭᠠᠭᠤᠯᠬᠤ ᠶᠢ | ᠴᠢᠩᠭᠠᠳᠬᠠᠬᠤ ᠬᠡᠷᠡᠭᠳᠡᠢ᠃ ᠲᠤᠮᠳᠠ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠳᠤ ᠰᠤᠷᠭᠠᠨ | ᠬᠥᠮᠦᠵᠢᠯ ᠤᠨ ᠵᠠᠷᠤᠳᠠᠯ ᠤᠨ ᠬᠡᠷᠡᠭᠴᠡᠭᠡ ᠶᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠳᠤ ᠱᠠᠳᠤ ᠦᠶ᠎ᠡ ᠶᠢᠨ ᠴᠢᠨᠠᠷᠲᠠᠶ ᠬᠠᠷᠠᠯᠲᠠ ᠪᠠ ᠡᠭᠦᠷᠭᠡ ᠶᠢ ᠵᠦᠢ ᠵᠣᠬᠢᠰᠲᠠᠶ ᠪᠠᠷ ᠲᠣᠭᠲᠠᠭᠠᠵᠤ᠂ | ᠬᠥᠭᠵᠢᠯᠲᠡ ᠶᠢᠨ ᠱᠠᠳᠤ ᠦᠶ᠎ᠡ ᠠᠴᠠ ᠳᠠᠪᠠᠭᠰᠠᠨ᠂ ᠰᠤᠷᠭᠠᠨ ᠬᠥᠮᠦᠵᠢᠯ ᠤᠨ ᠵᠢᠮ᠎ᠡ ᠶᠣᠰᠣ ᠠᠴᠠ ᠵᠥᠷᠢᠴᠡᠭᠰᠡᠨ᠂ | ᠦᠷᠭᠦᠯᠵᠢᠯᠡᠵᠦ ᠦᠯᠦ ᠴᠢᠳᠠᠬᠤ ᠲᠦᠷᠦ ᠶᠢᠨ ᠪᠤᠳᠤᠯᠭ᠎ᠠ ᠶᠢ ᠴᠠᠭ ᠲᠤᠬᠠᠶ ᠳᠤᠨᠢ ᠲᠣᠬᠢᠷᠠᠭᠤᠯᠬᠤ ᠬᠡᠷᠡᠭᠲᠡᠶ᠃ ︽ | ᠭᠤᠤᠯᠳᠠᠯᠭ᠎ᠠ ᠶᠢ ᠠᠳᠬᠤᠬᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠶ ᠲᠠᠯ᠎ᠠ ᠪᠠᠨ ᠴᠢᠩᠭᠠᠷᠠᠭᠤᠯᠬᠤ︾ | ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠯᠡᠬᠦ ᠵᠠᠷᠴᠢᠮ ᠶᠣᠰᠣᠭᠠᠷ᠂ ᠰᠤᠷᠭᠠᠨ ᠬᠥᠮᠦᠵᠢᠯ ᠤᠨ ᠵᠠᠷᠤᠳᠠᠯ ᠢ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠭᠦᠯᠬᠦ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠶᠢᠳᠡᠮ ᠬᠠᠷᠠᠭᠠᠯᠵᠠᠵᠤ ᠲᠠᠰ ᠳᠡᠪᠰᠢᠭᠦᠯᠬᠦ᠂ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠨ᠎ᠡ ᠰᠢᠯᠭᠠᠯᠲᠠ ᠶᠢᠨ ᠥᠭᠡᠷᠡᠴᠢᠯᠡᠯᠲᠡ᠂ ᠪᠠᠭᠰᠢ ᠶᠢᠨ | ᠡᠩᠨᠡᠭᠡ ᠶᠢᠨ ᠪᠠᠲᠤᠯᠠᠭ᠎ᠠ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠵᠡᠷᠭᠡ ᠪᠠᠭᠤᠷᠠᠶ | ᠭᠤᠭᠴᠤᠭ᠎ᠠ ᠳᠤ ᠭᠤᠤᠯᠳᠠᠯᠭ᠎ᠠ ᠲᠠᠢ ᠪᠠᠷ ᠬᠡᠷᠡᠭᠯᠡᠵᠦ᠂ ᠠᠷᠠᠳ ᠣᠯᠠᠨ ᠤ ᠠᠩᠬᠠᠷᠴᠤ ᠪᠠᠶᠢᠭ᠎ᠠ ︽ᠰᠤᠷᠭᠠᠭᠤᠯᠢ | ᠰᠣᠩᠭᠤᠬᠤ ᠬᠠᠯᠠᠮᠰᠢᠯ︾ ︽ᠴᠡᠴᠡᠷᠯᠢᠭ ᠲᠤ ᠣᠷᠣᠬᠤ ᠳᠤ ᠬᠦᠴᠢᠷᠲᠡᠶ︾ ᠪᠠ ︽ᠴᠡᠴᠡᠷᠯᠢᠭ ᠲᠤ ᠣᠷᠣᠬᠤ ᠳᠤ | ᠦᠨᠡᠲᠡᠶ︾ ᠵᠡᠷᠭᠡ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠳᠡᠢ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ ᠲᠣᠭᠤᠷᠢᠭ ᠤᠨ ᠵᠠᠰᠠᠭ ᠤᠨ ᠣᠷᠳᠣᠨ︶ | ︵ᠵᠢᠷᠭᠤᠭ᠎ᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠬᠦ ᠶᠢ | ᠭᠤᠤᠯᠳᠠᠯᠭ᠎ᠠ ᠲᠠᠢ ᠪᠠᠲᠤᠯᠠᠬᠤ ᠭᠡᠷᠡᠭᠳᠡᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠤᠷᠭᠠᠨ ᠬᠥᠮᠦᠵᠢᠯ ᠤᠨ | ᠣᠷᠣᠭᠤᠯᠤᠯᠲᠠ ᠶᠢᠨ ᠴᠢᠬᠤᠯᠠ ᠠᠴᠠ ᠴᠢᠬᠤᠯᠠ ᠵᠦᠢᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠵᠠᠰᠠᠭ ᠤᠨ | ᠣᠷᠳᠣᠨ ᠤ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠳᠡᠢ᠃ ᠬᠤᠳᠠ ᠬᠥᠳᠡᠭᠡ ᠶᠢᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠠᠯᠪᠠᠨ ᠬᠡᠷᠡᠭᠯᠡᠭᠡᠨ ᠤ ᠵᠠᠷᠤᠳᠠᠯ ᠤᠨ ᠨᠢᠭᠡᠳᠦᠯᠲᠡᠶ ᠰᠠᠭᠤᠷᠢ ᠪᠠᠷᠢᠮᠵᠢᠶᠠᠨ ᠤ | ᠲᠤᠭᠳᠠᠭᠠᠰᠠᠨ ᠨᠤᠷᠮ᠎ᠠ ᠶᠢ ᠬᠡᠷᠡᠭᠵᠢᠬᠦᠯᠬᠦ ᠬᠡᠷᠡᠭᠳᠡᠢ᠃ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠳᠤ | ᠪᠠᠶᠢᠷᠢ ᠳᠤ ᠰᠠᠭᠤᠬᠤ ᠰᠣᠷᠣᠭᠴᠢ ᠶᠢᠨ ᠵᠢᠯ ᠤᠨ ᠰᠣᠷᠣᠭᠴᠢ ᠳᠤᠮᠳᠠᠴᠢ ᠪᠠᠷ 200 ᠲᠥᠭᠦᠷᠢᠭ ᠤᠨ ᠪᠠᠷᠢᠮᠵᠢᠶ᠎ᠠ ᠪᠠᠷ | ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠥᠷᠢ ᠶᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠨᠠᠶᠢᠳᠠᠪᠤᠷᠢᠵᠢᠭᠤᠯᠵᠤ᠂ ᠵᠢᠯ ᠤᠨ ᠰᠣᠷᠣᠭᠴᠢ ᠳᠤᠮᠳᠠᠴᠢ ᠪᠠᠷ 215 ᠲᠥᠭᠦᠷᠢᠭ ᠤᠨ ᠳᠤᠯᠠᠭᠠᠯᠠᠭ᠎ᠠ ᠶᠢᠨ | ᠵᠠᠷᠤᠳᠠᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠪᠦᠬᠦᠨ ᠳᠤ ᠬᠦᠷᠲᠡᠯ᠎ᠡ ᠥᠷᠭᠡᠳᠬᠡᠬᠦ ᠶᠢ ᠦᠨᠡᠨ ᠬᠦ ᠪᠠᠲᠤᠯᠠᠬᠤ ᠬᠡᠷᠡᠭᠳᠡᠢ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ᠪᠣᠯᠤᠨ | ᠠᠩᠭᠢ ᠳᠠᠭᠠᠵᠤ ᠰᠤᠷᠤᠯᠴᠠᠬᠤ ᠵᠡᠮᠳᠡᠭ ᠰᠤᠷᠤᠭᠴᠢᠳ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠠᠰ ᠲᠤᠨᠢ ᠬᠢᠨᠠᠨ | ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠵᠤ᠂ ᠵᠢᠯ ᠳᠤ ᠰᠣᠷᠣᠭᠴᠢ ᠳᠤᠮᠳᠠᠴᠢ ᠪᠠᠷ 6000 ᠲᠥᠭᠦᠷᠢᠭ ᠤᠨ | ᠪᠠᠷᠢᠮᠵᠢᠶ᠎ᠠ ᠪᠠᠷ ᠵᠠᠷᠤᠳᠠᠯ ᠢ ᠲᠣᠭᠲᠠᠭᠠᠨ᠂ ᠵᠠᠷᠤᠳᠠᠯ ᠢ ᠰᠤᠷᠭᠠᠭᠤᠯᠢ ᠳᠤ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠳᠡᠢ᠃ ᠦᠨᠳᠦᠰᠦᠲᠡᠨ ᠤ ᠰᠤᠷᠭᠠᠨ ᠬᠥᠮᠦᠵᠢᠯ ᠳᠠᠬᠢ ᠣᠷᠣᠭᠤᠯᠤᠯᠲᠠ ᠶᠢᠨ ᠬᠡᠯᠪᠠᠶᠢᠯᠲᠡ ᠶᠢᠨ | ᠡᠷᠴᠢᠮ ᠢᠶᠠᠨ ᠴᠢᠩᠭᠠᠷᠠᠭᠤᠯᠵᠤ᠂ ᠬᠤᠤᠰ ᠬᠡᠯᠡ ᠪᠠᠷ ᠬᠢᠴᠢᠶᠡᠯᠯᠡᠬᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠰᠠᠭᠤᠷᠢ ᠪᠠᠷᠢᠮᠵᠢᠶᠠᠨ ᠤ ᠲᠤᠭᠳᠠᠭᠠᠰᠠᠨ ᠨᠤᠷᠮ᠎ᠠ ᠶᠢᠨ | ᠰᠠᠭᠤᠷᠢᠨ ᠳᠡᠭᠡᠷ᠎ᠡ 10% ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠃ | ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠡᠷᠢᠭᠦᠨ ᠤ ᠵᠢᠭᠠᠨ | ᠰᠤᠷᠭᠠᠬᠤ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠰᠤᠷᠭᠠᠭᠤᠯᠢ ᠡᠷᠭᠢᠯᠡᠬᠦ ᠲᠥᠬᠦᠭᠡᠷᠦᠮᠵᠢ ᠪᠠᠨ | ᠰᠠᠶᠢᠵᠢᠷᠠᠭᠤᠯᠤᠨ᠂ ᠪᠥᠬᠦ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠰᠤᠷᠭᠠᠭᠤᠯᠢ ᠡᠷᠭᠢᠯᠡᠬᠦ ᠨᠥᠬᠦᠴᠡᠯ ᠢ ᠡᠷᠬᠢᠨ ᠲᠣᠭᠤᠷᠢᠨ ᠤ ᠭᠠᠵᠠᠷ ᠣᠷᠣᠨ ᠠᠴᠠ ᠳᠠᠪᠠᠭᠤᠯᠢᠭ ᠪᠠᠶᠢᠯᠭᠠᠬᠤ ᠬᠡᠷᠡᠭᠳᠡᠢ | ᠃ ᠬᠤᠲᠠ ᠶᠢᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢ | ᠰᠡᠯᠪᠢᠨ ᠵᠠᠰᠠᠵᠤ ᠥᠭᠡᠷᠡᠴᠢᠯᠡᠬᠦ ᠰᠠᠭᠤᠷᠢ ᠮᠥᠩᠭᠦ ᠶᠢ ᠪᠠᠶᠢᠭᠤᠯᠵᠤ᠂ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠬᠤ | ᠣᠷᠣᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠴᠠ ᠪᠠᠨ ᠠᠯᠬᠤᠮ | ᠠᠯᠬᠤᠮ ᠢᠶᠠᠷ ᠲᠡᠭᠦᠯᠳᠡᠷᠵᠢᠭᠦᠯᠦᠨ᠂ ᠨᠢᠭᠡᠳᠦᠯᠲᠡᠶ ᠲᠥᠯᠥᠪᠯᠡᠬᠦ ᠡᠷᠴᠢᠮ ᠢᠶᠠᠨ ᠴᠢᠩᠭᠠᠷᠠᠭᠤᠯᠵᠤ᠂ ᠠᠯᠪᠠᠨ ᠠᠴᠠ | ᠡᠷᠭᠢᠯᠡᠭᠰᠡᠨ ᠰᠤᠷᠭᠠᠭᠤᠯᠢ ᠶᠢᠨ ᠰᠡᠯᠪᠢᠨ ᠵᠠᠰᠠᠵᠤ ᠥᠭᠡᠷᠡᠴᠢᠯᠡᠬᠦ᠂ ᠭᠠᠵᠠᠷ ᠬᠥᠳᠡᠯᠦᠯᠲᠡ ᠶᠢ ᠡᠰᠡᠷᠭᠦᠴᠡᠨ | ᠪᠠᠬᠢᠵᠢᠭᠦᠯᠬᠦ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠰᠤᠷᠭᠠᠭᠤᠯᠢ ᠶᠢᠨ ᠪᠠᠶᠢᠷᠢ ᠵᠢᠴᠢ ᠳᠠᠭᠠᠯᠲᠠ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠮᠵᠢᠬᠦ ᠬᠡᠷᠡᠭᠳᠡᠢ︔ ᠰᠤᠷᠭᠠᠭᠤᠯᠢ ᠡᠷᠭᠢᠯᠡᠬᠦ ᠦᠢᠯᠡ | ᠠᠵᠢᠯᠯᠠᠭ᠎ᠠ ᠶᠢ ᠵᠢᠷᠤᠮᠵᠢᠭᠤᠯᠬᠤ ᠪᠠᠷ ᠭᠠᠷᠳᠠᠴᠠ ᠪᠣᠯᠭᠠᠵᠤ᠂ ᠰᠤᠷᠭᠠᠭᠤᠯᠢ ᠡᠷᠭᠢᠯᠡᠬᠦ ᠬᠠᠮᠢᠶᠠᠷᠤᠯᠲᠠ ᠶᠢᠨ | ᠰᠢᠮᠳᠠᠭᠤᠯᠤᠨ ᠪᠠᠶᠢᠴᠠᠭᠠᠬᠤ ᠶᠢ ᠵᠢᠷᠤᠮᠵᠢᠭᠤᠯᠬᠤ ᠪᠠᠨ ᠴᠢᠩᠭᠠᠷᠠᠭᠤᠯᠬᠤ ᠬᠡᠷᠡᠭᠳᠡᠢ᠃ ᠬᠡᠷ ᠣᠶᠢᠷᠠᠯᠴᠠᠭ᠎ᠠ | ᠰᠤᠷᠭᠠᠭᠤᠯᠢ ᠳᠤ ᠣᠷᠣᠬᠤ᠂ ᠬᠡᠰᠡᠭ ᠬᠤᠪᠢᠶᠠᠨ ᠰᠣᠷᠣᠭᠴᠢ ᠡᠯᠰᠡᠬᠦ ᠪᠠ ᠢᠯᠡ ᠪᠠᠷ ᠠᠩᠭᠢ ᠬᠤᠪᠢᠶᠠᠬᠤ ᠵᠡᠷᠭᠡ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠡᠯᠢᠶᠡᠳ ᠲᠣᠭᠲᠠᠪᠤᠷᠢᠲᠠᠶ ᠪᠥᠭᠡᠳ ᠦᠷᠭᠦᠯᠵᠢᠯᠡᠭᠰᠡᠨ ᠡᠷᠬᠡ | ᠲᠡᠭᠰᠢ ᠪᠠᠷ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠪᠣᠶ ᠪᠣᠯᠭᠠᠵᠤ᠂ ᠰᠤᠷᠭᠠᠭᠤᠯᠢ ᠳᠤ ᠣᠷᠣᠬᠤ | ᠲᠥᠷᠥ ᠶᠢᠨ ᠪᠣᠳᠣᠯᠭ᠎ᠠ ᠶᠢ ᠨᠡᠶᠢᠭᠡᠮ ᠨᠡᠶᠢᠲᠡ ᠳᠤ ᠤᠷᠢᠳᠴᠢᠯᠠᠨ ᠢᠯᠡ ᠨᠡᠶᠢᠲᠡᠯᠡᠬᠦ ᠬᠡᠷᠡᠭᠳᠡᠢ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠦᠨᠳᠦᠰᠦᠨ ᠳᠡᠭᠡᠨ ᠲᠡᠩᠴᠡᠭᠦᠷᠢᠲᠡᠶ ᠪᠠᠶᠢᠬᠤ ᠦᠷ᠎ᠡ ᠪᠦᠲᠦᠭᠡᠯ ᠢ ᠪᠠᠬᠢᠵᠢᠭᠦᠯᠵᠦ᠂ | ᠦᠨᠳᠦᠰᠦᠨ ᠳᠡᠭᠡᠨ ᠲᠡᠩᠴᠡᠭᠦᠷᠢᠲᠡᠶ ᠪᠠᠶᠢᠬᠤ ᠶᠢ ᠬᠢᠨᠠᠨ ᠬᠡᠮᠵᠢᠬᠦ ᠪᠠ ᠳᠠᠪᠲᠠᠨ ᠪᠠᠶᠢᠴᠠᠭᠠᠬᠤ ᠠᠵᠢᠯ ᠢ ᠦᠷᠭᠦᠯᠵᠢᠯᠡᠨ | ᠥᠷᠨᠢᠭᠦᠯᠬᠦ ᠬᠡᠷᠡᠭᠳᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠬᠢᠨᠠᠨ | ᠵᠢᠯᠣᠭᠤᠳᠴᠤ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ︾ ᠶᠣᠰᠣᠭᠠᠷ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ᠂ ᠵᠠᠰᠠᠭ ᠤᠨ | ᠣᠷᠳᠣᠨ ᠤ ᠪᠠᠲᠤᠯᠠᠭ᠎ᠠ ᠶᠢᠨ ᠬᠡᠮᠵᠢᠶ᠎ᠡ᠂ ᠰᠤᠷᠭᠠᠨ ᠬᠥᠮᠦᠵᠢᠯ ᠤᠨ ᠶᠠᠰᠤ ᠴᠢᠨᠠᠷ᠂ ᠨᠡᠶᠢᠭᠡᠮ ᠤᠨ ᠮᠡᠳᠡᠷᠡᠮᠵᠢ ᠶᠢᠨ | ᠬᠡᠮᠵᠢᠶ᠎ᠡ ᠵᠡᠷᠭᠡ ᠳᠥᠷᠪᠡᠨ ᠲᠠᠯ᠎ᠠ ᠶᠢᠨ ᠬᠦᠢᠴᠡᠳᠭᠡᠯ ᠲᠤᠭᠠᠨ ᠤ ᠱᠠᠭᠠᠷᠳᠠᠯᠭ᠎ᠠ ᠶᠢ ᠪᠡᠶᠡᠯᠡᠭᠦᠯᠵᠦ᠂ ᠡᠯ᠎ᠡ | ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠳᠠᠰᠢ ᠠᠬᠢᠬᠤ ᠶᠢ | ᠠᠯᠬᠤᠮ ᠠᠯᠬᠤᠮ ᠢᠶᠠᠷ ᠠᠬᠢᠭᠤᠯᠬᠤ ᠬᠡᠷᠡᠭᠳᠡᠢ᠃ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠰᠢᠷᠢᠰ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ᠂ ᠪᠠᠭᠰᠢ ᠶᠢᠨ | ᠣᠷᠣᠨ ᠲᠤᠭ᠎ᠠ᠂ ᠰᠣᠷᠣᠭᠴᠢ ᠨᠢᠭᠡᠪᠦᠷᠢ ᠳᠤ ᠲᠡᠭᠰᠢᠳᠬᠡᠭᠰᠡᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ | ᠪᠠᠷᠢᠮᠵᠢᠶᠠᠨ ᠤ ᠲᠤᠭᠳᠠᠭᠠᠰᠠᠨ ᠨᠤᠷᠮ᠎ᠠ᠂ ᠦᠨᠳᠦᠰᠦᠨ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ | ᠪᠠᠷᠢᠮᠵᠢᠶ᠎ᠠ ᠬᠡᠬᠦ ︽ᠳᠥᠷᠪᠡ ᠶᠢ ᠨᠢᠭᠡᠳᠦᠯᠲᠡᠶ ᠪᠠᠶᠢᠯᠭᠠᠬᠤ︾ ᠶᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠤᠲᠠ ᠬᠥᠳᠡᠭᠡ᠂ ᠣᠷᠣᠨ ᠪᠦᠰᠡ᠂ ᠰᠤᠷᠭᠠᠭᠤᠯᠢ ᠶᠢᠨ ᠬᠤᠭᠤᠷᠣᠨᠳᠣᠬᠢ᠂ ᠬᠥᠮᠦᠰ ᠤᠨ | ᠬᠤᠭᠤᠷᠣᠨᠳᠣᠬᠢ ᠵᠥᠷᠢᠶ᠎ᠡ ᠶᠢ ᠬᠦᠴᠦᠯᠡᠨ ᠪᠠᠭᠠᠰᠬᠠᠬᠤ ᠬᠡᠷᠡᠭᠳᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠯ᠎ᠡ ᠲᠣᠭᠤᠷᠢᠭ ᠤᠨ ᠵᠠᠰᠠᠭ ᠤᠨ ᠣᠷᠳᠣᠨ︶ | ︵ᠳᠣᠯᠤᠭ᠎ᠠ︶ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠪᠠᠲᠤᠯᠠᠭ᠎ᠠ ᠶᠢᠨ ᠬᠢᠷᠢ ᠲᠦᠪᠰᠢᠨ ᠢᠶᠠᠨ | ᠳᠡᠭᠡᠭᠰᠢᠯᠡᠭᠦᠯᠬᠦ ᠬᠡᠷᠡᠭᠳᠡᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠰᠤᠷᠭᠠᠨ ᠬᠥᠮᠦᠵᠢᠯ ᠤᠨ | ᠣᠷᠣᠭᠤᠯᠤᠯᠲᠠ ᠶᠢᠨ ᠭᠤᠣᠯᠳᠠᠯᠭ᠎ᠠ ᠪᠣᠯᠭᠠᠨ ᠡᠩ ᠲᠡᠷᠢᠭᠦᠨ ᠳᠤ ᠪᠠᠲᠤᠯᠠᠵᠤ᠂ ᠰᠢᠯᠢᠳᠡᠭ ᠴᠢᠳᠠᠪᠤᠷᠢᠲᠠᠨ ᠢ ᠲᠠᠳᠠᠨ | ᠠᠪᠴᠢᠷᠠᠵᠤ ᠰᠤᠷᠭᠠᠨ ᠬᠥᠮᠦᠵᠢᠯ ᠤᠨ ᠦᠢᠯᠡᠰ ᠲᠤ ᠣᠷᠣᠯᠴᠠᠭᠤᠯᠬᠤ ᠶᠢ ᠵᠣᠷᠢᠭᠵᠢᠭᠤᠯᠵᠤ᠂ ᠪᠠᠭᠰᠢ ᠨᠠᠷ ᠢ ᠪᠦᠬᠦ | ᠨᠡᠶᠢᠭᠡᠮ ᠢᠶᠠᠷ ᠢᠶᠠᠨ ᠬᠦᠨᠳᠦᠳᠬᠡᠬᠦ ᠠᠵᠢᠯ ᠮᠡᠷᠭᠡᠵᠢᠯ ᠪᠣᠯᠭᠠᠬᠤ ᠪᠠᠷ ᠴᠢᠷᠮᠠᠶᠢᠬᠤ ᠬᠡᠷᠡᠭᠳᠡᠢ᠃ ᠡᠳ᠋ ᠤᠨ ᠵᠠᠰᠠᠭ ᠤᠨ | ᠰᠤᠷᠭᠠᠨ ᠬᠥᠮᠦᠵᠢᠯ ᠤᠨ ᠵᠠᠷᠤᠳᠠᠯ ᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠳᠠᠨ ᠤ ᠴᠠᠯᠢᠩ ᠥᠭᠬᠦ ᠶᠢ | ᠤᠷᠢᠳᠠᠪᠠᠷ ᠪᠠᠲᠤᠯᠠᠬᠤ ᠬᠡᠷᠡᠭᠲᠡᠶ᠃ ᠪᠠᠭᠰᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ | ᠬᠤᠲᠠ ᠬᠥᠳᠡᠭᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢᠨ ᠨᠢᠭᠡᠳᠦᠯᠲᠡᠶ | ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠨᠥᠬᠦᠴᠡᠯ ᠳᠤ ᠨᠡᠶᠢᠴᠡᠬᠦ ᠣᠷᠣᠨ ᠲᠤᠭ᠎ᠠ ᠳᠤ ᠪᠠᠶᠢᠭ᠎ᠠ ᠥᠬᠡᠶ ᠪᠠᠭᠰᠢ ᠶᠢ | ᠲᠣᠭᠲᠠᠭᠰᠠᠨ ᠲᠠᠰ ᠳᠠᠷᠠᠭᠠᠯᠠᠯ ᠢᠶᠠᠷ ᠣᠷᠣᠨ ᠲᠤᠭ᠎ᠠ ᠳᠤ ᠣᠷᠣᠭᠤᠯᠬᠤ ᠶᠢ ᠲᠦᠷᠭᠡᠳᠬᠡᠬᠦ ᠶᠢᠨ ᠬᠠᠮᠲᠤ ᠠᠳᠠᠯᠢ | ᠠᠵᠢᠯ ᠳᠤ ᠠᠳᠠᠯᠢ ᠬᠥᠯᠥᠰᠥ ᠣᠯᠭᠤᠬᠤ ᠶᠢ ᠬᠡᠷᠡᠭᠵᠢᠭᠦᠯᠬᠦ ᠬᠡᠷᠡᠭᠲᠡᠶ᠃ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠶᠢᠨ ᠴᠠᠯᠢᠩ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠪᠦᠷᠢᠨᠰᠢᠬᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠬᠢᠨᠠᠨ | ᠲᠣᠭᠲᠠᠭᠠᠬᠤ ᠳᠠᠭᠠᠨ ᠲᠤᠬᠠᠶ ᠶᠢᠨ ᠭᠠᠵᠠᠷ ᠤᠨ ᠠᠯᠪᠠᠲᠠᠨ ᠤ ᠴᠠᠯᠢᠩ ᠤᠨ ᠣᠷᠣᠯᠭ᠎ᠠ ᠶᠢᠨ ᠬᠢᠷᠢ ᠬᠡᠮᠵᠢᠶ᠎ᠡ ᠶᠢ | ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠲᠤᠬᠠᠶ ᠶᠢᠨ ᠭᠠᠵᠠᠷ ᠤᠨ ᠠᠯᠪᠠᠲᠠᠨ ᠤ ᠴᠠᠯᠢᠩ ᠤᠨ ᠣᠷᠣᠯᠭ᠎ᠠ ᠯᠤᠭ᠎ᠠ | ᠵᠡᠷᠭᠡ ᠪᠠᠷ ᠲᠣᠬᠢᠷᠠᠭᠤᠯᠬᠤ ᠶᠢ ᠪᠡᠶᠡᠯᠡᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠤᠮᠳᠠᠴᠢ | ᠴᠠᠯᠢᠩ ᠤᠨ ᠣᠷᠣᠯᠭ᠎ᠠ ᠶᠢᠨ ᠬᠢᠷᠢ ᠬᠡᠮᠵᠢᠶ᠎ᠡ ᠶᠢ ᠲᠤᠬᠠᠶ ᠶᠢᠨ ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ | ᠣᠷᠣᠯᠭ᠎ᠠ ᠶᠢᠨ ᠬᠢᠷᠢ ᠬᠡᠮᠵᠢᠶ᠎ᠡ ᠠᠴᠠ ᠲᠤᠤᠷ᠎ᠠ ᠪᠤᠰᠣ ᠪᠤᠶᠤ ᠦᠨᠳᠦᠷ ᠪᠠᠶᠢᠬᠤ ᠶᠢ ᠦᠨᠡᠨᠬᠦ ᠪᠠᠲᠤᠯᠠᠵᠤ᠂ ᠪᠠᠭᠰᠢ | ᠰᠠᠨᠠᠭ᠎ᠠ ᠠᠮᠣᠷ ᠪᠠᠭᠰᠢᠯᠠᠭᠤᠯᠬᠤ ᠬᠡᠷᠡᠭᠳᠡᠢ᠃ ᠦᠬᠠᠶ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠶᠢᠨ | ᠡᠷᠬᠢᠯᠡᠭᠴᠢ ᠶᠢᠨ ᠠᠵᠢᠯ ᠤᠨ ᠪᠠᠶᠢᠷᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠬᠡᠷᠡᠭᠵᠢᠭᠦᠯᠬᠦ ᠪᠠᠷᠢᠮᠵᠢᠶ᠎ᠠ ᠶᠢ | ᠴᠢᠩᠭ᠎ᠠ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠨᠡᠮᠡᠭᠦᠷᠢ ᠶᠢᠨ | ᠪᠠᠷᠢᠮᠵᠢᠶ᠎ᠠ ᠶᠢ ᠪᠠᠭ᠎ᠠ ᠰᠤᠷᠭᠠᠭᠤᠯᠢ ᠶᠢᠨ 600 ᠲᠥᠭᠦᠷᠢᠭ / ᠰᠠᠷ᠎ᠠ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ 700 ᠲᠥᠭᠦᠷᠢᠭ / ᠰᠠᠷ᠎ᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ 800 | ᠲᠥᠭᠦᠷᠢᠭ / ᠰᠠᠷ᠎ᠠ ᠶᠢᠨ ᠶᠣᠰᠣᠭᠠᠷ ᠣᠯᠭᠤᠵᠤ᠂ ᠠᠩᠭᠢ ᠶᠢᠨ ᠡᠷᠬᠢᠯᠡᠭᠴᠢ ᠶᠢᠨ ᠠᠵᠢᠯ ᠤᠨ ᠪᠠᠶᠢᠷᠢ ᠶᠢᠨ ᠲᠠᠲᠠᠬᠤ | ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠲᠠ ᠪᠠᠯᠭᠠᠰᠤᠨ ᠤ | ᠰᠤᠷᠭᠠᠭᠤᠯᠢ ᠠᠴᠠ ᠬᠥᠳᠡᠭᠡ ᠲᠣᠰᠬᠤᠨ ᠤ ᠰᠤᠷᠭᠠᠭᠤᠯᠢ ᠳᠤ ᠣᠴᠢᠵᠤ ᠰᠤᠷᠭᠠᠨ ᠬᠥᠮᠦᠵᠢᠯ ᠢ ᠳᠡᠮᠵᠢᠬᠦ ︵ᠪᠤᠶᠤ | ᠰᠣᠯᠢᠯᠴᠠᠬᠤ︶ ᠵᠠᠮ ᠬᠠᠷᠢᠯᠴᠠᠭ᠎ᠠ᠂ ᠠᠮᠢᠳᠤᠷᠠᠯ ᠤᠨ ᠨᠥᠬᠦᠪᠥᠷᠢ ᠣᠯᠭᠤᠬᠤ ᠳᠦᠷᠢᠮ ᠢ ᠪᠠᠶᠢᠭᠤᠯᠵᠤ᠂ ᠣᠷᠳᠣ | ᠬᠤᠭᠤᠴᠠᠭ᠎ᠠ ᠪᠠᠷ ᠰᠤᠷᠭᠠᠨ ᠬᠥᠮᠦᠵᠢᠯ ᠢ ᠳᠡᠮᠵᠢᠬᠦ ᠬᠥᠮᠦᠰ ᠲᠤ ᠰᠠᠷ᠎ᠠ ᠶᠢᠨ ᠬᠥᠮᠦᠨ ᠳᠤᠮᠳᠠᠴᠢ ᠪᠠᠷ 200 | ᠲᠥᠭᠦᠷᠢᠭ ᠠᠴᠠ ᠳᠣᠤᠷ᠎ᠠ ᠥᠬᠡᠶ ᠪᠠᠷᠢᠮᠵᠢᠶ᠎ᠠ ᠪᠠᠷ ᠰᠢᠶᠠᠩ ᠪᠠᠯᠭᠠᠰᠤᠨ ᠤ ᠨᠥᠬᠦᠪᠥᠷᠢ ᠶᠢ ᠣᠯᠭᠤᠵᠤ᠂ ᠣᠷᠳᠣ | ᠬᠤᠭᠤᠴᠠᠭᠠᠨ ᠤ ᠪᠤᠰᠤ ᠰᠤᠷᠭᠠᠨ ᠬᠥᠮᠦᠵᠢᠯ ᠢ ᠳᠡᠮᠵᠢᠬᠦ ᠬᠥᠮᠦᠰ ᠤᠨ ᠲᠤᠬᠠᠶ ᠶᠢᠨ ᠡᠳᠦᠷ ᠤᠨ ᠢᠷᠡᠵᠦ ᠪᠤᠴᠠᠬᠤ ᠳᠤ | ᠴᠢᠭᠯᠡᠭᠦᠯᠦᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︽ᠦᠬᠠᠶ ᠬᠤᠲᠠ ᠶᠢᠨ ᠲᠣᠰ ᠱᠠᠲᠤᠨ ᠤ | ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠤᠨ | ᠬᠠᠮᠢᠶᠠᠷᠤᠯᠲᠠ ᠶᠢᠨ ᠠᠷᠭ᠎ᠠ ᠶᠢᠨ ᠨᠥᠬᠦᠪᠥᠷᠢ ᠲᠣᠭᠲᠠᠭᠠᠯ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠲᠠᠷᠬᠠᠭᠠᠬᠤ | ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠪᠠᠷ ᠵᠣᠬᠢᠴᠠᠩᠭᠤᠶ ᠨᠥᠬᠦᠪᠥᠷᠢ ᠣᠯᠭᠤᠬᠤ ᠬᠡᠷᠡᠭᠳᠡᠢ᠃ ᠣᠨᠴᠣᠭᠤᠶ | ᠰᠤᠷᠭᠠᠨ ᠬᠥᠮᠦᠵᠢᠯ ᠤᠨ ᠰᠤᠷᠭᠠᠭᠤᠯᠢ ᠶᠢᠨ ︽ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ︾ ᠶᠢ ᠳᠡᠭᠡᠷ᠎ᠡ | ᠳᠤᠷᠠᠳᠤᠭᠰᠠᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠬᠦ ᠬᠡᠷᠡᠭᠳᠡᠢ᠃ ᠲᠠᠷᠢᠶᠠᠯᠠᠬᠤ | ᠣᠷᠣᠨ ᠤ ᠪᠠᠭᠰᠢ ᠶᠢᠨ ᠡᠷᠭᠢᠯᠲᠡ ᠶᠢᠨ ᠪᠠᠶᠢᠷᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠬᠤ | ᠣᠷᠣᠨ ᠤ ᠪᠠᠭᠰᠢ ᠶᠢᠨ ᠠᠵᠢᠯ ᠠᠮᠢᠳᠤᠷᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠢᠯᠢᠳᠡᠭ | ᠪᠠᠭᠰᠢ ᠪᠣᠯᠤᠨ ᠪᠠᠭᠰᠢ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠢ ᠬᠥᠲᠥᠯᠦᠨ ᠵᠢᠯᠣᠭᠤᠳᠴᠤ ᠪᠠᠶᠢᠭᠠᠳ | ᠲᠠᠷᠢᠶᠠᠯᠠᠬᠤ ᠣᠷᠣᠨ ᠤ ᠰᠤᠷᠭᠠᠭᠤᠯᠢ ᠳᠤ ᠪᠠᠭᠰᠢᠯᠠᠭᠤᠯᠬᠤ ᠬᠡᠷᠡᠭᠳᠡᠢ᠃ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠶᠢᠨ ᠪᠣᠯᠪᠠᠰᠤᠷᠠᠭᠤᠯᠤᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ | ᠰᠤᠷᠭᠠᠭᠤᠯᠢ ᠨᠤᠭᠤᠳ ᠰᠤᠷᠭᠠᠭᠤᠯᠢ ᠶᠢᠨ ᠣᠨ ᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠲᠥᠰᠦᠪ ᠤᠨ | ᠶᠡᠷᠦᠩᠬᠡᠶ ᠲᠣᠭᠠᠨ ᠤ 5% ᠠᠴᠠ ᠳᠣᠤᠷ᠎ᠠ ᠥᠬᠡᠶ ᠪᠠᠷ ᠪᠠᠭᠰᠢ ᠶᠢᠨ ᠪᠣᠯᠪᠠᠰᠤᠷᠠᠭᠤᠯᠤᠯ ᠤᠨ ᠵᠠᠷᠤᠳᠠᠯ ᠢ | ᠳᠣᠭᠢᠷᠠᠭᠤᠯᠤᠨ᠂ ᠪᠠᠭᠰᠢ ᠶᠢᠨ ᠪᠣᠯᠪᠠᠰᠤᠷᠠᠭᠤᠯᠤᠯ᠂ ᠰᠤᠳᠤᠯᠤᠨ ᠰᠤᠷᠤᠯᠴᠠᠬᠤ ᠳᠤ ᠬᠡᠷᠡᠭᠯᠡᠵᠦ᠂ ᠪᠠᠭᠰᠢ ᠶᠢᠨ | ᠲᠤᠰᠬᠠᠶ ᠮᠡᠷᠭᠡᠵᠢᠯ ᠤᠨ ᠬᠡᠪ ᠴᠢᠨᠠᠷ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠳᠡᠢ᠃ ᠬᠡᠤᠬᠡᠳ ᠤᠨ | ᠴᠡᠴᠡᠷᠯᠢᠭ ᠤᠨ ᠬᠡᠪᠴᠢᠶ᠎ᠡ ᠶᠢ ᠦᠨᠳᠦᠰᠦᠯᠡᠨ᠂ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠰᠠᠷᠠᠨ ᠬᠥᠮᠦᠵᠢᠭᠦᠯᠬᠦ | ᠠᠰᠠᠷᠠᠨ ᠬᠥᠮᠦᠵᠢᠭᠦᠯᠬᠦ ᠠᠵᠢᠯᠲᠠᠨ ᠢ ᠵᠦᠶ ᠵᠣᠬᠢᠰᠲᠠᠶ ᠳᠣᠭᠢᠷᠠᠭᠤᠯᠤᠨ᠂ ᠠᠵᠢᠯ ᠤᠨ ᠪᠠᠶᠢᠷᠢ ᠶᠢᠨ ᠶᠣᠰᠣᠭᠠᠷ | ᠴᠠᠯᠢᠩ ᠤᠨ ᠪᠠᠷᠢᠮᠵᠢᠶ᠎ᠠ ᠶᠢ ᠲᠣᠭᠲᠠᠭᠠᠵᠤ᠂ 2022 ᠣᠨ ᠪᠣᠯᠬᠤ ᠳᠤ᠂ ᠣᠯᠠᠨ ᠵᠦᠢᠯ ᠤᠨ ᠠᠷᠭ᠎ᠠ ᠮᠠᠶ᠋ᠢᠭ ᠢ | ᠠᠪᠴᠤ ᠪᠠᠶᠢᠭᠠᠳ ᠣᠲᠣ ᠶᠢᠨ ᠪᠠᠶᠢᠭ᠎ᠠ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠣᠷᠣᠨ | ᠲᠤᠭ᠎ᠠ ᠳᠤ ᠪᠠᠶᠢᠭ᠎ᠠ ᠥᠬᠡᠶ ᠪᠠᠭᠰᠢ ᠶᠢᠨ ᠴᠠᠯᠢᠩ ᠣᠯᠭᠤᠮᠵᠢ ᠳᠣᠤᠷ᠎ᠠ ᠪᠠᠶᠢᠬᠤ ᠠᠰᠠᠭᠤᠳᠠᠯ ᠢ ᠦᠨᠡᠨᠬᠦ | ᠰᠢᠢᠳᠪᠦᠷᠢᠯᠡᠵᠦ᠂ ᠠᠳᠠᠯᠢ ᠠᠵᠢᠯ ᠳᠤ ᠠᠳᠠᠯᠢ ᠬᠥᠯᠥᠰᠥ ᠣᠯᠭᠤᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ | ᠬᠡᠷᠡᠭᠳᠡᠢ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠬᠤᠤᠰ ᠬᠢᠷᠢ ᠬᠡᠮ ᠲᠠᠢ︾ ᠪᠠᠭᠰᠢ ᠪᠣᠯᠤᠨ | ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠲᠡᠮᠵᠢᠬᠦ | ᠬᠡᠷᠡᠭᠳᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠬᠤᠲᠠ ᠶᠢᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠬᠤᠷᠢᠶᠠᠨ ᠤ ᠠᠯᠪᠠᠨ ᠬᠡᠷ᠂ ᠡᠯ᠎ᠡ | ᠲᠣᠭᠤᠷᠢᠭ ᠤᠨ ᠵᠠᠰᠠᠭ ᠤᠨ ᠣᠷᠳᠣᠨ︶ | ︵ᠨᠠᠢᠮᠠ︶ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠬᠦ ᠬᠡᠷᠡᠭᠳᠡᠢ | ᠃ ᠵᠠᠷᠤᠯᠭ᠎ᠠ ᠶᠢᠨ ᠪᠦᠲᠦᠴᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠦᠭᠡᠮᠡᠯ ᠬᠠᠷᠠᠭᠠᠯᠵᠠᠯ ᠤᠨ | ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠠ ᠣᠨᠴᠣᠭᠤᠢ ᠰᠤᠷᠭᠠᠨ ᠬᠥᠮᠦᠵᠢᠯ ᠤᠨ ᠡᠬᠢ | ᠪᠠᠶᠠᠯᠢᠭ ᠢ ᠥᠷᠭᠡᠳᠬᠡᠬᠦ ᠶᠢ ᠲᠡᠮᠵᠢᠵᠤ᠂ ᠡ᠊ᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠢᠨᠠᠷ | ᠰᠠᠶᠢᠲᠠᠶ ᠥᠪᠡᠷᠮᠢᠴᠡ ᠣᠨᠴᠠᠯᠢᠭ ᠪᠦᠬᠦᠢ ᠤᠯᠠᠨ ᠶᠠᠩᠵᠤᠴᠢᠯᠠᠭᠰᠠᠨ ᠬᠥᠭᠵᠢᠯᠲᠡ ᠶᠢ ᠠᠬᠢᠭᠤᠯᠵᠤ᠂ ᠤᠳᠤ | ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ | ᠬᠡᠷᠡᠭᠳᠡᠢ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠡᠳ᠋ ᠤᠨ ᠵᠠᠰᠠᠭ ᠤᠨ ᠳᠡᠮᠵᠢᠯᠭᠡ ᠦᠵᠡᠭᠦᠯᠬᠦ | ᠡᠷᠴᠢᠮ ᠢᠶᠠᠨ ᠠᠯᠬᠤᠮ ᠠᠯᠬᠤᠮ ᠢᠶᠠᠷ ᠴᠢᠩᠭᠠᠷᠠᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ | ᠨᠡᠮᠡᠭᠳᠡᠬᠦᠯᠬᠦ ᠬᠡᠷᠡᠭᠳᠡᠢ᠃ ᠡᠯ᠎ᠡ ᠲᠣᠭᠤᠷᠢᠭ ᠤᠨ ᠬᠢᠨ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ︽ | ᠪᠠᠷᠢᠮᠵᠢᠶᠠᠲᠤ ᠬᠡᠤᠬᠡᠳ ᠤᠨ ᠴᠡᠴᠡᠷᠯᠢᠭ ︵ᠪᠠᠷᠢᠮᠵᠢᠶ᠎ᠠ ᠳᠤ ᠬᠦᠷᠦᠭᠰᠡᠨ ᠬᠡᠤᠬᠡᠳ ᠤᠨ ᠴᠡᠴᠡᠷᠯᠢᠭ︶ ᠠᠴᠠ ᠳᠡᠭᠡᠭᠰᠢ | ᠬᠡᠤᠬᠡᠳ ᠤᠨ ᠴᠡᠴᠡᠷᠯᠢᠭ ᠤᠨ ᠬᠡᠦᠭᠡᠳ ᠪᠦᠷᠢ ᠳᠤ 90 ᠲᠥᠭᠦᠷᠢᠭ / ᠰᠠᠷ᠎ᠠ ᠪᠠᠷ ᠨᠥᠬᠦᠪᠥᠷᠢᠯᠡᠵᠦ᠂ ᠬᠤᠶᠠᠳᠤᠭᠠᠷ | ᠳᠡᠰ ᠤᠨ ᠬᠡᠤᠬᠡᠳ ᠤᠨ ᠴᠡᠴᠡᠷᠯᠢᠭ ᠠᠴᠠ ᠳᠡᠭᠡᠭᠰᠢ ᠬᠡᠤᠬᠡᠳ ᠤᠨ ᠴᠡᠴᠡᠷᠯᠢᠭ ᠤᠨ ᠬᠡᠦᠭᠡᠳ ᠪᠦᠷᠢ ᠳᠤ ᠳᠤ 120 | ᠲᠥᠭᠦᠷᠢᠭ / ᠰᠠᠷ᠎ᠠ ᠪᠠᠷ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠯᠪᠠᠨ ᠠᠴᠠ | ᠡᠷᠭᠢᠯᠡᠭᠰᠡᠨ ᠬᠡᠤᠬᠡᠳ ᠤᠨ ᠴᠡᠴᠡᠷᠯᠢᠭ ᠲᠤ ᠨᠥᠬᠦᠪᠥᠷᠢ ᠥᠭᠬᠦ ᠳᠤ ᠬᠡᠷᠡᠭᠰᠡᠬᠦ ᠪᠠᠯᠠ ᠮᠥᠩᠭᠦ ᠶᠢ ᠪᠦᠬᠦᠨ ᠢ ᠡᠯ᠎ᠡ | ᠲᠣᠭᠤᠷᠢᠭ ᠤᠨ ᠡᠳ᠋ ᠤᠨ ᠵᠠᠰᠠᠭ ᠠᠴᠠ ᠡᠭᠦᠷᠭᠡᠯᠡᠵᠦ᠂ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ | ᠥᠭᠬᠦ ᠨᠥᠬᠦᠪᠥᠷᠢ ᠶᠢ ᠵᠢᠯ ᠪᠦᠷᠢ ᠡᠯ᠎ᠡ ᠲᠣᠭᠤᠷᠢᠭ ᠤᠨ ᠡᠳ᠋ ᠤᠨ ᠵᠠᠰᠠᠭ ᠠᠴᠠ ᠠᠷᠠᠳ ᠠᠴᠠ ᠡᠷᠭᠢᠯᠡᠭᠰᠡᠨ | ᠬᠡᠤᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠲᠤᠰᠬᠠᠶ ᠵᠦᠢᠯ ᠤᠨ ᠬᠥᠭᠵᠢᠯᠲᠡ ᠶᠢᠨ ᠪᠠᠯᠠ ᠮᠥᠩᠭᠦ ᠶᠢ | ᠳᠣᠭᠢᠷᠠᠭᠤᠯᠵᠤ᠂ ᠬᠠᠶᠢᠷᠤᠪ ᠤᠨ ᠲᠣᠬᠤᠶ ᠶᠢᠨ ᠲᠣᠭᠤᠷᠢᠭ 300 ᠲᠦᠮᠡᠨ ᠲᠥᠭᠦᠷᠢᠭ ᠠᠴᠠ ᠳᠤᠲᠠᠭᠤ ᠪᠠᠶᠢᠵᠤ | ᠪᠣᠯᠬᠤ ᠥᠬᠡᠶ᠂ ᠤᠳᠠ ᠲᠣᠭᠤᠷᠢᠭ᠂ ᠬᠠᠶᠢᠨᠠᠨ ᠲᠣᠭᠤᠷᠢᠭ 150 ᠲᠦᠮᠡᠨ ᠲᠥᠭᠦᠷᠢᠭ ᠠᠴᠠ ᠳᠤᠲᠠᠭᠤ ᠪᠠᠶᠢᠵᠤ | ᠪᠣᠯᠬᠤ ᠥᠬᠡᠶ᠃ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠡᠦᠬᠡᠳ ᠤᠨ ᠴᠡᠴᠡᠷᠯᠢᠭ ᠤᠨ | ᠪᠥᠳᠥᠭᠡᠨ ᠪᠠᠶᠢᠭᠤᠯᠤᠯᠲᠠ ᠶᠢᠨ ᠨᠥᠬᠦᠪᠥᠷᠢ ᠶᠢᠨ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠲᠥᠷᠥ ᠶᠢᠨ | ᠪᠤᠳᠤᠯᠭ᠎ᠠ ᠶᠢᠨ ᠰᠠᠨᠠᠯ ᠢ ᠨᠡᠶᠢᠲᠡᠯᠡᠬᠦ ᠬᠡᠷᠡᠭᠳᠡᠢ᠃ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠴᠢᠮ ᠬᠡᠷᠡᠭᠰᠡᠬᠦ ᠰᠤᠷᠭᠠᠨ ᠬᠥᠮᠦᠵᠢᠯ ᠤᠨ | ᠵᠢᠭᠠᠨ ᠰᠤᠷᠭᠠᠯᠲᠠ ᠶᠢᠨ ᠨᠥᠬᠦᠴᠡᠯ ᠢ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ 3 ᠵᠢᠯ ᠤᠨ | ᠬᠤᠭᠤᠴᠠᠭ᠎ᠠ ᠶᠢ ᠬᠡᠷᠡᠭᠯᠡᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ | ᠲᠥᠬᠦᠭᠡᠷᠦᠮᠵᠢ ᠶᠢ ᠰᠢᠨᠡᠳᠬᠡᠬᠦ ᠪᠠ ᠴᠢᠳᠠᠮᠵᠢᠳᠣ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ ᠶᠢᠨ ᠰᠢᠨ᠎ᠡ ᠥᠭᠡᠷᠡᠴᠢᠯᠡᠯᠲᠡ ᠶᠢᠨ ᠬᠡᠷᠡᠭᠴᠡᠭᠡ ᠶᠢ ᠬᠠᠩᠭᠠᠬᠤ ᠶᠢ ᠦᠨᠡᠨᠬᠦ ᠪᠠᠲᠤᠯᠠᠵᠤ | ᠂ 2021 ᠣᠨ ᠳᠤ ᠰᠤᠷᠭᠠᠨ ᠬᠥᠮᠦᠵᠢᠯ ᠤᠨ ᠲᠣᠨᠤᠭ ᠲᠥᠬᠦᠭᠡᠷᠦᠮᠵᠢ ᠶᠢᠨ ᠣᠷᠣᠭᠤᠯᠤᠯᠲᠠ ᠶᠢᠨ ᠲᠤᠰᠬᠠᠶ ᠪᠠᠯᠠ | ᠮᠥᠩᠭᠦ ᠶᠢ 400 ᠲᠦᠮᠡᠨ ᠲᠥᠭᠦᠷᠢᠭ ᠳᠣᠭᠢᠷᠠᠭᠤᠯᠤᠨ᠂ ᠬᠤᠶᠢᠰᠢᠳᠠ ᠶᠢᠨ ᠵᠢᠯ ᠳᠤ ᠡᠳ᠋ ᠤᠨ ᠬᠦᠴᠦᠨ ᠤ ᠪᠠᠶᠢᠳᠠᠯ | ᠢᠶᠠᠨ ᠦᠨᠳᠦᠰᠦᠯᠡᠨ ᠵᠣᠬᠢᠰᠲᠠᠶ ᠳᠣᠭᠢᠷᠠᠭᠤᠯᠬᠤ ᠬᠡᠷᠡᠭᠳᠡᠢ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠲᠤ ᠲᠡᠭᠰᠢᠳᠬᠡᠭᠰᠡᠨ | ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ | ᠵᠠᠰᠠᠭ ᠤᠨ ᠣᠷᠳᠣᠨ᠂ ᠠᠵᠢᠯ ᠲᠦᠷᠦᠯ᠂ ᠠᠵᠤ ᠠᠬᠤᠶᠢᠯᠠᠯ ᠵᠢᠴᠢ ᠪᠤᠰᠤᠳ ᠨᠡᠶᠢᠭᠡᠮ ᠤᠨ ᠬᠦᠴᠦᠨ ᠤ ᠬᠠᠤᠯᠢ | ᠶᠣᠰᠣᠭᠠᠷ ᠵᠠᠷᠤᠳᠠᠯ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠳᠤ ᠣᠷᠣᠯᠴᠠᠬᠤ ᠶᠢ ᠵᠣᠷᠢᠭᠵᠢᠭᠤᠯᠵᠤ᠂ ᠦᠢᠯᠡᠳᠪᠦᠷᠢᠯᠡᠯ ᠪᠠ ᠵᠢᠭᠠᠨ | ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ | ᠬᠡᠷᠡᠭᠳᠡᠢ᠃ ᠰᠤᠷᠭᠠᠭᠤᠯᠢ ᠬᠢᠭᠡᠳ ᠠᠵᠤ ᠠᠬᠤᠶᠢᠯᠠᠯ ᠬᠤᠷᠰᠢᠯᠴᠠᠭᠰᠠᠨ᠂ ᠬᠡᠪᠴᠢᠶ᠎ᠡ ᠪᠠᠷ ᠨᠡᠯᠢᠶᠡᠳ ᠪᠠᠭ᠎ᠠ ᠲᠤᠰᠬᠠᠶ | ᠮᠡᠷᠭᠡᠵᠢᠯ ᠤᠨ ᠰᠤᠷᠭᠠᠭᠤᠯᠢ ᠶᠢᠨ ᠳᠣᠲᠣᠷᠠᠬᠢ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠥᠳᠥᠭᠡᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠲᠡᠳᠬᠦᠵᠦ᠂ ᠲᠤᠰᠬᠠᠶ ᠮᠡᠷᠭᠡᠵᠢᠯ ᠤᠨ ᠪᠠᠭᠰᠢ ᠶᠢᠨ ᠲᠤᠰᠬᠠᠶ ᠮᠡᠷᠭᠡᠵᠢᠯ ᠤᠨ | ᠪᠣᠯᠪᠠᠰᠤᠷᠠᠭᠤᠯᠤᠯ ᠪᠣᠯᠤᠨ ᠭᠤᠣᠯᠯᠠᠭᠴᠢ ᠰᠢᠨ᠎ᠡ ᠶᠢ ᠡᠭᠦᠳᠬᠦ ᠬᠡᠯᠪᠡᠷᠢ ᠶᠢᠨ ᠲᠤᠰᠬᠠᠶ ᠮᠡᠷᠭᠡᠵᠢᠯ ᠤᠨ ᠪᠠᠶᠢᠭᠤᠯᠤᠯᠲᠠ | ᠶᠢ ᠴᠢᠩᠭᠠᠳᠬᠠᠨ᠂ ᠮᠠᠨ ᠤ ᠬᠤᠳᠠ ᠶᠢᠨ ᠣᠨᠴᠠᠯᠢᠭ ᠪᠥᠬᠦᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠰᠢᠰᠲ᠋ᠧᠮᠵᠢ ᠶᠢ ᠲᠠᠰᠤᠷᠠᠯᠳᠠ ᠥᠭᠡᠢ ᠪᠣᠢ ᠪᠤᠯᠭᠠᠬᠤ ᠭᠡᠷᠡᠭᠳᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠯ᠎ᠡ ᠲᠣᠭᠤᠷᠢᠭ ᠤᠨ ᠵᠠᠰᠠᠭ ᠤᠨ ᠣᠷᠳᠣᠨ︶ | ︵ᠶᠢᠰᠦ︶ ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠷᠴᠢᠮ ᠢᠶᠠᠨ | ᠴᠢᠩᠭᠠᠷᠠᠭᠤᠯᠬᠤ ᠬᠡᠷᠡᠭᠳᠡᠢ᠃ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠭᠤᠷᠠᠶ ᠭᠠᠵᠠᠷ ᠣᠷᠣᠨ | ᠪᠠ ᠲᠠᠩᠰᠠᠯᠠᠵᠤ ᠺᠠᠷᠲᠯᠠᠭᠰᠠᠨ ᠵᠡᠷᠭᠡ ᠭᠡᠷ ᠤᠨ ᠠᠮᠢᠳᠤᠷᠠᠯ ᠨᠢ ᠬᠦᠴᠢᠷᠲᠡᠶ ᠰᠤᠷᠤᠭᠴᠢᠳ ᠲᠤ ᠬᠦᠴᠦ ᠲᠠᠯᠪᠢᠨ | ᠬᠡᠯᠪᠠᠶᠢᠯᠭᠡᠵᠦ᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ | ᠤᠷᠤᠭᠰᠢᠲᠠᠶ ᠪᠡᠶᠡᠯᠡᠭᠦᠯᠬᠦ ᠶᠢ ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠨᠤᠷᠮ᠎ᠠ ᠶᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠳᠡᠢ᠃ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢ | ᠬᠠᠮᠤᠷᠤᠭᠰᠠᠨ ᠲᠣᠭᠠᠴᠢᠯᠠᠭᠰᠠᠨ ᠰᠤᠷᠭᠠᠭᠤᠯᠢ ᠶᠢᠨ ᠬᠦᠷᠢᠶᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ | ᠰᠤᠷᠭᠠᠭᠤᠯᠢ ᠶᠢᠨ ᠬᠦᠷᠢᠶᠡᠨ ᠤ ᠰᠦᠯᠵᠢᠶ᠎ᠡ ᠶᠢᠨ ᠬᠤᠷᠳᠤᠴᠠ ᠶᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ | ᠢᠨᠵᠧᠨᠧᠷᠢᠩ᠂ ᠤᠶᠤᠨᠲᠤ ᠰᠤᠷᠭᠠᠭᠤᠯᠢ ᠶᠢᠨ ᠬᠦᠷᠢᠶ᠎ᠡ᠂ ᠤᠶᠤᠨᠲᠤ ᠬᠢᠴᠢᠶᠡᠯ ᠤᠨ ᠲᠠᠩᠬᠢᠮ ᠤᠨ ᠪᠠᠶᠢᠭᠤᠯᠤᠯᠲᠠ ᠶᠢ | ᠳᠥᠯᠭᠢᠨ ᠠᠬᠢᠭᠤᠯᠵᠤ᠂ ︽ᠢᠨᠲ᠋ᠧᠷ ᠰᠦᠯᠵᠢᠶ᠎ᠡ +︾ ᠰᠤᠷᠭᠠᠨ ᠬᠥᠮᠦᠵᠢᠯ ᠢ ᠭᠦᠨᠵᠡᠭᠡᠶ ᠳᠥᠯᠭᠢᠨ ᠠᠬᠢᠭᠤᠯᠵᠤ᠂ | ᠰᠤᠷᠭᠠᠨ ᠬᠥᠮᠦᠵᠢᠯ ᠤᠨ ᠮᠡᠳᠡᠭᠡ ᠵᠠᠩᠬᠢᠴᠢᠯᠠᠯᠳᠠ ᠶᠢᠨ ᠮᠡᠷᠭᠡᠵᠢᠯ ᠤᠨ ᠬᠡᠷᠡᠭᠯᠡᠯᠲᠡ ᠬᠢᠭᠡᠳ ᠵᠢᠭᠠᠨ ᠰᠤᠷᠭᠠᠯᠲᠠ | ᠵᠢᠭᠠᠨ ᠰᠤᠷᠭᠠᠯᠲᠠ ᠶᠢᠨ ᠰᠤᠳᠤᠯᠭᠠᠨ ᠤ ᠠᠵᠢᠯ ᠤᠨ ᠭᠦᠨᠵᠡᠭᠡᠶ ᠠᠭᠤᠰᠤᠯᠴᠠᠯ ᠢ ᠳᠥᠯᠭᠢᠨ ᠠᠬᠢᠭᠤᠯᠬᠤ ᠬᠡᠷᠡᠭᠳᠡᠢ᠃ | ︽ᠨᠢᠭᠡ ᠪᠠᠭᠰᠢ ᠨᠢᠭᠡ ᠰᠢᠯᠢᠳᠡᠭ ᠬᠢᠴᠢᠶᠡᠯ᠂ ᠨᠢᠭᠡ ᠬᠢᠴᠢᠶᠡᠯ ᠨᠢᠭᠡ ᠨᠡᠷᠡᠲᠦ ᠪᠠᠭᠰᠢ︾ ︽ᠵᠡᠷᠭᠡ ᠪᠠᠷ ᠬᠠᠷᠢᠯᠴᠠᠨ | ᠬᠥᠳᠡᠯᠦᠯᠴᠡᠬᠦ︾᠂ ᠰᠤᠷᠭᠠᠨ ᠬᠥᠮᠦᠵᠢᠯ ᠢ ᠬᠥᠳᠡᠭᠡ ᠬᠦᠷᠭᠡᠬᠦ᠂ ᠨᠠᠷᠠᠲᠤ ᠪᠠᠭᠰᠢ ᠶᠢᠨ ᠠᠵᠢᠯᠯᠠᠬᠤ ᠭᠠᠵᠠᠷ ᠢᠶᠠᠷ | ᠠᠴᠢᠶᠠᠯᠠᠪᠤᠷᠢ ᠪᠣᠯᠭᠠᠵᠤ᠂ ᠲᠠᠷᠢᠶᠠᠯᠠᠬᠤ ᠣᠷᠣᠨ ᠤ ᠰᠤᠷᠭᠠᠭᠤᠯᠢ ᠶᠢᠨ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠳᠡᠢ᠃ ᠲᠠᠷᠢᠶᠠᠯᠠᠬᠤ ᠣᠷᠣᠨ ᠤ | ᠰᠤᠷᠭᠠᠭᠤᠯᠢ ᠶᠢᠨ ᠵᠠᠯᠠᠭᠤ ᠭᠤᠤᠯᠯᠠᠭᠴᠢ ᠪᠠᠭᠰᠢ ᠶᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠷ ᠴᠢᠩᠭ᠎ᠠ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠳᠡᠢ᠃ | ᠲᠠᠷᠢᠶᠠᠯᠠᠬᠤ ᠣᠷᠣᠨ ᠳᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠳᠡᠮᠵᠢᠨ ᠬᠥᠭᠵᠢᠭᠦᠯᠵᠦ | ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠬᠡᠷᠡᠭᠳᠡᠢ᠃ ᠰᠤᠷᠤᠭᠴᠢᠳ ᠢ ᠲᠡᠳᠬᠦᠨ ᠲᠤᠰᠠᠯᠠᠬᠤ | ᠲᠦᠷᠢᠮ ᠢᠶᠠᠨ ᠪᠦᠷᠢᠨᠰᠢᠬᠦᠯᠦᠨ᠂ ᠲᠡᠳᠬᠦᠨ ᠲᠤᠰᠠᠯᠠᠬᠤ ᠠᠷᠭ᠎ᠠ ᠪᠠᠨ ᠲᠡᠭᠦᠯᠳᠡᠷᠵᠢᠭᠦᠯᠵᠦ᠂ ᠳᠡᠩᠰᠡᠯᠡᠵᠤ | ᠺᠠᠷᠲᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠦᠷ᠎ᠡ ᠬᠡᠤᠬᠡᠳ ᠢ ᠨᠠᠷᠢᠯᠢᠭ ᠣᠨᠣᠴᠠᠲᠠᠶ ᠪᠠᠷ ᠮᠠᠭᠠᠳᠯᠠᠨ | ᠲᠣᠭᠲᠠᠭᠠᠵᠤ᠂ ᠨᠠᠷᠢᠯᠢᠭ ᠣᠨᠣᠴᠠᠲᠠᠶ ᠪᠠᠷ ᠲᠡᠳᠬᠦᠨ ᠲᠤᠰᠠᠯᠠᠵᠤ᠂ ᠲᠤᠰᠠᠯᠠᠪᠠᠰᠤ ᠵᠣᠬᠢᠬᠤ ᠶᠢ ᠨᠢ ᠪᠦᠬᠦᠨ ᠢ | ᠲᠤᠰᠠᠯᠠᠬᠤ ᠶᠢ ᠪᠡᠶᠡᠯᠡᠭᠦᠯᠬᠦ ᠬᠡᠷᠡᠭᠳᠡᠢ᠃ ᠡᠳ᠋ ᠮᠥᠩᠭᠦ ᠪᠠᠷ ᠲᠤᠰᠠᠯᠠᠵᠤ ᠬᠥᠮᠦᠨ ᠢ ᠬᠥᠮᠦᠵᠢᠭᠦᠯᠬᠦ ᠣᠨᠣᠯᠵᠢᠬᠤᠨ ᠢ | ᠴᠢᠩᠭᠠᠷᠠᠭᠤᠯᠵᠤ᠂ ᠡᠳ᠋ ᠮᠥᠩᠭᠦ ᠪᠠᠷ ᠲᠤᠰᠠᠯᠠᠵᠤ ᠬᠥᠮᠦᠨ ᠢ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ | ᠰᠢᠰᠲ᠋ᠧᠮᠵᠢ ᠶᠢ ᠪᠠᠶᠢᠭᠤᠯᠬᠤ ᠬᠡᠷᠡᠭᠳᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠶᠠᠳᠠᠭᠤ ᠶᠢ ᠲᠡᠳᠬᠦᠬᠦ ᠠᠯᠪᠠᠨ ᠬᠡᠷ᠂ ᠡᠯ᠎ᠡ ᠲᠣᠭᠤᠷᠢᠭ ᠤᠨ ᠵᠠᠰᠠᠭ ᠤᠨ ᠣᠷᠳᠣᠨ︶ | ︵ᠠᠷᠪᠠ︶ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠣᠷᠣᠭᠤᠯᠤᠯᠲᠠ ᠪᠠᠨ | ᠦᠷᠭᠦᠯᠵᠢᠯᠡᠨ ᠨᠡᠮᠡᠭᠳᠡᠭᠦᠯᠬᠦ ᠬᠡᠷᠡᠭᠳᠡᠢ᠃ ᠰᠤᠷᠭᠠᠭᠤᠯᠢ ᠡᠷᠭᠢᠯᠡᠬᠦ ᠴᠢᠬᠤᠯᠠ ᠪᠥᠬᠦᠶ ᠨᠥᠬᠦᠴᠡᠯ ᠢᠶᠠᠨ | ᠰᠠᠶᠢᠵᠢᠷᠠᠭᠤᠯᠬᠤ ᠶᠢᠨ ᠬᠠᠮᠲᠤ᠂ ᠬᠢᠴᠢᠶᠡᠯ ᠤᠨ ᠥᠭᠡᠷᠡᠴᠢᠯᠡᠯᠲᠡ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠵᠡᠷᠭᠡ | ᠲᠠᠯ᠎ᠠ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠥᠮᠦᠨ ᠬᠥᠮᠦᠵᠢᠭᠦᠯᠬᠦ ᠠᠷᠭ᠎ᠠ ᠮᠠᠶ᠋ᠢᠭ ᠤᠨ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ | ᠢᠶᠠᠨ ᠬᠦᠴᠦᠯᠡᠨ ᠳᠡᠭᠡᠭᠰᠢᠯᠡᠭᠦᠯᠬᠦ ᠬᠡᠷᠡᠭᠳᠡᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠳᠤᠯᠬᠤ | ᠠᠵᠢᠯᠯᠠᠭ᠎ᠠ᠂ ᠮᠡᠳᠡᠭᠡ ᠵᠠᠩᠬᠢᠴᠢᠯᠠᠯᠳᠠ ᠶᠢᠨ ᠵᠢᠭᠠᠨ ᠰᠤᠷᠭᠠᠯᠲᠠ ᠶᠢᠨ ᠬᠡᠷᠡᠭᠯᠡᠭᠡ᠂ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢᠨ ᠲᠤᠷᠰᠢᠯᠲᠠ ᠵᠡᠷᠭᠡ ᠲᠠᠯ᠎ᠠ ᠶᠢᠨ ᠣᠷᠣᠭᠤᠯᠤᠯᠲᠠ ᠪᠠᠨ ᠦᠨᠡᠨ ᠬᠦ ᠪᠠᠲᠤᠯᠠᠵᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠡᠬᠢ ᠪᠠᠶᠠᠯᠢᠭ ᠤᠨ ᠲᠡᠩᠴᠡᠭᠦᠷᠢᠲᠡᠶ ᠪᠠᠶᠢᠬᠤ ᠶᠢ ᠵᠢᠭᠠᠨ | ᠰᠤᠳᠤᠯᠬᠤ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠪᠠᠨ ᠲᠡᠭᠦᠯᠳᠡᠷᠵᠢᠭᠦᠯᠵᠦ᠂ 2021 ᠣᠨ ᠳᠤ ᠰᠤᠷᠭᠠᠨ | ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠬᠠᠶ ᠵᠦᠢᠯ ᠤᠨ ᠵᠠᠷᠤᠳᠠᠯ ᠢ 50 ᠲᠦᠮᠡᠨ ᠲᠥᠭᠦᠷᠢᠭ | ᠲᠣᠬᠢᠷᠠᠭᠤᠯᠵᠤ᠂ ᠬᠤᠶᠢᠰᠢᠳᠠ ᠶᠢᠨ ᠵᠢᠯ ᠳᠤ ᠡᠳ᠋ ᠤᠨ ᠬᠦᠴᠦᠨ ᠤ ᠪᠠᠶᠢᠳᠠᠯ ᠢᠶᠠᠨ ᠦᠨᠳᠦᠰᠦᠯᠡᠨ ᠵᠣᠬᠢᠰᠲᠠᠶ | ᠲᠣᠬᠢᠷᠠᠭᠤᠯᠬᠤ ᠬᠡᠷᠡᠭᠳᠡᠢ᠃ ᠵᠢᠭᠠᠬᠤ ᠶᠢ ᠰᠤᠳᠤᠯᠬᠤ᠂ ᠵᠢᠭᠠᠨ ᠰᠤᠷᠭᠠᠬᠤ ᠶᠠᠰᠤ ᠴᠢᠨᠠᠷ ᠢ ᠰᠢᠯᠭᠠᠨ ᠪᠠᠶᠢᠴᠠᠭᠠᠬᠤ | ᠵᠡᠷᠭᠡ ᠲᠠᠯ᠎ᠠ ᠶᠢᠨ ᠣᠷᠣᠭᠤᠯᠤᠯᠲᠠ ᠪᠠᠨ ᠦᠨᠡᠨ ᠬᠦ ᠪᠠᠲᠤᠯᠠᠵᠤ᠂ ᠵᠢᠭᠠᠬᠤ ᠶᠢ ᠰᠤᠳᠤᠯᠬᠤ ᠠᠵᠢᠯ ᠤᠨ ᠵᠠᠷᠤᠳᠠᠯ ᠢ | ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠳᠠᠭᠠᠯᠳᠤᠨ ᠠᠯᠬᠤᠮ ᠠᠯᠬᠤᠮ ᠢᠶᠠᠷ ᠨᠡᠮᠡᠭᠳᠡᠭᠦᠯᠬᠦ ᠶᠢ | ᠪᠠᠲᠤᠯᠠᠬᠤ ᠬᠡᠷᠡᠭᠳᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠠᠳᠤᠯᠭ᠎ᠠ ᠪᠣᠯᠪᠠᠰᠤᠷᠠᠭᠤᠯᠤᠯ ᠤᠨ | ᠳᠠᠳᠤᠯᠭ᠎ᠠ ᠥᠷᠨᠢᠭᠦᠯᠬᠦ ᠶᠢ ᠳᠡᠮᠵᠢᠵᠦ᠂ ᠮᠣᠷᠠᠯ ᠮᠡᠷᠭᠡᠵᠢᠯ ᠢ ᠵᠡᠷᠭᠡᠪᠡᠷ ᠰᠤᠷᠤᠯᠴᠠᠬᠤ᠂ ᠠᠵᠢᠯᠯᠠᠵᠤ ᠰᠤᠷᠤᠯᠴᠠᠬᠤ ᠶᠢ | ᠤᠶᠠᠯᠳᠤᠭᠤᠯᠤᠭᠰᠠᠨ ᠬᠥᠮᠦᠨ ᠬᠥᠮᠦᠵᠢᠭᠦᠯᠬᠦ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠳᠡᠢ᠃ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠢᠨᠵᠢᠯᠡᠭᠡᠨ ᠤ ᠬᠢᠴᠢᠶᠡᠯ ᠲᠤᠰᠬᠠᠶ ᠮᠡᠷᠭᠡᠵᠢᠯ ᠤᠨ ᠪᠦᠲᠦᠴᠡ ᠪᠠᠨ | ᠰᠢᠯᠢᠳᠡᠭᠵᠢᠭᠦᠯᠬᠦ ᠶᠢ ᠳᠡᠮᠵᠢᠵᠦ᠂ ᠪᠠᠴᠢᠮ ᠬᠡᠷᠡᠭᠰᠡᠬᠦ ᠪᠠ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ | ᠪᠠᠶᠢᠭᠤᠯᠤᠯᠲᠠ ᠪᠠᠨ ᠲᠦᠷᠭᠡᠳᠬᠡᠨ᠂ ᠴᠢᠳᠠᠪᠤᠷᠢᠲᠠᠨ ᠬᠥᠮᠦᠵᠢᠭᠦᠯᠬᠦ ᠲᠣᠭᠲᠠᠴᠠ ᠶᠢᠨ ᠰᠢᠨ᠎ᠡ ᠶᠢ ᠡᠭᠦᠳᠴᠦ᠂ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠢ ᠠᠬᠢᠭᠤᠯᠬᠤ ᠬᠡᠷᠡᠭᠳᠡᠢ᠃ ᠰᠤᠷᠭᠠᠨ | ᠬᠥᠮᠦᠵᠢᠯ ᠤᠨ ᠮᠡᠳᠡᠭᠡ ᠵᠠᠩᠬᠢᠴᠢᠯᠠᠯᠳᠠ ᠶᠢᠨ ᠲᠠᠪᠴᠠᠩ ᠪᠠ ᠡᠬᠢ ᠪᠠᠶᠠᠯᠢᠭ ᠤᠨ ᠪᠠᠶᠢᠭᠤᠯᠤᠯᠲᠠ ᠶᠢ ᠳᠡᠮᠵᠢᠵᠦ᠂ | ᠮᠡᠳᠡᠭᠡ ᠵᠠᠩᠬᠢᠴᠢᠯᠠᠯᠳᠠ ᠶᠢᠨ ᠵᠢᠭᠠᠨ ᠰᠤᠷᠭᠠᠯᠲᠠ ᠶᠢᠨ ᠪᠡᠯᠡᠳᠬᠡᠮᠵᠢ ᠲᠥᠬᠦᠭᠡᠷᠦᠮᠵᠢ ᠪᠠᠨ ᠰᠢᠯᠢᠳᠡᠭᠵᠢᠭᠦᠯᠦᠨ᠂ | ᠮᠡᠳᠡᠭᠡ ᠵᠠᠩᠭᠢ ᠶᠢᠨ ᠮᠡᠷᠭᠡᠵᠢᠯ ᠬᠢᠭᠡᠳ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠭᠦᠨᠵᠡᠭᠡᠶ | ᠠᠭᠤᠰᠤᠯᠴᠠᠯ ᠢ ᠠᠬᠢᠭᠤᠯᠵᠤ᠂ ᠴᠢᠨᠠᠷ ᠰᠠᠶᠢᠲᠠᠶ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠪᠡᠶᠡᠯᠡᠭᠦᠯᠬᠦ ᠬᠡᠷᠡᠭᠳᠡᠢ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ | ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ | ᠲᠣᠭᠤᠷᠢᠭ ᠤᠨ ᠵᠠᠰᠠᠭ ᠤᠨ ᠣᠷᠳᠣᠨ︶ | ᠲᠠᠪᠤ᠂ ᠰᠤᠷᠭᠠᠨ ᠬᠥᠮᠦᠵᠢᠯ ᠤᠨ ᠵᠠᠷᠤᠳᠠᠯ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠬᠡᠷᠡᠭᠯᠡᠬᠦ ᠬᠡᠷᠡᠭᠳᠡᠢ | ︵ᠠᠷᠪᠠᠨ ᠨᠢᠭᠡ︶ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ | ᠬᠡᠷᠡᠭᠳᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ | ᠶᠣᠰᠣᠭᠠᠷ᠂ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠵᠠᠰᠠᠭ ᠤᠨ | ᠣᠷᠳᠣᠨ ᠤ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ ᠲᠥᠯᠥᠪᠯᠡᠬᠦ ᠡᠷᠬᠡ ᠪᠠ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠭᠤᠯᠢ ᠶᠢᠨ ᠵᠠᠷᠤᠳᠠᠯ ᠤᠨ ᠬᠡᠷᠡᠭᠯᠡᠯᠲᠡ ᠶᠢᠨ ᠡᠵᠡᠨ ᠮᠡᠳᠡᠬᠦ ᠡᠷᠬᠡ ᠶᠢ ᠨᠠᠶᠢᠳᠠᠪᠤᠷᠢᠵᠢᠭᠤᠯᠬᠤ | ᠬᠡᠷᠡᠭᠳᠡᠢ᠃ ︽ᠬᠡᠨ ᠬᠡᠷᠡᠭᠯᠡᠪᠡᠯ ᠬᠡᠨ ᠬᠠᠷᠢᠭᠤᠴᠠᠬᠤ︾ ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ | ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠳᠡᠢ᠃ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠪᠠ ᠰᠤᠷᠭᠠᠭᠤᠯᠢ ᠪᠣᠯ ᠰᠤᠷᠭᠠᠨ ᠬᠥᠮᠦᠵᠢᠯ ᠤᠨ ᠵᠠᠷᠤᠳᠠᠯ ᠤᠨ ᠰᠢᠭᠤᠳ | ᠬᠡᠷᠡᠭᠯᠡᠭᠴᠢ᠂ ᠬᠠᠮᠢᠶᠠᠷᠤᠭᠴᠢ ᠮᠥᠨ᠂ ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢᠨ | ᠳᠤᠮᠳᠠ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠳᠡᠢ᠃ ᠬᠤᠳᠠ ᠶᠢᠨ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠤᠳ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠦᠢᠯᠡᠰ ᠤᠨ | ᠬᠥᠭᠵᠢᠯᠲᠡ ᠪᠠ ᠵᠠᠷᠤᠳᠠᠯ ᠤᠨ ᠬᠡᠷᠡᠭᠯᠡᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠤᠷᠭᠠᠨ | ᠬᠥᠮᠦᠵᠢᠯ ᠤᠨ ᠵᠠᠷᠤᠳᠠᠯ ᠢ ᠬᠠᠤᠯᠢ ᠲᠣᠭᠲᠠᠭᠠᠯ ᠶᠣᠰᠣᠭᠠᠷ᠂ ᠵᠦᠢ ᠵᠣᠬᠢᠰᠲᠠᠶ ᠪᠥᠭᠡᠳ ᠪᠦᠲᠦᠮᠵᠢᠲᠡᠶ ᠪᠠᠷ ᠬᠡᠷᠡᠭᠯᠡᠬᠦ | ᠬᠡᠷᠡᠭᠲᠡᠶ᠃ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠳ᠋ ᠤᠨ ᠵᠠᠰᠠᠭ ᠤᠨ ᠰᠤᠷᠭᠠᠨ | ᠬᠥᠮᠦᠵᠢᠯ ᠤᠨ ᠣᠷᠣᠭᠤᠯᠤᠯᠲᠠ ᠵᠡᠷᠭᠡ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ | ᠰᠤᠷᠭᠠᠨ ᠬᠥᠮᠦᠵᠢᠯ ᠤᠨ ᠵᠠᠷᠤᠯᠭ᠎ᠠ ᠶᠢ ᠤᠷᠢᠳᠠᠪᠠᠷ ᠪᠠᠲᠤᠯᠠᠵᠤ᠂ ᠲᠥᠰᠦᠪ ᠤᠨ ᠬᠠᠮᠢᠶᠠᠷᠤᠯᠲᠠ ᠪᠠ ᠡᠳ᠋ ᠤᠨ | ᠵᠠᠰᠠᠭ ᠤᠨ ᠬᠢᠨᠠᠯᠲᠠ ᠪᠠᠨ ᠴᠢᠩᠭᠠᠳᠬᠠᠬᠤ ᠬᠡᠷᠡᠭᠲᠡᠶ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠰᠠᠯᠠᠭ᠎ᠠ ᠮᠥᠴᠢᠷ ᠤᠳ ᠰᠤᠷᠭᠠᠨ ᠬᠥᠮᠦᠵᠢᠯ ᠤᠨ ᠬᠥᠭᠵᠢᠯᠲᠡ ᠶᠢ ᠡᠩ ᠲᠡᠷᠢᠭᠦᠨ ᠳᠤ ᠲᠥᠯᠥᠪᠵᠢᠭᠦᠯᠵᠦ᠂ | ᠥᠪᠡᠷ ᠤᠨ ᠥᠷᠲᠡᠭ ᠤᠨ ᠬᠢᠨᠠᠨ ᠪᠠᠶᠢᠴᠠᠭᠠᠯᠲᠠ ᠪᠠᠨ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠶ᠃ ᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠰᠤᠷᠭᠠᠭᠤᠯᠢ ᠶᠢᠨ | ᠪᠠᠭᠰᠢ ᠠᠵᠢᠯᠲᠠᠨ ᠠᠵᠢᠯᠴᠢᠨ ᠤ ᠲᠣᠬᠢᠷᠠᠭᠤᠯᠤᠯᠲᠠ ᠶᠢ ᠡᠩ ᠲᠡᠷᠢᠭᠦᠨ ᠳᠤ ᠪᠠᠲᠤᠯᠠᠵᠤ᠂ ᠪᠠᠭᠰᠢ ᠶᠢᠨ | ᠬᠠᠷᠠᠭᠠᠯᠵᠠᠯ ᠤᠨ ᠲᠦᠷᠦ ᠶᠢᠨ ᠪᠤᠲᠤᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠯ᠎ᠡ ᠲᠣᠭᠤᠷᠢᠭ ᠤᠨ ᠵᠠᠰᠠᠭ ᠤᠨ ᠣᠷᠳᠣᠨ︶ | ︵ᠠᠷᠪᠠᠨ ᠬᠤᠶᠠᠷ︶ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠨ ᠪᠥᠬᠦ ᠲᠠᠯ᠎ᠠ ᠪᠠᠷ ᠰᠠᠶᠢᠵᠢᠷᠠᠭᠤᠯᠬᠤ ᠬᠡᠷᠡᠭᠳᠡᠢ | ᠃ ᠬᠢᠨᠠᠨ ᠪᠠᠶᠢᠴᠠᠭᠠᠬᠤ᠂ ᠬᠢᠨᠠᠨ ᠡᠵᠡᠮᠳᠡᠬᠦ᠂ ᠬᠢᠨᠠᠯᠲᠠ ᠲᠠᠯᠪᠢᠬᠤ ᠪᠠᠷ ᠬᠦᠴᠦᠯᠡᠬᠦ ᠴᠢᠭ ᠪᠣᠯᠭᠠᠵᠤ᠂ ᠪᠦᠬᠦᠨ ᠢ | ᠬᠠᠮᠤᠷᠤᠭᠰᠠᠨ᠂ ᠪᠥᠬᠦ ᠶᠠᠪᠤᠴᠠ ᠶᠢᠨ᠂ ᠪᠥᠬᠦ ᠲᠠᠯ᠎ᠠ ᠶᠢᠨ ᠰᠤᠷᠭᠠᠨ ᠬᠥᠮᠦᠵᠢᠯ ᠤᠨ ᠵᠠᠷᠤᠳᠠᠯ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠳᠡᠢ᠃ ᠲᠥᠰᠦᠪ ᠢ ᠬᠢᠨᠠᠨ ᠬᠠᠷᠭᠤᠭᠤᠯᠬᠤ ᠲᠣᠭᠲᠠᠴᠠ ᠪᠠᠨ | ᠪᠦᠷᠢᠨᠰᠢᠬᠦᠯᠵᠤ᠂ ᠲᠥᠰᠦᠪ ᠤᠨ ᠲᠤᠬᠢᠷᠠᠭᠤᠯᠤᠯᠳᠠ ᠶᠢᠨ ᠬᠡᠷᠡᠭ ᠤᠨ ᠡᠮᠦᠨᠡᠬᠢ ᠠᠮᠵᠢᠯᠲᠠ ᠪᠦᠲᠦᠮᠵᠢ ᠶᠢ ᠦᠨᠡᠯᠡᠨ | ᠵᠢᠱᠢᠬᠦ ᠪᠠᠨ ᠴᠢᠩᠭᠠᠳᠬᠠᠬᠤ ᠬᠡᠷᠡᠭᠳᠡᠢ᠃ ᠲᠥᠰᠦᠪ ᠢ ᠭᠦᠢᠴᠡᠳᠬᠡᠬᠦ ᠶᠠᠪᠤᠴᠠ ᠳᠠᠬᠢ ᠬᠢᠨᠠᠨ ᠡᠵᠡᠮᠳᠡᠯ ᠢᠶᠠᠨ | ᠴᠢᠩᠭᠠᠳᠬᠠᠵᠤ᠂ ᠲᠥᠰᠦᠪ ᠢ ᠭᠦᠢᠴᠡᠳᠬᠡᠬᠦ ᠬᠢᠵᠠᠭᠠᠷᠯᠠᠯ ᠢᠶᠠᠨ ᠴᠢᠩᠳᠠᠯᠠᠵᠤ᠂ ᠲᠥᠰᠦᠪ ᠢ ᠲᠣᠬᠢᠷᠠᠭᠤᠯᠬᠤ | ᠵᠦᠢᠯᠡᠰ ᠢ ᠴᠢᠩᠭ᠎ᠠ ᠬᠢᠵᠠᠭᠠᠷᠯᠠᠵᠤ᠂ ᠠᠵᠤ ᠠᠬᠤᠶ ᠶᠢᠨ ᠠᠵᠢᠯᠯᠠᠭ᠎ᠠ ᠶᠢᠨ ᠳᠣᠲᠣᠭᠠᠳᠤ ᠡᠵᠡᠮᠳᠡᠯ ᠤᠨ ᠰᠢᠰᠲ᠋ᠧᠮ | ᠢᠶᠠᠨ ᠲᠡᠭᠦᠯᠳᠡᠷᠵᠢᠭᠦᠯᠵᠦ᠂ ᠶᠡᠭᠡ ᠲᠣᠭᠠᠨ ᠤ ᠪᠡᠯᠡ ᠮᠥᠩᠭᠦ ᠶᠢᠨ ᠭᠦᠢᠯᠭᠡᠭᠡᠨ ᠤ ᠪᠦᠬᠦ ᠶᠠᠪᠤᠴᠠ ᠶᠢ ᠬᠢᠨᠠᠨ | ᠡᠵᠡᠮᠳᠡᠬᠦ ᠶᠢ ᠬᠡᠷᠡᠭᠵᠢᠭᠦᠯᠵᠦ᠂ ᠠᠵᠤ ᠠᠬᠤᠶ ᠶᠢᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠬᠦ | ᠬᠡᠷᠡᠭᠳᠡᠢ᠃ ᠲᠥᠰᠦᠪ ᠪᠠ ᠲᠥᠰᠦᠪ ᠤᠨ ᠬᠦᠢᠴᠡᠳᠭᠡᠯ ᠤᠨ ᠳᠠᠷᠠᠭᠠᠬᠢ ᠬᠢᠨᠠᠯᠲᠠ ᠲᠠᠯᠪᠢᠯᠲᠠ ᠪᠠᠨ ᠴᠢᠩᠭᠠᠳᠬᠠᠵᠤ᠂ | ᠡᠯ᠎ᠡ ᠲᠣᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠥᠰᠦᠪ ᠤᠨ ᠬᠠᠤᠯᠢ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠤᠨ ᠲᠥᠰᠦᠪ ᠪᠠ ᠲᠥᠰᠦᠪ ᠤᠨ ᠬᠦᠢᠴᠡᠳᠭᠡᠯ ᠢ ᠢᠯᠡ ᠪᠣᠯᠭᠠᠬᠤ ᠶᠢ ᠪᠥᠬᠦ | ᠲᠠᠯ᠎ᠠ ᠪᠠᠷ ᠳᠥᠯᠭᠢᠨ ᠠᠬᠢᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠵᠢᠭᠦᠯᠦᠭᠰᠡᠨ ᠪᠠᠶᠢᠳᠠᠯ ᠤᠨ | ᠲᠤᠭ᠎ᠠ ᠪᠦᠷᠢᠳᠭᠡᠯ ᠢ ᠢᠯᠡ ᠨᠡᠶᠢᠳᠡᠯᠡᠬᠦ ᠪᠠᠨ ᠴᠢᠩᠭᠠᠳᠬᠠᠬᠤ ᠬᠡᠷᠡᠭᠳᠡᠢ᠃ ᠰᠤᠷᠭᠠᠨ ᠬᠥᠮᠦᠵᠢᠯ ᠤᠨ ᠵᠠᠷᠤᠳᠠᠯ ᠤᠨ | ᠬᠡᠷᠡᠭᠯᠡᠯᠲᠡ ᠬᠠᠮᠢᠶᠠᠷᠤᠯᠲᠠ ᠶᠢᠨ ᠪᠠᠶᠢᠳᠠᠯ ᠢ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠬᠦᠷᠢᠶ᠎ᠡ ᠬᠡᠪᠴᠢᠶᠡᠨ ᠳᠤ | ᠣᠷᠣᠭᠤᠯᠵᠤ᠂ ᠰᠤᠷᠭᠠᠨ ᠬᠥᠮᠦᠵᠢᠯ ᠤᠨ ᠳᠣᠲᠣᠭᠠᠳᠤ ᠶᠢᠨ ᠬᠢᠨᠠᠨ ᠪᠤᠳᠤᠵᠤ ᠬᠢᠨᠠᠯᠲᠠ ᠲᠠᠯᠪᠢᠬᠤ ᠪᠠᠨ ᠴᠢᠩᠭᠠᠳᠬᠠᠨ | ᠂ ᠬᠢᠨᠠᠨ ᠪᠤᠳᠤᠬᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠢᠨᠠᠨ ᠪᠤᠳᠤᠭᠰᠠᠨ ᠦᠷ᠎ᠡ ᠳ᠋ᠦᠩ ᠤᠨ ᠬᠡᠷᠡᠭᠯᠡᠯᠲᠡ ᠪᠠᠨ | ᠴᠢᠩᠭᠠᠷᠠᠭᠤᠯᠤᠨ᠂ ᠳᠣᠲᠣᠭᠠᠳᠤ ᠶᠢᠨ ᠵᠠᠰᠠᠯᠲᠠ ᠪᠠᠨ ᠲᠡᠭᠦᠯᠳᠡᠷᠵᠢᠭᠦᠯᠬᠦ ᠶᠢ ᠠᠬᠢᠭᠤᠯᠬᠤ ᠬᠡᠷᠡᠭᠳᠡᠢ᠃ ᠠᠵᠤ | ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢᠨ ᠨᠠᠮ ᠵᠠᠰᠠᠭ ᠤᠨ ᠠᠳᠠᠯᠢ ᠬᠠᠷᠢᠭᠤᠴᠠᠯᠭ᠎ᠠ ᠶᠢ ᠬᠠᠮᠲᠤ ᠳᠤᠨᠢ | ᠬᠢᠨᠠᠬᠤ ᠶᠢ ᠲᠦᠯᠬᠢᠨ ᠠᠬᠢᠭᠤᠯᠵᠤ᠂ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ | ᠪᠤᠳᠤᠯᠳᠠ ᠶᠢ ᠨᠡᠶᠢᠳᠡᠮ ᠪᠦᠷᠬᠦᠬᠦᠯᠬᠦ ᠶᠢ ᠬᠡᠷᠡᠭᠵᠢᠬᠦᠯᠬᠦ ᠬᠡᠷᠡᠭᠳᠡᠢ᠃ ᠳᠤᠮᠳᠠᠳᠤ ᠪᠠᠭ᠎ᠠ ᠰᠤᠷᠭᠠᠭᠤᠯᠢ ᠶᠢᠨ | ᠵᠠᠬᠢᠷᠤᠯ ᠤᠨ ᠲᠤᠰᠢᠶᠠᠯ ᠤᠨ ᠬᠤᠭᠤᠴᠠᠭᠠᠨ ᠤ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠦᠷᠢᠮ ᠢ | ᠰᠦᠪᠡᠭᠴᠢᠯᠡᠨ ᠪᠠᠶᠢᠭᠤᠯᠬᠤ ᠬᠡᠷᠡᠭᠳᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠡᠯ᠎ᠡ ᠲᠣᠭᠤᠷᠢᠭ ᠤᠨ ᠵᠠᠰᠠᠭ ᠤᠨ | ᠣᠷᠳᠣᠨ︶ | ︵ᠠᠷᠪᠠᠨ ᠭᠤᠷᠪᠠ︶ ᠠᠵᠢᠯ ᠤᠨ ᠠᠮᠵᠢᠯᠳᠠ ᠪᠦᠲᠦᠮᠵᠢ ᠶᠢ ᠬᠡᠷᠡᠭᠵᠢᠬᠦᠯᠬᠦ ᠶᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠳᠡᠢ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ | ᠰᠤᠷᠭᠠᠭᠤᠯᠢ ᠨᠤᠭᠤᠳ ︽ᠵᠣᠭᠤᠰ ᠵᠠᠷᠤᠪᠠᠯ ᠵᠠᠪᠠᠯ ᠠᠮᠵᠢᠯᠳᠠ ᠪᠦᠲᠦᠮᠵᠢ ᠲᠠᠢ ᠬᠤᠯᠪᠤᠭᠳᠠᠭᠤᠯᠵᠤ᠂ ᠠᠮᠵᠢᠯᠳᠠ | ᠪᠦᠲᠦᠮᠵᠢ ᠲᠠᠢ ᠬᠤᠯᠪᠤᠭᠳᠠᠭᠤᠯᠬᠤ ᠦᠭᠡᠢ ᠪᠣᠯ ᠵᠠᠪᠠᠯ ᠬᠠᠷᠢᠭᠤᠴᠠᠯᠭ᠎ᠠ ᠨᠡᠬᠡᠮᠵᠢᠯᠡᠬᠦ︾ ᠣᠶᠢᠯᠠᠭᠠᠭᠳᠠᠬᠤᠨ ᠢ ᠪᠠᠲᠤ | ᠪᠤᠶ ᠪᠣᠯᠭᠠᠵᠤ᠂ ᠠᠮᠵᠢᠯᠳᠠ ᠪᠦᠲᠦᠮᠵᠢ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠪᠣᠶ ᠪᠥᠬᠦᠶ ᠡᠳ᠋ ᠤᠨ | ᠵᠠᠰᠠᠭ ᠤᠨ ᠰᠤᠷᠭᠠᠨ ᠬᠥᠮᠦᠵᠢᠯ ᠤᠨ ᠪᠠᠯᠠ ᠮᠥᠩᠭᠦ ᠶᠢ ᠠᠯᠬᠤᠮ ᠠᠯᠬᠤᠮ ᠢᠶᠠᠷ ᠬᠠᠮᠤᠷᠬᠤ ᠶᠢᠨ ᠬᠠᠮᠲᠤ ᠲᠥᠰᠦᠪ ᠢ | ᠨᠠᠶᠢᠷᠠᠭᠤᠯᠤᠨ ᠵᠣᠬᠢᠶᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ ᠪᠥᠬᠦ ᠶᠠᠪᠤᠴᠠ ᠳᠤ ᠭᠦᠨᠵᠡᠭᠡᠶ ᠠᠭᠤᠰᠤᠯᠴᠠᠭᠤᠯᠤᠨ | ᠂ ᠬᠡᠷᠡᠭᠵᠢᠭᠦᠯᠵᠦ ᠪᠣᠯᠬᠤ ᠪᠠᠶᠢᠴᠠᠭᠠᠵᠤ ᠪᠣᠯᠬᠤ ᠠᠮᠵᠢᠯᠳᠠ ᠪᠦᠲᠦᠮᠵᠢ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ | ᠠᠷᠭ᠎ᠠ ᠶᠢ ᠢᠳᠡᠪᠬᠢᠲᠡᠶ ᠪᠠᠷ ᠲᠡᠭᠦᠯᠳᠡᠷᠵᠢᠭᠦᠯᠦᠨ ᠨᠠᠷᠢᠯᠢᠬᠵᠢᠭᠤᠯᠵᠤ᠂ ᠰᠤᠷᠭᠠᠨ ᠬᠥᠮᠦᠵᠢᠯ ᠤᠨ ᠠᠵᠢᠯ ᠲᠥᠷᠥᠯ ᠤᠨ | ᠣᠨᠴᠠᠯᠢᠭ ᠢ ᠢᠯᠡᠷᠡᠭᠦᠯᠦᠭᠰᠡᠨ ᠠᠮᠵᠢᠯᠳᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠬᠦ ᠭᠡᠷᠡᠭᠳᠡᠢ᠃ ᠲᠥᠰᠦᠪ ᠤᠨ ᠠᠮᠵᠢᠯᠳᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠪᠠᠨ | ᠴᠢᠩᠭᠠᠳᠬᠠᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠲᠠᠢ ᠨᠢᠭᠲᠠ ᠤᠶᠠᠯᠳᠤᠭᠤᠯᠤᠨ᠂ ᠠᠮᠵᠢᠯᠳᠠ | ᠪᠦᠲᠦᠮᠵᠢ ᠶᠢᠨ ᠬᠠᠷᠠᠯᠲᠠ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠠᠮᠵᠢᠯᠲᠠ ᠪᠦᠲᠦᠮᠵᠢ ᠶᠢᠨ | ᠬᠠᠷᠠᠯᠲᠠ ᠶᠢ ᠲᠥᠰᠦᠪ ᠲᠠᠢ ᠬᠠᠮᠲᠤ ᠴᠤᠬᠤᠯᠠᠪᠤᠷᠢᠯᠠᠨ ᠪᠠᠭᠤᠯᠭᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠳᠡᠢ᠃ | ᠠᠮᠵᠢᠯᠲᠠ ᠪᠦᠲᠦᠮᠵᠢ ᠶᠢᠨ ᠬᠠᠷᠠᠯᠲᠠ ᠶᠢᠨ ᠬᠡᠷᠡᠭᠵᠢᠭᠦᠯᠦᠯᠲᠡ ᠶᠢ ᠬᠢᠨᠠᠨ ᠡᠵᠡᠮᠳᠡᠬᠦ ᠠᠵᠢᠯ ᠢ ᠥᠷᠨᠢᠭᠦᠯᠵᠦ᠂ | ᠵᠥᠷᠢᠶ᠎ᠡ ᠶᠢ ᠴᠠᠭ ᠲᠤᠬᠠᠶ ᠳᠤᠨᠢ ᠵᠠᠯᠠᠷᠠᠭᠤᠯᠬᠤ ᠬᠡᠷᠡᠭᠳᠡᠢ᠃ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠪᠠᠯᠠ | ᠮᠥᠩᠭᠦ ᠶᠢ ᠬᠠᠮᠢᠭ᠎ᠠ ᠬᠡᠷᠡᠭᠯᠡᠪᠡᠯ᠂ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠲᠡᠨᠳᠡ ᠬᠦᠷᠲᠡᠯ᠎ᠡ | ᠮᠥᠷᠳᠡᠬᠦ ᠶᠢ ᠪᠠᠷᠢᠮᠲᠠᠯᠠᠵᠤ᠂ ᠠᠵᠢᠯ ᠤᠨ ᠠᠮᠵᠢᠯᠲᠠ ᠪᠦᠲᠦᠮᠵᠢ ᠶᠢᠨ ᠬᠥᠳᠡᠯᠦᠩᠭᠦᠶ ᠦᠨᠡᠯᠡᠯᠲᠡ ᠶᠢ ᠴᠢᠩᠭᠠᠳᠬᠠᠨ᠂ | ᠦᠷ᠎ᠡ ᠠᠰᠢᠭ ᠢᠶᠠᠷ ᠳᠣᠤᠷ᠎ᠠ ᠬᠦᠴᠦᠨ ᠥᠬᠡᠶ ᠪᠠᠯᠠ ᠮᠥᠩᠭᠦ ᠶᠢ ᠴᠠᠭ ᠲᠤᠬᠠᠶ ᠳᠤᠨᠢ ᠪᠠᠭᠠᠰᠬᠠᠬᠤ ᠭᠡᠷᠡᠭᠳᠡᠢ᠃ | ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠪᠠᠨ ᠴᠢᠩᠭᠠᠷᠠᠭᠤᠯᠵᠤ᠂ | ᠠᠵᠢᠯ ᠤᠨ ᠠᠮᠵᠢᠯᠲᠠ ᠪᠦᠲᠦᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠤᠨ᠂ | ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠬᠡᠷᠡᠭᠵᠢᠭᠦᠯᠦᠭᠰᠡᠨ ᠪᠠᠶᠢᠳᠠᠯ ᠪᠠ ᠠᠵᠢᠯ ᠤᠨ ᠠᠮᠵᠢᠯᠲᠠ | ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠲᠥᠰᠦᠪ | ᠨᠠᠶᠢᠷᠠᠭᠤᠯᠤᠨ ᠵᠣᠬᠢᠶᠠᠬᠤ᠂ ᠪᠦᠲᠦᠴᠡ ᠪᠠᠨ ᠰᠢᠯᠢᠳᠡᠭᠵᠢᠭᠦᠯᠬᠦ᠂ ᠬᠠᠮᠢᠶᠠᠷᠤᠯᠲᠠ ᠪᠠᠨ ᠰᠠᠶᠢᠵᠢᠷᠠᠭᠤᠯᠬᠤ ᠶᠢᠨ | ᠴᠢᠬᠤᠯᠠ ᠦᠨᠳᠦᠰᠦᠯᠡᠯ ᠪᠣᠯᠭᠠᠵᠤ᠂ ᠤᠳᠤᠷᠢᠳᠬᠤ ᠺᠠᠳ᠋ᠷᠴᠣᠳ ᠢ ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ | ᠪᠤᠯᠭᠠᠬᠤ ᠬᠡᠷᠡᠭᠳᠡᠢ᠃ ᠠᠵᠢᠯᠴᠢ ᠠᠷᠪᠢᠴᠢ ᠪᠠᠷ ᠠᠷᠪᠢᠯᠠᠨ ᠭᠠᠮᠨᠠᠵᠤ ᠰᠤᠷᠭᠠᠨ ᠬᠥᠮᠦᠵᠢᠯ ᠡᠷᠬᠢᠯᠡᠬᠦ ᠶᠢ ᠴᠢᠩᠭ᠎ᠠ | ᠪᠠᠷᠢᠮᠲᠠᠯᠠᠵᠤ᠂ ᠲᠦᠷᠢ ᠲᠥᠷᠬᠦ ᠶᠢᠨ ᠢᠨᠵᠧᠨᠧᠷᠢᠩ᠂ ᠠᠵᠢᠯ ᠤᠨ ᠠᠮᠵᠢᠯᠲᠠ ᠶᠢᠨ ᠢᠨᠵᠧᠨᠧᠷᠢᠩ ᠢ ᠴᠢᠩᠭ᠎ᠠ | ᠴᠠᠭᠠᠵᠠᠯᠠᠵᠤ᠂ ᠪᠠᠷᠢᠮᠵᠢᠶ᠎ᠠ ᠠᠴᠠ ᠬᠡᠲᠦᠷᠡᠭᠦᠯᠦᠨ ᠬᠡᠭᠡᠨᠴᠢᠷ ᠰᠤᠷᠭᠠᠭᠤᠯᠢ ᠪᠠᠶᠢᠭᠤᠯᠬᠤ ᠶᠢ ᠴᠢᠩᠭ᠎ᠠ ᠴᠠᠭᠠᠵᠠᠯᠠᠵᠤ᠂ | ᠰᠤᠷᠭᠠᠨ ᠬᠥᠮᠦᠵᠢᠯ ᠤᠨ ᠵᠠᠷᠤᠳᠠᠯ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠲᠤ ᠬᠡᠷᠡᠭᠯᠡᠬᠦ ᠶᠢ ᠦᠨᠡᠨ ᠬᠦ | ᠪᠠᠲᠤᠯᠠᠬᠤ ᠬᠡᠷᠡᠭᠳᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠯ᠎ᠡ ᠲᠣᠭᠤᠷᠢᠭ ᠤᠨ ᠵᠠᠰᠠᠭ ᠤᠨ ᠣᠷᠳᠣᠨ︶ | ︵ᠠᠷᠪᠠᠨ ᠳᠥᠷᠪᠡ︶ ᠬᠠᠮᠢᠶᠠᠷᠤᠯᠲᠠ ᠶᠢᠨ ᠴᠢᠳᠠᠪᠤᠷᠢ ᠪᠠᠨ ᠪᠥᠬᠦ ᠲᠠᠯ᠎ᠠ ᠪᠠᠷ ᠴᠢᠩᠭᠠᠷᠠᠭᠤᠯᠬᠤ ᠬᠡᠷᠡᠭᠳᠡᠢ᠃ | ᠡᠯ᠎ᠡ ᠱᠠᠲᠤᠨ ᠤ ᠰᠤᠷᠭᠠᠨ ᠬᠥᠮᠦᠵᠢᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠦᠢᠯᠡᠴᠢᠯᠡᠭᠡᠨ ᠤ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠢᠯᠡᠴᠢᠯᠡᠭᠡᠨ ᠤ | ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ᠂ | ᠰᠢᠨᠵᠢᠯᠡᠬᠦ ᠤᠬᠠᠭᠠᠨᠴᠢ ᠪᠠᠷ ᠡᠳ᠋ ᠤᠨ ᠶᠠᠪᠤᠳᠠᠯ ᠢ ᠬᠠᠮᠢᠶᠠᠷᠬᠤ ᠪᠡᠯᠡ ᠮᠥᠩᠭᠦ ᠶᠢᠨ ᠬᠤᠪᠢᠶᠠᠷᠢᠯᠠᠯᠲᠠ᠂ ᠬᠡᠷᠡᠭᠯᠡᠯᠲᠡ | ᠪᠠ ᠲᠥᠰᠦᠪ ᠤᠨ ᠬᠠᠮᠢᠶᠠᠷᠤᠯᠲᠠ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ᠂ ᠰᠢᠨᠵᠢᠯᠡᠬᠦ | ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠵᠡᠷᠭᠡ ᠲᠦᠷᠢᠮ ᠤᠨ ᠰᠢᠰᠲ᠋ᠧᠮᠵᠢ ᠪᠠᠨ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ | ᠬᠡᠷᠡᠭᠲᠡᠶ᠃ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠬᠦᠢᠴᠡᠳ ᠠᠰᠢᠭᠯᠠᠨ᠂ ᠪᠥᠬᠦ ᠤᠯᠤᠰ ᠤᠨ | ᠰᠤᠷᠭᠠᠨ ᠬᠥᠮᠦᠵᠢᠯ ᠤᠨ ᠵᠠᠷᠤᠳᠠᠯ ᠤᠨ ᠮᠡᠳᠡᠭᠡ ᠵᠠᠩᠬᠢᠴᠢᠯᠠᠯᠳᠠ ᠶᠢᠨ ᠬᠠᠮᠢᠶᠠᠷᠤᠯᠲᠠ ᠶᠢᠨ ᠲᠠᠪᠴᠠᠩ ᠢ ᠠᠰᠢᠭᠯᠠᠵᠤ᠂ | ᠴᠠᠭ ᠲᠤᠬᠠᠶ ᠳᠤᠨᠢ ᠰᠤᠷᠭᠠᠨ ᠬᠥᠮᠦᠵᠢᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠺᠠᠳ᠋ᠷ ᠤᠨ ᠡᠩᠨᠡᠭᠡ ᠶᠢ | ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠬᠤ ᠲᠦᠷᠢᠮ ᠢᠶᠠᠨ ᠲᠡᠭᠦᠯᠳᠡᠷᠵᠢᠭᠦᠯᠵᠦ᠂ ᠪᠦᠬᠦ ᠠᠵᠢᠯᠳᠠᠨ ᠢ | ᠡᠭᠡᠯᠵᠢᠯᠡᠨ ᠪᠣᠯᠪᠠᠰᠤᠷᠠᠭᠤᠯᠬᠤ ᠶᠢ ᠪᠡᠶᠡᠯᠡᠭᠦᠯᠵᠦ᠂ ᠲᠤᠰᠬᠠᠶᠢᠵᠢᠭᠰᠠᠨ ᠬᠠᠮᠢᠶᠠᠷᠤᠯᠲᠠ ᠶᠢᠨ ᠴᠢᠳᠠᠪᠤᠷᠢ ᠪᠠᠨ | ᠨᠡᠮᠡᠭᠳᠡᠭᠦᠯᠬᠦ ᠬᠡᠷᠡᠭᠳᠡᠢ᠃ ᠰᠤᠷᠭᠠᠭᠤᠯᠢ ᠶᠢᠨ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ᠂ ᠬᠢᠨᠠᠨ ᠪᠤᠳᠤᠬᠤ ᠪᠠ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯᠲᠠᠨ ᠤ ᠲᠣᠬᠢᠷᠠᠭᠤᠯᠤᠯᠲᠠ ᠪᠠᠨ ᠴᠢᠩᠭᠠᠳᠬᠠᠵᠤ᠂ ᠰᠣᠷᠣᠭᠴᠢ ᠶᠢ | ᠲᠤᠰᠠᠯᠠᠬᠤ᠂ ᠵᠠᠷᠤᠳᠠᠯ ᠢ ᠬᠢᠨᠠᠨ ᠬᠠᠮᠢᠶᠠᠷᠬᠤ᠂ ᠰᠠᠭᠤᠷᠢ ᠮᠥᠩᠭᠦᠨ ᠤ ᠨᠡᠶᠢᠭᠡᠮᠯᠢᠭ ᠵᠡᠷᠭᠡ ᠡᠩᠨᠡᠭᠡ ᠶᠢᠨ | ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠳᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠲᠣᠭᠤᠷᠢᠭ ᠤᠨ ᠵᠠᠰᠠᠭ ᠤᠨ ᠣᠷᠳᠣᠨ︶ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠᠨ ᠲᠠᠪᠤ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ | ᠲᠣᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ | ᠣᠷᠣᠭᠤᠯᠤᠯᠲᠠ ᠶᠢᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠵᠦ᠂ ᠠᠵᠢᠯ ᠤᠨ ᠲᠣᠭᠲᠠᠴᠠ ᠪᠠᠨ | ᠪᠦᠷᠢᠨᠰᠢᠬᠦᠯᠦᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ | ᠬᠦᠴᠦᠨ ᠢ ᠪᠣᠶ ᠪᠣᠯᠭᠠᠵᠤ᠂ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠲᠣᠭᠲᠠᠴᠠ ᠪᠠᠨ | ᠲᠡᠭᠦᠯᠳᠡᠷᠵᠢᠭᠦᠯᠬᠦ᠂ ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ ᠪᠦᠲᠦᠴᠡ ᠪᠠᠨ ᠰᠢᠯᠢᠳᠡᠭᠵᠢᠭᠦᠯᠬᠦ᠂ | ᠰᠤᠷᠭᠠᠨ ᠬᠥᠮᠦᠵᠢᠯ ᠤᠨ ᠵᠠᠷᠤᠳᠠᠯ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠬᠡᠷᠡᠭᠯᠡᠬᠦ ᠵᠡᠷᠭᠡ ᠡᠯ᠎ᠡ ᠵᠦᠢᠯ ᠤᠨ | ᠡᠭᠦᠷᠭᠡ ᠶᠢ ᠬᠢᠨᠠᠮᠠᠭᠠᠶ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠵᠠᠷᠤᠳᠠᠯ ᠤᠨ | ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠡᠯ᠎ᠡ ᠲᠣᠭᠤᠷᠢᠭ ᠨᠢ ᠪᠣᠳᠠᠲᠠᠶ ᠬᠡᠷᠡᠭᠵᠢᠭᠦᠯᠬᠦ | ᠲᠥᠰᠦᠯ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠡᠭᠦᠷᠭᠡ ᠶᠢ | ᠵᠦᠢᠯ ᠳᠠᠷᠠᠭᠠᠯᠠᠨ ᠵᠠᠳᠠᠯᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠲᠤ ᠵᠦᠢᠯ ᠳᠠᠷᠠᠭᠠᠯᠠᠨ ᠨᠠᠶᠢᠳᠠᠪᠤᠷᠢᠵᠢᠭᠤᠯᠵᠤ᠂ | ᠴᠠᠭ ᠤᠨ ᠬᠦᠰᠦᠨᠦᠭᠲᠦ ᠵᠠᠮ ᠱᠤᠭᠤᠮ ᠤᠨ ᠵᠢᠷᠤᠭ ᠢ ᠲᠣᠳᠣᠷᠬᠠᠶᠢᠯᠠᠨ᠂ ᠣᠨ ᠬᠤᠪᠢᠶᠠᠨ᠂ ᠠᠯᠬᠤᠮ | ᠳᠠᠷᠠᠭ᠎ᠠ ᠲᠠᠢ ᠪᠠᠷ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ | ᠲᠣᠭᠤᠷᠢᠭ ᠤᠨ ᠬᠢᠨ 2021 ᠣᠨ ᠤ 5 ᠰᠠᠷ᠎ᠠ ᠶᠢᠨ ᠰᠡᠭᠦᠯᠴᠢ ᠠᠴᠠ ᠡᠮᠦᠨ᠎ᠡ ᠲᠣᠭᠲᠠᠭᠠᠭᠰᠠᠨ ᠪᠣᠳᠠᠲᠠᠶ | ᠬᠡᠷᠡᠭᠵᠢᠭᠦᠯᠬᠦ ᠲᠥᠰᠦᠯ ᠢᠶᠠᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ | ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠪᠤᠯᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠳᠡᠢ᠃ ︵ᠬᠠᠷᠢᠭᠤᠴᠠᠯᠭᠠᠲᠤ | ᠨᠢᠭᠡᠴᠡ᠄ ᠡᠯ᠎ᠡ ᠲᠣᠭᠤᠷᠢᠭ ᠤᠨ ᠵᠠᠰᠠᠭ ᠤᠨ ᠣᠷᠳᠣᠨ︶ | ︵ᠠᠷᠪᠠᠨ ᠵᠢᠷᠭᠤᠭ᠎ᠠ︶ ᠰᠢᠮᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠭᠡᠮᠵᠢᠯᠡᠬᠦ ᠪᠠᠨ ᠴᠢᠩᠭᠠᠳᠬᠠᠬᠤ | ᠬᠡᠷᠡᠭᠳᠡᠢ᠃ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠵᠠᠷᠤᠳᠠᠯ ᠢ ᠠᠰᠢᠭᠯᠠᠯᠲᠠ ᠳᠤ ᠣᠷᠣᠭᠤᠯᠵᠤ | ᠬᠠᠮᠢᠶᠠᠷᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ | ᠲᠣᠭᠤᠷᠢᠭ ᠤᠨ ᠬᠢᠨ ᠬᠤᠲᠠ ᠶᠢᠨ ᠰᠤᠷᠭᠠᠨ ᠬᠥᠮᠦᠵᠢᠯ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠲᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠶ᠃ ᠬᠤᠲᠠ ᠶᠢᠨ ᠰᠤᠷᠭᠠᠨ ᠬᠥᠮᠦᠵᠢᠯ ᠤᠨ ᠬᠢᠨᠠᠨ | ᠵᠢᠯᠣᠭᠤᠳᠬᠤ ᠵᠥᠪᠯᠡᠯ ᠤᠨ ᠠᠯᠪᠠᠨ ᠬᠡᠷ ᠨᠢ ᠰᠤᠷᠭᠠᠨ ᠬᠥᠮᠦᠵᠢᠯ ᠤᠨ ᠵᠠᠷᠤᠳᠠᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠲᠤᠰᠬᠠᠶ ᠰᠢᠮᠳᠠᠭᠤᠯᠤᠨ ᠪᠠᠶᠢᠴᠠᠭᠠᠬᠤ ᠡᠭᠦᠷᠭᠡ ᠳᠤ ᠣᠷᠣᠭᠤᠯᠵᠤ᠂ ᠵᠢᠯ ᠪᠦᠷᠢ ᠠᠳᠠᠭ ᠲᠠᠭᠠᠨ ᠨᠢᠭᠡ | ᠤᠳᠠᠭ᠎ᠠ ᠰᠢᠮᠳᠠᠭᠤᠯᠤᠨ ᠪᠠᠶᠢᠴᠠᠭᠠᠬᠤ ᠶᠢᠨ ᠬᠠᠮᠲᠤ᠂ ᠨᠡᠶᠢᠭᠡᠮ ᠳᠤ ᠰᠢᠮᠳᠠᠭᠤᠯᠤᠨ ᠪᠠᠶᠢᠴᠠᠭᠠᠭᠰᠠᠨ ᠦᠷ᠎ᠡ | ᠳ᠋ᠦᠩ ᠢᠶᠠᠨ ᠨᠡᠶᠢᠲᠡᠯᠡᠬᠦ ᠬᠡᠷᠡᠭᠲᠡᠶ᠃ ᠰᠢᠮᠳᠠᠭᠤᠯᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ | ᠡᠷᠡᠰ ᠢᠶᠠᠷ ᠴᠡᠭᠴᠡᠯᠡᠨ ᠥᠭᠡᠷᠡᠴᠢᠯᠡᠵᠦ ᠬᠠᠷᠢᠭᠤᠴᠠᠯᠭ᠎ᠠ ᠨᠡᠬᠡᠮᠵᠢᠯᠡᠵᠦ᠂ ᠡᠳ᠋ ᠤᠨ ᠵᠠᠰᠠᠭ ᠠᠵᠤ ᠠᠬᠤᠢ ᠶᠢᠨ | ᠰᠠᠬᠢᠯᠭ᠎ᠠ ᠪᠠᠲᠤ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ | ᠬᠡᠷᠡᠭᠲᠡᠢ᠃ ︵ᠬᠠᠷᠢᠭᠤᠴᠠᠬᠤ ᠨᠢᠭᠡᠴᠡ᠄ ᠡᠯ᠎ᠡ ᠲᠣᠭᠤᠷᠢᠭ ᠤᠨ ᠵᠠᠰᠠᠭ ᠤᠨ ᠣᠷᠳᠣᠨ︶ | ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠠᠯᠪᠠᠨ ᠭᠡᠷ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠤᠨ ᠬᠢᠨᠠᠨ | ᠪᠠᠶᠢᠴᠠᠭᠠᠬᠤ ᠵᠥᠪᠯᠡᠯ᠂ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃ | | | | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2021 ᠣᠨ ᠤ 4 ᠰᠠᠷ᠎ᠠ ᠶᠢᠨ 9 ᠤ ᠡᠳᠦᠷ ᠲᠠᠷᠣᠮᠠᠯᠯᠠᠨ ᠲᠠᠷᠬᠠᠭᠠᠪᠠ | | | | | |