ᠦᠬᠠᠶ ᠵᠠᠰᠠᠭ ᠠᠯᠪᠠᠨ ᠲᠠᠷᠬᠠᠭᠠᠭᠰᠠᠨ︹2021︺9 ᠳ᠋ᠤᠭᠠᠷ ᠲᠣᠭᠠᠲᠤ | ︽ᠦᠬᠠᠶ ᠬᠤᠲᠠ ᠶᠢᠨ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠲᠤᠬᠠᠶ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 ᠣᠨ — 2023 ᠣᠨ︶︾ ᠢ | ᠲᠠᠷᠬᠠᠭᠠᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣ᠋᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠶ ᠬᠤᠲᠠ ᠶᠢᠨ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠲᠤᠬᠠᠶ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 ᠣᠨ — 2023 ᠣᠨ︶︾ ᠢ | ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠡᠷᠬᠠᠭᠠᠪᠠ᠂ | ᠬᠢᠨᠠᠮᠠᠭᠠᠶ ᠰᠠᠶᠢᠲᠤᠷ ᠠᠳᠬᠤᠵᠦ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | 2021 ᠣᠨ ᠤ 4 ᠰᠠᠷ᠎ᠠ ᠶᠢᠨ 30 ᠤ ᠡᠳᠦᠷ | ᠦᠬᠠᠶ ᠬᠤᠲᠠ ᠶᠢᠨ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠲᠤᠬᠠᠶ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 ᠣᠨ — 2023 ᠣᠨ︶ | ᠰᠢ ᠶᠢᠨ ᠫᠢᠩ ᠶᠡᠷᠦᠩᠬᠡᠶ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ︽ᠦᠬᠠᠶ ᠵᠢᠴᠢ ᠡᠷᠭᠢᠨ | ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ︾ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠦᠬᠠᠶ ᠵᠢᠴᠢ ᠡᠷᠬᠢᠨ ᠲᠣᠭᠤᠷᠢᠨ ᠤ ᠭᠠᠵᠠᠷ | ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢᠨ ᠬᠡᠷᠡᠭᠵᠢᠭᠦᠯᠬᠦ ᠲᠥᠰᠦᠯ︾ ︵ᠥᠪᠥᠷ | ᠵᠠᠰᠠᠭ ᠲᠠᠷᠬᠠᠭᠠᠭᠰᠠᠨ︹2020︺26 ᠳ᠋ᠤᠭᠠᠷ ᠲᠣᠭᠠᠲᠤ︶ ᠪᠠ ︽ᠦᠬᠠᠶ ᠬᠤᠲᠠ ᠶᠢᠨ ᠠᠮᠢ ᠠᠬᠤᠶ ᠶᠢᠨ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — | 2023 ᠣᠨ︶︾ ︵ᠦᠬᠠᠶ ᠵᠠᠰᠠᠭ ᠲᠠᠷᠬᠠᠭᠠᠭᠰᠠᠨ︹2021︺11 ᠳ᠋ᠣᠭᠠᠷ ᠲᠣᠭᠠᠲᠤ︶ ᠢ ᠴᠢᠩᠭ᠎ᠠ ᠪᠥᠭᠡᠳ | ᠨᠠᠷᠢᠨ ᠪᠣᠳᠠᠲᠠᠶ ᠪᠠᠷ ᠨᠠᠶᠢᠳᠠᠪᠤᠷᠢᠵᠢᠭᠤᠯᠵᠤ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠶᠢ ᠪᠥᠬᠦ ᠬᠦᠴᠦᠨ ᠢᠶᠠᠷ ᠢᠶᠠᠨ ᠡᠷᠡᠰ ᠬᠦᠴᠦᠲᠡᠶ ᠰᠠᠶᠢᠲᠤᠷ ᠠᠳᠬᠤᠬᠤ ᠶᠢᠨ ᠲᠦᠯᠦᠬᠡ᠂ | ᠣᠨᠴᠣᠭᠤᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠵᠠᠰᠠᠬᠤ ᠬᠠᠷᠠᠯᠲᠠ | ᠵᠠᠳᠠᠭᠠᠶ ᠨᠡᠭᠦᠷᠡᠰᠦᠨ ᠠᠭᠤᠷᠬᠠᠶ ᠶᠢᠨ ᠠᠭᠤᠷᠬᠠᠶ ᠶᠢᠨ ᠦᠢᠯᠡᠰ ᠤᠨ ᠡᠷᠬᠡ ᠶᠢ ᠡᠮᠬᠢᠯᠡᠨ ᠨᠡᠶᠢᠯᠡᠭᠦᠯᠵᠦ ᠳᠠᠬᠢᠨ | ᠵᠣᠬᠢᠶᠠᠨ ᠪᠠᠶᠢᠭᠤᠯᠬᠤ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ | ᠲᠥᠪᠯᠡᠷᠡᠭᠦᠯᠦᠨ ᠨᠡᠭᠡᠭᠡᠨ ᠠᠰᠢᠭᠯᠠᠬᠤ ᠶᠢ ᠪᠡᠶᠡᠯᠡᠭᠦᠯᠵᠦ᠂ ᠰᠢᠷᠣᠶ ᠭᠠᠳᠠᠭᠰᠢᠯᠠᠭᠤᠯᠬᠤ ᠲᠠᠯᠠᠪᠠᠶ ᠶᠢ ᠲᠥᠪᠯᠡᠷᠡᠭᠦᠯᠦᠨ | ᠵᠠᠯᠭᠠᠯᠳᠤᠭᠤᠯᠤᠨ ᠵᠠᠰᠠᠬᠤ ᠶᠢ ᠪᠦᠲᠦᠮᠵᠢᠲᠡᠶ ᠳᠥᠯᠭᠢᠨ ᠠᠬᠢᠭᠤᠯᠵᠤ᠂ ᠠᠭᠤᠷᠬᠠᠶ ᠶᠢᠨ ᠣᠷᠣᠨ ᠤ ᠲᠥᠷᠥᠯ ᠵᠦᠢᠯ | ᠨᠢᠭᠲᠠᠷᠠᠭᠰᠠᠨ᠂ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠡᠮᠬᠢ ᠵᠠᠮᠪᠠᠷᠠᠭ᠎ᠠ ᠥᠬᠡᠶ ᠪᠠᠶᠢᠬᠤ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠨ᠎ᠡ᠃ ᠪᠦᠬᠦ ᠪᠥᠮᠪᠥᠷᠴᠡᠭ ᠤᠨ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠤᠪᠢᠰᠬᠠᠯ᠂ ᠠᠵᠤ ᠦᠢᠯᠡᠰ ᠤᠨ ᠬᠤᠪᠢᠰᠬᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ | ᠨᠡᠭᠦᠷᠡᠰᠦᠨ ᠤ ᠠᠵᠢᠯ ᠲᠥᠷᠥᠯ ᠤᠨ ᠣᠶᠤᠨᠴᠢᠯᠠᠭᠰᠠᠨ ᠬᠥᠭᠵᠢᠯᠲᠡ ᠲᠡᠰᠢ ᠲᠦᠷᠭᠡᠨ ᠤᠷᠤᠭᠰᠢᠯᠠᠬᠤ ᠶᠢ | ᠢᠳᠡᠪᠬᠢᠲᠡᠶ ᠪᠠᠷ ᠠᠬᠢᠭᠤᠯᠵᠤ᠂ ᠨᠡᠭᠦᠷᠡᠰᠦᠨ ᠤ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢ | ᠠᠬᠢᠭᠤᠯᠵᠤ᠂ ᠨᠡᠭᠦᠷᠡᠰᠦᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠵᠦ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠᠷ ᠨᠡᠭᠦᠷᠡᠰᠦᠨ ᠤ ᠦᠢᠯᠡᠳᠪᠦᠷᠢᠯᠡᠯ ᠤᠨ ᠠᠷᠭ᠎ᠠ ᠮᠠᠶ᠋ᠢᠭ ᠤᠨ | ᠬᠤᠪᠢᠰᠦᠯᠳᠡ ᠶᠢ ᠠᠬᠢᠭᠤᠯᠵᠤ᠂ ᠠᠮᠢ ᠠᠬᠤᠶ ᠶᠢ ᠣᠷᠢᠳᠠᠪᠡᠷ ᠪᠤᠲᠤᠯᠭᠢᠯᠠᠬᠤ᠂ ᠪᠣᠬᠢᠷᠲᠤᠯ ᠥᠬᠡᠶ ᠪᠠᠷ ᠬᠦᠭᠵᠢᠬᠦᠯᠬᠦ ᠶᠢ | ᠪᠠᠷᠢᠮᠲᠠᠯᠠᠨ᠂ 2021 ᠣᠨ ᠤ ᠡᠴᠦᠰ ᠲᠤ ᠲᠣᠭᠲᠠᠴᠠ ᠪᠠᠨ ᠪᠦᠷᠢᠨᠰᠢᠬᠦᠯᠬᠦ᠂ ᠠᠭᠤᠷᠬᠠᠶ ᠶᠢᠨ ᠣᠷᠣᠨ ᠢ ᠡᠮᠬᠢᠯᠡᠨ | ᠨᠡᠶᠢᠯᠡᠭᠦᠯᠵᠦ ᠵᠢᠱᠢᠶ᠎ᠡ ᠦᠵᠡᠭᠦᠯᠬᠦ ᠠᠭᠤᠷᠬᠠᠶ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠦᠨ | ᠥᠷᠨᠢᠭᠦᠯᠬᠦ ᠶᠢ ᠦᠨᠡᠨᠬᠦ ᠪᠠᠲᠤᠯᠠᠵᠤ᠂ 2022 ᠣᠨ ᠤ ᠡᠴᠦᠰ ᠠᠴᠠ ᠡᠮᠦᠨ᠎ᠡ ᠵᠠᠳᠠᠭᠠᠶ ᠨᠡᠭᠦᠷᠡᠰᠦᠨ ᠠᠭᠤᠷᠬᠠᠶ ᠶᠢᠨ | ᠠᠭᠤᠷᠬᠠᠶ ᠶᠢᠨ ᠦᠢᠯᠡᠰ ᠤᠨ ᠡᠷᠬᠡ ᠶᠢ ᠡᠮᠬᠢᠯᠡᠨ ᠨᠡᠶᠢᠯᠡᠭᠦᠯᠬᠦ ᠠᠵᠢᠯ ᠢ ᠪᠣᠳᠠᠲᠤ ᠠᠬᠢᠴᠠ ᠲᠠᠢ ᠪᠣᠯᠭᠠᠵᠤ᠂ 2023 | ᠣᠨ ᠤ ᠡᠴᠦᠰ ᠲᠤ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠪᠡᠶᠡᠯᠡᠭᠦᠯᠦᠨ᠂ ᠪᠣᠶ | ᠪᠥᠬᠦᠶ ᠨᠡᠭᠦᠷᠡᠰᠦᠨ ᠠᠭᠤᠷᠬᠠᠶ ᠶᠢ ᠠᠯᠬᠤᠮ ᠠᠯᠬᠤᠮ ᠢᠶᠠᠷ ᠪᠣᠬᠢᠷᠲᠤᠯ ᠥᠬᠡᠶ ᠠᠭᠤᠷᠬᠠᠶ ᠪᠤᠯᠭᠠᠨ ᠪᠠᠶᠢᠭᠤᠯᠤᠨ | ᠳᠠᠭᠤᠰᠬᠠᠵᠤ᠂ ᠮᠠᠨ ᠤ ᠬᠤᠲᠠ ᠶᠢᠨ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠢᠯᠡᠳᠲᠡ | ᠰᠠᠶᠢᠵᠢᠷᠠᠭᠤᠯᠤᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ ᠬᠢᠭᠡᠳ ᠪᠣᠳᠠᠲᠠᠶ ᠠᠵᠢᠯ ᠤᠨ ᠠᠷᠭ᠎ᠠ ᠬᠡᠮᠵᠢᠶ᠎ᠡ | ︵ᠨᠢᠭᠡ︶ ᠠᠭᠤᠷᠬᠠᠶ ᠶᠢᠨ ᠣᠷᠣᠨ ᠤ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠠᠵᠢᠯᠯᠠᠭ᠎ᠠ ᠶᠢ | ᠴᠢᠩᠭᠠᠷᠠᠭᠤᠯᠬᠤ ᠬᠡᠷᠡᠭᠳᠡᠢ | ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠬᠠᠮᠵᠢᠯᠴᠠᠬᠤ ᠡᠷᠴᠢᠮ ᠢᠶᠠᠨ ᠴᠢᠩᠭᠠᠷᠠᠭᠤᠯᠵᠤ᠂ ᠬᠢᠵᠠᠭᠠᠷ ᠤᠨ | ᠳᠣᠲᠣᠷᠠᠬᠢ ︽ᠭᠤᠷᠪᠠᠨ ᠡᠷᠬᠡ ᠶᠢ ᠦᠯᠦ ᠬᠤᠪᠢᠷᠠᠭᠤᠯᠬᠤ︾ ᠠᠵᠤ ᠠᠬᠤᠶᠢᠯᠠᠯ ᠳᠤ ᠨᠢᠭᠡᠳᠦᠯᠲᠡᠶ ᠬᠠᠤᠯᠢ | ᠬᠡᠷᠡᠭᠵᠢᠭᠦᠯᠬᠦ ᠶᠢ ᠪᠡᠶᠡᠯᠡᠭᠦᠯᠬᠦ ᠬᠡᠷᠡᠭᠳᠡᠢ᠃ ᠬᠠᠷᠢᠶ᠎ᠠ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ 2021 | ᠣᠨ ᠤ 4 ᠰᠠᠷ᠎ᠠ ᠶᠢᠨ 1 ᠤ ᠡᠳᠦᠷ ᠠᠴᠠ ᠡᠬᠢᠯᠡᠨ᠂ ᠬᠠᠷᠢᠶ᠎ᠠ ᠣᠷᠣᠨ ᠤ ᠳᠣᠲᠣᠷᠠᠬᠢ ᠣᠷᠳᠣᠰ ᠬᠤᠲᠠ ᠶᠢᠨ ᠮᠠᠨ ᠤ | ᠬᠤᠲᠠ ᠶᠢᠨ ᠬᠢᠵᠠᠭᠠᠷ ᠳᠣᠲᠣᠷᠠᠬᠢ ︽ᠭᠤᠷᠪᠠᠨ ᠡᠷᠬᠡ ᠶᠢ ᠦᠯᠦ ᠬᠤᠪᠢᠷᠠᠭᠤᠯᠬᠤ︾ ᠠᠵᠤ ᠠᠬᠤᠶᠢᠯᠠᠯ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠳᠤ ᠬᠠᠷᠢᠶ᠎ᠠ ᠣᠷᠣᠨ ᠤ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠵᠦ᠂ ᠡᠭᠦᠨ ᠳᠤ ᠭᠤᠣᠯᠳᠠᠭᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠭᠠᠵᠠᠷ | ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ᠂ ᠰᠢᠷᠣᠶ ᠭᠠᠳᠠᠭᠰᠢᠯᠠᠭᠤᠯᠬᠤ ᠲᠠᠯᠠᠪᠠᠢ ᠶᠢ ᠵᠢᠷᠤᠮᠵᠢᠭᠤᠯᠤᠨ ᠵᠠᠰᠠᠬᠤ᠂ | ᠡᠨᠧᠷᠭᠢ ᠶᠢᠨ ᠰᠠᠯᠠᠭ᠎ᠠ ᠮᠥᠴᠢᠷ ᠤᠨ ᠨᠡᠭᠦᠷᠡᠰᠦᠨ ᠳᠠᠪᠬᠤᠷᠭ᠎ᠠ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠪᠠ ᠰᠢᠷᠣᠶ | ᠭᠠᠳᠠᠭᠰᠢᠯᠠᠭᠤᠯᠬᠤ ᠲᠠᠯᠠᠪᠠᠢ ᠶᠢᠨ ᠥᠪᠡᠰᠦᠪᠡᠨ ᠨᠣᠴᠣᠬᠤ ᠶᠢ ᠵᠠᠰᠠᠬᠤ᠂ ᠠᠭᠤᠷᠬᠠᠶ ᠶᠢᠨ ᠣᠷᠣᠨ ᠤ ᠳᠡᠭᠳᠡᠮᠡᠯ | ᠲᠣᠭᠤᠰᠣ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ | ᠮᠥᠴᠢᠷ ᠤᠨ ᠵᠠᠳᠠᠭᠠᠶ ᠪᠠᠷ ᠨᠡᠭᠡᠭᠡᠨ ᠮᠠᠯᠲᠠᠬᠤ ᠠᠵᠤ ᠠᠬᠤᠶᠢᠯᠠᠯ ᠤᠨ ᠲᠡᠯᠪᠡᠷᠡᠬᠦ ᠪᠤᠳᠠᠰ ᠢ ᠵᠠᠬᠢᠷᠤᠨ ᠬᠠᠮᠢᠶᠠᠷᠬᠤ᠂ | ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠲᠤᠬᠠᠶ ᠶᠢᠨ ᠲᠠᠯᠠᠪᠤᠷ ᠤᠨ ᠬᠠᠤᠯᠢ | ᠬᠡᠷᠡᠭᠵᠢᠭᠦᠯᠦᠯᠲᠡ ᠵᠢᠴᠢ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠵᠡᠷᠭᠡ ᠪᠠᠭᠲᠠᠨ᠎ᠠ᠃ ᠤᠷᠳᠤᠰ | ᠬᠤᠳᠠ ᠶᠢᠨ ᠮᠠᠨ ᠤ ᠬᠤᠳᠠ ᠶᠢᠨ ᠬᠢᠵᠠᠭᠠᠷ ᠳᠣᠲᠣᠷᠠᠬᠢ ︽ᠭᠤᠷᠪᠠᠨ ᠡᠷᠬᠡ ᠶᠢ ᠦᠯᠦ ᠬᠤᠪᠢᠷᠠᠭᠤᠯᠬᠤ︾ | ᠠᠭᠤᠷᠬᠠᠶ ᠶᠢᠨ ᠠᠵᠤ ᠠᠬᠤᠶᠢᠯᠠᠯ ᠤᠳ ᠮᠠᠨ ᠤ ᠬᠤᠳᠠ ᠶᠢᠨ ᠬᠤᠯᠪᠤᠭᠳᠠᠯ ᠪᠥᠬᠦᠢ ᠲᠥᠯᠥᠪᠵᠢᠭᠦᠯᠭᠡ ᠶᠢᠨ ᠵᠢᠷᠤᠭ | ᠲᠥᠯᠥᠪᠯᠡᠭᠡ ᠬᠢᠭᠡᠳ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ | ᠨᠡᠭᠡᠭᠡᠨ ᠬᠥᠭᠵᠢᠭᠦᠯᠵᠦ ᠡᠮᠬᠢᠯᠡᠨ ᠨᠡᠶᠢᠯᠡᠭᠦᠯᠵᠦ ᠲᠠᠬᠢᠨ ᠵᠣᠬᠢᠶᠠᠨ ᠪᠠᠶᠢᠭᠤᠯᠬᠤ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠬᠠᠮᠲᠤᠷᠠᠨ ᠭᠠᠳᠠᠭᠰᠢᠯᠠᠭᠤᠯᠬᠤ᠂ ᠬᠠᠮᠲᠤᠷᠠᠨ ᠵᠠᠰᠠᠬᠤ ᠶᠢ ᠪᠡᠶᠡᠯᠡᠭᠦᠯᠵᠦ᠂ ᠬᠠᠮᠤᠭ ᠡᠴᠦᠰ ᠲᠤ | ᠬᠠᠮᠲᠤᠷᠠᠨ ᠮᠠᠯᠲᠠᠬᠤ ᠶᠢ ᠪᠡᠶᠡᠯᠡᠭᠦᠯᠬᠦ ᠬᠡᠷᠡᠭᠲᠡᠶ᠃ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠶᠣᠰᠣᠭᠠᠷ᠂ | ︽ᠭᠤᠷᠪᠠᠨ ᠡᠷᠬᠡ ᠶᠢ ᠦᠯᠦ ᠬᠤᠪᠢᠷᠠᠭᠤᠯᠬᠤ︾ ᠠᠭᠤᠷᠬᠠᠶ ᠶᠢᠨ ᠠᠵᠤ ᠠᠬᠤᠶᠢᠯᠠᠯ ᠨᠢ ᠦᠢᠯᠡᠳᠪᠦᠷᠢᠯᠡᠯ ᠤᠨ | ᠬᠡᠪᠴᠢᠶ᠎ᠡ ᠪᠠᠨ ᠥᠷᠭᠡᠳᠬᠡᠬᠦ᠂ ᠨᠡᠭᠡᠭᠡᠨ ᠮᠠᠯᠲᠠᠬᠤ ᠠᠷᠭ᠎ᠠ ᠮᠠᠶ᠋ᠢᠭ ᠢᠶᠠᠨ ᠬᠤᠪᠢᠷᠠᠭᠤᠯᠬᠤ ᠳᠠᠭᠠᠨ ᠡᠷᠬᠡᠪᠰᠢ ᠪᠠᠶᠢᠭ᠎ᠠ | ᠭᠠᠵᠠᠷ ᠤᠨ ᠢᠶᠠᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠬᠦ ᠬᠡᠷᠡᠭᠲᠡᠶ᠃ | ︵ᠬᠤᠶᠠᠷ︶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠡᠮᠬᠢᠯᠡᠨ ᠨᠡᠶᠢᠯᠡᠭᠦᠯᠵᠦ | ᠲᠠᠬᠢᠨ ᠵᠣᠬᠢᠶᠠᠨ ᠪᠠᠶᠢᠭᠤᠯᠬᠤ ᠠᠵᠢᠯᠯᠠᠭ᠎ᠠ ᠶᠢ ᠲᠦᠷᠭᠡᠪᠴᠢᠯᠡᠨ ᠠᠬᠢᠭᠤᠯᠬᠤ ᠬᠡᠷᠡᠭᠳᠡᠢ | 1. ᠨᠡᠭᠦᠷᠡᠰᠦᠨ ᠠᠭᠤᠷᠬᠠᠶ ᠶᠢᠨ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ | ᠪᠠᠶᠢᠭᠤᠯᠬᠤ ᠶᠢ ᠠᠬᠢᠭᠤᠯᠬᠤ ᠬᠡᠷᠡᠭᠳᠡᠢ | ︵1︶ ︽ᠨᠡᠭᠦᠷᠡᠰᠦᠨ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠲᠣᠭᠲᠠᠭᠠᠯ︾ ︵ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ 2012 | ᠣᠨ ᠤ 14 ᠳ᠋ᠣᠬᠡᠷ ᠲᠣᠭᠠᠲᠤ ᠵᠠᠷᠯᠢᠭ︶ ᠤᠨ ᠱᠠᠭᠠᠷᠳᠠᠯᠭ᠎ᠠ ᠶᠣᠰᠣᠭᠠᠷ᠂ ᠵᠠᠳᠠᠭᠠᠶ ᠨᠡᠭᠦᠷᠡᠰᠦᠨ ᠠᠭᠤᠷᠬᠠᠶ ᠶᠢᠨ | ᠠᠭᠤᠷᠬᠠᠶ ᠶᠢᠨ ᠦᠢᠯᠡᠰ ᠤᠨ ᠡᠷᠬᠡ ᠵᠢᠴᠢ ᠡᠷᠬᠢᠨ ᠲᠣᠭᠤᠷᠢᠨ ᠤ ᠬᠤᠭᠤᠰᠣᠨ ᠡᠬᠢ ᠪᠠᠶᠠᠯᠢᠭ ᠤᠨ ᠲᠠᠷᠬᠠᠯᠲᠠ ᠶᠢᠨ | ᠪᠠᠶᠢᠳᠠᠯ ᠢ ᠡᠮᠬᠢᠯᠡᠨ ᠨᠡᠶᠢᠯᠡᠭᠦᠯᠬᠦ ᠪᠠᠷ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠪᠠᠶᠢᠭᠠᠯᠢ ᠶᠢᠨ ᠡᠬᠢ ᠪᠠᠶᠠᠯᠢᠭ ᠤᠨ | ᠰᠠᠯᠠᠭ᠎ᠠ ᠮᠥᠴᠢᠷ ᠤᠳ ᠲᠣᠭᠲᠠᠭᠰᠠᠨ ᠴᠠᠭ ᠬᠤᠭᠤᠴᠠᠭ᠎ᠠ ᠶᠣᠰᠣᠭᠠᠷ ︽ᠦᠬᠠᠶ ᠬᠤᠲᠠ ᠶᠢᠨ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠡᠷᠦᠩᠬᠡᠶ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ | ᠠᠵᠢᠯ ᠢ ᠪᠡᠶᠡᠯᠡᠭᠦᠯᠵᠦ᠂ ᠡᠨᠧᠷᠭᠢ ᠶᠢᠨ ᠰᠠᠯᠠᠭ᠎ᠠ ᠮᠥᠴᠢᠷ ︽ᠦᠬᠠᠶ ᠬᠤᠲᠠ ᠶᠢᠨ ᠠᠭᠤᠷᠬᠠᠶ ᠶᠢᠨ ᠣᠷᠣᠨ ᠤ ᠶᠡᠷᠦᠩᠬᠡᠶ | ᠲᠥᠯᠥᠪᠵᠢᠭᠦᠯᠭᠡ︾ ᠶᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠦᠪᠯᠡᠯ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠪᠠᠷ ᠲᠦᠷᠭᠡᠪᠴᠢᠯᠡᠨ ᠵᠣᠬᠢᠴᠠᠭᠤᠯᠬᠤ | ᠬᠡᠷᠡᠭᠳᠡᠢ᠃ | ︵2︶ ︽ᠦᠬᠠᠶ ᠬᠤᠲᠠ ᠶᠢᠨ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ︾ ᠶᠢ ᠦᠨᠳᠦᠰᠦᠯᠡᠨ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ | ᠬᠠᠤᠯᠢ︾ ︽ᠨᠡᠭᠦᠷᠡᠰᠦᠨ ᠠᠭᠤᠷᠬᠠᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠮᠡᠷᠭᠡᠵᠢᠯ ᠤᠨ ᠥᠭᠡᠷᠡᠴᠢᠯᠡᠯᠲᠡ ᠶᠢᠨ | ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ︵ᠠᠶᠤᠯᠭᠦᠶ ᠦᠢᠯᠡᠳᠪᠦᠷᠢᠯᠡᠯ ᠤᠨ ᠬᠢᠨᠠᠯᠲᠠ | ᠶᠢᠨ ᠶᠡᠷᠦᠩᠬᠡᠶ ᠲᠤᠪᠴᠢᠶ᠎ᠠ ᠨᠡᠭᠦᠷᠡᠰᠦᠨ ᠤ ᠬᠢᠨᠠᠯᠲᠠ ᠶᠢᠨ ᠲᠤᠪᠴᠢᠶ᠎ᠠ︹2010︺185 ᠳ᠋ᠤᠭᠠᠷ ᠲᠣᠭᠠᠲᠤ︶ | ᠵᠡᠷᠭᠡ ᠬᠤᠯᠪᠤᠭᠳᠠᠯ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ ᠪᠣᠯᠤᠨ ᠡᠨᠧᠷᠭᠢ ᠶᠢᠨ ᠰᠠᠯᠠᠭ᠎ᠠ ᠮᠥᠴᠢᠷ ᠠᠴᠠ ︽ᠦᠬᠠᠶ ᠬᠤᠲᠠ ᠶᠢᠨ ᠨᠡᠭᠦᠷᠡᠰᠦᠨ | ᠠᠭᠤᠷᠬᠠᠶ ᠶᠢᠨ ᠠᠭᠤᠷᠬᠠᠶ ᠶᠢᠨ ᠦᠢᠯᠡᠰ ᠤᠨ ᠡᠷᠬᠡ ᠶᠢ ᠡᠮᠬᠢᠯᠡᠨ ᠨᠡᠶᠢᠯᠡᠭᠦᠯᠬᠦ ᠲᠥᠰᠦᠯ︾ ᠢ ᠬᠠᠮᠲᠤᠪᠠᠷ | ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠬᠦ ᠬᠡᠷᠡᠭᠳᠡᠢ᠃ | ︵3︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠦᠬᠠᠶ ᠬᠤᠲᠠ ᠶᠢᠨ | ᠨᠡᠭᠦᠷᠡᠰᠦᠨ ᠠᠭᠤᠷᠬᠠᠶ ᠶᠢᠨ ᠠᠭᠤᠷᠬᠠᠶ ᠶᠢᠨ ᠦᠢᠯᠡᠰ ᠤᠨ ᠡᠷᠬᠡ ᠶᠢ ᠡᠮᠬᠢᠯᠡᠨ ᠨᠡᠶᠢᠯᠡᠭᠦᠯᠬᠦ ᠲᠥᠰᠦᠯ︾ ᠢ | ᠵᠥᠪᠰᠢᠶᠡᠷᠡᠭᠰᠡᠨ ᠤ ᠳᠠᠷᠠᠭ᠎ᠠ ᠡᠯ᠎ᠡ ᠲᠣᠭᠤᠷᠢᠭ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠳᠡᠢ᠃ ᠡᠯ᠎ᠡ ᠲᠤᠭᠤᠷᠢᠭ | ᠬᠠᠷᠢᠶ᠎ᠠ ᠭᠠᠵᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠨᠢ | ᠨᠦᠬᠦᠴᠡᠯ ᠳᠤ ᠬᠦᠷᠪᠡᠯ ᠨᠢᠭᠡ ᠶᠢ ᠨᠡᠶᠢᠯᠡᠭᠦᠯᠬᠦ︾ ᠵᠠᠷᠴᠢᠮ ᠶᠣᠰᠣᠭᠠᠷ᠂ ᠬᠡᠰᠡᠭ ᠬᠤᠪᠢᠶᠠᠨ ᠠᠯᠬᠤᠮ ᠬᠤᠪᠢᠶᠠᠨ | ᠬᠡᠷᠡᠭᠵᠢᠭᠦᠯᠬᠦ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ᠂ ᠡᠨᠧᠷᠭᠢ᠂ ᠤᠰᠤᠨ ᠤ ᠶᠠᠪᠤᠳᠠᠯ᠂ ᠠᠮᠢ ᠠᠬᠤᠶ ᠶᠢᠨ ᠣᠷᠴᠢᠨ | ᠲᠣᠭᠤᠷᠢᠨ᠂ ᠨᠡᠭᠦᠷᠡᠰᠦᠨ ᠤ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠤᠯᠢ | ᠲᠣᠭᠲᠠᠭᠠᠯ ᠶᠣᠰᠣᠭᠠᠷ ᠠᠭᠤᠷᠬᠠᠶ ᠶᠢᠨ ᠦᠢᠯᠡᠰ ᠤᠨ ᠡᠷᠬᠡ ᠶᠢ ᠡᠮᠬᠢᠯᠡᠨ ᠨᠡᠶᠢᠯᠡᠭᠦᠯᠵᠦ ᠬᠢᠨᠠᠨ ᠵᠥᠪᠰᠢᠶᠡᠷᠡᠬᠦ ᠰᠠᠭᠠᠳ | ᠥᠬᠡᠶ ᠨᠡᠪᠲᠡᠷᠡᠬᠦ ᠵᠠᠮ ᠢ ᠨᠡᠪᠳᠡᠷᠡᠭᠦᠯᠵᠦ᠂ ᠨᠡᠭᠦᠷᠡᠰᠦᠨ ᠤ ᠭᠠᠷᠤᠯᠲᠠ ᠶᠢᠨ ᠶᠡᠭᠡ ᠬᠡᠮᠵᠢᠶ᠎ᠡ ᠪᠠᠷ ᠬᠡᠯᠪᠡᠯᠵᠡᠬᠦ ᠠᠴᠠ | ᠬᠠᠮᠤᠭ ᠤᠨ ᠶᠡᠭᠡ ᠬᠡᠮᠵᠢᠶ᠎ᠡ ᠪᠠᠷ ᠵᠠᠶᠢᠯᠠᠰᠬᠢᠵᠦ᠂ ᠠᠭᠤᠷᠬᠠᠶ ᠶᠢᠨ ᠦᠢᠯᠡᠰ ᠤᠨ ᠡᠷᠬᠡ ᠶᠢ ᠡᠮᠬᠢᠯᠡᠨ ᠨᠡᠶᠢᠯᠡᠭᠦᠯᠬᠦ | ᠬᠤᠭᠤᠴᠠᠭᠠᠨ ᠳᠠᠬᠢ ᠨᠡᠭᠦᠷᠡᠰᠦᠨ ᠤ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠰᠢᠯᠵᠢᠬᠦ ᠶᠢ ᠪᠠᠲᠤᠯᠠᠬᠤ ᠬᠡᠷᠡᠭᠳᠡᠢ᠃ | 2. ᠨᠡᠭᠦᠷᠡᠰᠦᠨ ᠤ ᠪᠤᠰᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ | ᠠᠬᠢᠭᠤᠯᠬᠤ ᠬᠡᠷᠡᠭᠳᠡᠢ | ᠬᠠᠶᠢᠨᠠᠨ ᠲᠤᠭᠤᠷᠢᠭ ᠤᠨ ᠵᠠᠰᠠᠭ ᠤᠨ ᠣᠷᠳᠣᠨ ᠭᠤᠷᠪᠠᠳᠠᠬᠢ ᠡᠲᠡᠭᠡᠳ ᠢ ᠤᠷᠢᠵᠤ ᠬᠦᠵᠦᠭᠦᠪᠴᠢᠨ ᠰᠢᠯᠢ | ᠶᠢᠨ ᠠᠭᠤᠷᠬᠠᠶ ᠶᠢᠨ ᠣᠷᠣᠨ ᠪᠠ ᠲᠣᠰ ᠣᠷᠣᠨ ᠪᠦᠰᠡ ᠶᠢᠨ ᠳᠣᠲᠣᠷᠠᠬᠢ ᠣᠲᠣ ᠪᠠᠶᠢᠭ᠎ᠠ 11 ᠬᠦᠴᠦᠨ ᠪᠥᠬᠦᠶ | ᠠᠭᠤᠷᠬᠠᠶ ᠶᠢᠨ ᠡᠷᠬᠡ ᠶᠢ ᠳᠠᠬᠢᠨ ᠲᠥᠯᠥᠪᠵᠢᠭᠦᠯᠵᠦ᠂ ᠳᠠᠬᠢᠨ ᠪᠠᠶᠢᠷᠢᠯᠠᠭᠤᠯᠵᠤ᠂ ᠨᠡᠭᠦᠷᠡᠰᠦᠨ ᠠᠭᠤᠷᠬᠠᠶ ᠶᠢᠨ ᠪᠤᠰᠤ | ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠠᠭᠤᠷᠬᠠᠶ ᠶᠢᠨ ᠦᠢᠯᠡᠰ ᠤᠨ ᠡᠷᠬᠡ ᠶᠢ ᠳᠣᠭᠢᠷᠠᠭᠤᠯᠬᠤ ᠲᠥᠰᠦᠯ ᠢ | ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠬᠤ ᠬᠡᠷᠡᠭᠳᠡᠢ᠃ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ | ᠠᠭᠤᠷᠬᠠᠶ ᠶᠢᠨ ᠡᠷᠬᠡ ᠶᠢ ᠳᠠᠬᠢᠨ ᠵᠣᠬᠢᠶᠠᠨ ᠪᠠᠶᠢᠭᠤᠯᠬᠤ ᠶᠢ ᠥᠷᠨᠢᠭᠦᠯᠬᠦ ᠶᠢᠨ ᠵᠡᠷᠭᠡ ᠳᠤ᠂ ᠬᠦᠵᠦᠭᠦᠪᠴᠢᠨ ᠰᠢᠯᠢ | ᠶᠢᠨ ᠠᠭᠤᠷᠬᠠᠶ ᠶᠢᠨ ᠣᠷᠣᠨ ᠳᠤ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠳᠤ ᠨᠢᠭᠡᠨᠲᠡ ᠬᠤᠷᠠᠯ ᠤᠨ ᠲᠣᠪᠴᠢ ᠲᠡᠮᠳᠡᠭᠯᠡᠯ ᠭᠠᠷᠭᠠᠵᠤ ᠡᠬᠢ ᠪᠠᠶᠠᠯᠢᠭ ᠢ ᠳᠣᠭᠢᠷᠠᠭᠤᠯᠬᠤ ᠶᠢ | ᠵᠥᠪᠰᠢᠶᠡᠷᠡᠭᠰᠡᠨ ᠠᠵᠤ ᠠᠬᠤᠶᠢᠯᠠᠯ ᠤᠨ ᠴᠣᠬᠤᠶ ᠶᠢᠨ ᠴᠢᠯᠠᠭᠤᠨ ᠤ ᠬᠠᠩᠭᠠᠯᠭ᠎ᠠ ᠶᠢᠨ ᠠᠰᠠᠭᠤᠳᠠᠯ ᠵᠢᠴᠢ ᠬᠡᠰᠡᠭ | ᠠᠭᠤᠷᠬᠠᠶ ᠳᠤ ᠬᠤᠯᠪᠣᠭᠳᠠᠭᠰᠠᠨ ᠲᠡᠤᠬᠡᠨ ᠠᠴᠠ ᠦᠯᠡᠳᠡᠭᠳᠡᠵᠦ ᠢᠷᠡᠭᠰᠡᠨ ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠢ ᠰᠢᠢᠳᠪᠦᠷᠢᠯᠡᠬᠦ ᠪᠠᠷ ᠲᠥᠯᠥᠪᠯᠡᠬᠦ ᠬᠡᠷᠡᠭᠳᠡᠢ᠃ ᠪᠠᠷᠠᠭᠤᠨ ᠤᠷᠠᠨᠳᠦ᠋ᠰᠢ ᠠᠭᠤᠯᠠᠨ ᠤ ᠽᠧᠮᠡᠨ᠋ᠲ ᠤᠨ | ᠦᠢᠯᠡᠳᠪᠦᠷᠢ ᠶᠢᠨ ᠫᠢᠩ ᠲᠠᠢ ᠱᠠᠨ ᠠᠭᠤᠯᠠᠨ ᠤ ᠴᠣᠬᠤᠶ ᠶᠢᠨ ᠴᠢᠯᠠᠭᠤ ᠶᠢᠨ ᠠᠭᠤᠷᠬᠠᠶ ᠶᠢᠨ ᠣᠷᠣᠨ ᠤ ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯ ᠢ ᠲᠦᠷᠭᠡᠳᠬᠡᠨ ᠠᠬᠢᠭᠤᠯᠵᠤ᠂ ᠲᠣᠰ ᠠᠭᠤᠷᠬᠠᠶ ᠶᠢᠨ ᠣᠷᠣᠨ ᠳᠤ ᠭᠤᠷᠪᠠᠨ | ᠠᠭᠤᠷᠬᠠᠶ ᠶᠢᠨ ᠡᠷᠬᠡ ᠶᠢ ᠪᠠᠶᠢᠭᠤᠯᠤᠨ᠂ ᠵᠧᠩ ᠸᠧᠶ ᠶᠢᠨ ᠪᠠᠷᠠᠭᠤᠨ ᠤᠷᠠᠨᠳᠦ᠋ᠰᠢ ᠠᠭᠤᠯᠠᠨ ᠤ ᠽᠧᠮᠡᠨ᠋ᠲ ᠤᠨ | ᠦᠢᠯᠡᠳᠪᠦᠷᠢ ᠶᠢᠨ ᠫᠢᠩ ᠲᠠᠢ ᠱᠠᠨ ᠠᠭᠤᠯᠠ ᠪᠣᠯᠤᠨ ᠪᠠᠷᠠᠭᠤᠨ ᠤᠷᠠᠨᠳᠦ᠋ᠰᠢ ᠠᠭᠤᠯᠠᠨ ᠤ ᠽᠧᠮᠡᠨ᠋ᠲ ᠤᠨ | ᠦᠢᠯᠡᠳᠪᠦᠷᠢ ᠶᠢᠨ ᠫᠢᠩ ᠲᠠᠢ ᠱᠠᠨ ᠠᠭᠤᠯᠠᠨ ᠤ ᠡᠮᠦᠨ᠎ᠡ ᠬᠡᠰᠡᠭ ᠤᠨ 2 ᠴᠣᠬᠤᠶ ᠶᠢᠨ ᠴᠢᠯᠠᠭᠤ ᠶᠢᠨ | ᠠᠭᠤᠷᠬᠠᠶ ᠶᠢᠨ ᠬᠥᠷᠰᠢ ᠵᠡᠷᠭᠡᠯᠡᠳᠡᠭᠡ ᠪᠠᠶᠢᠭ᠎ᠠ ᠠᠭᠤᠷᠬᠠᠶ ᠶᠢᠨ ᠡᠷᠬᠡ ᠶᠢᠨ ᠬᠤᠭᠤᠰᠣᠨ ᠣᠷᠣᠨ ᠢ ᠬᠠᠤᠯᠢ ᠶᠣᠰᠣᠭᠠᠷ | ᠢᠯᠡ ᠪᠠᠷ ᠰᠢᠯᠵᠢᠭᠦᠯᠦᠨ ᠬᠤᠳᠠᠯᠳᠤᠭᠰᠠᠨ ᠤ ᠳᠠᠷᠠᠭ᠎ᠠ ᠬᠥᠷᠰᠢ ᠵᠡᠷᠭᠡᠯᠡᠳᠡᠭᠡ ᠠᠭᠤᠷᠬᠠᠶ ᠯᠤᠭ᠎ᠠ ᠡᠮᠬᠢᠯᠡᠨ ᠨᠡᠶᠢᠯᠡᠭᠦᠯᠬᠦ | ᠬᠡᠷᠡᠭᠳᠡᠢ᠃ ᠬᠠᠶᠢᠨᠠᠨ ᠲᠤᠭᠤᠷᠢᠭ ᠤᠨ ᠵᠠᠰᠠᠭ ᠤᠨ ᠣᠷᠳᠣᠨ ᠠᠴᠠ ᠭᠤᠷᠪᠠᠳᠠᠬᠢ ᠡᠲᠡᠭᠡᠳ ᠢ ᠤᠷᠢᠵᠤ ᠨᠡᠭᠦᠷᠡᠰᠦᠨ | ᠠᠭᠤᠷᠬᠠᠶ ᠶᠢᠨ ᠪᠤᠰᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠠᠭᠤᠷᠬᠠᠶ ᠶᠢᠨ ᠦᠢᠯᠡᠰ ᠤᠨ ᠡᠷᠬᠡ ᠶᠢ | ᠪᠠᠶᠢᠷᠢᠯᠠᠭᠤᠯᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠡᠰᠡᠭ ᠠᠭᠤᠷᠬᠠᠶ ᠳᠤ | ᠬᠤᠯᠪᠣᠭᠳᠠᠭᠰᠠᠨ ᠲᠡᠦᠬᠡᠨ ᠠᠴᠠ ᠦᠯᠡᠳᠡᠭᠳᠡᠵᠦ ᠢᠷᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠰᠢᠢᠳᠪᠦᠷᠢᠯᠡᠬᠦ ᠬᠡᠷᠡᠭᠳᠡᠢ᠃ ᠰᠢᠨ᠎ᠡ ᠪᠠᠷ ᠪᠠᠶᠢᠭᠤᠯᠤᠭᠰᠠᠨ ᠨᠡᠭᠦᠷᠡᠰᠦᠨ ᠤ ᠪᠤᠰᠤ ᠠᠭᠤᠷᠬᠠᠶ ᠶᠢᠨ ᠦᠢᠯᠡᠳᠪᠦᠷᠢᠯᠡᠯ ᠤᠨ | ᠬᠡᠪᠴᠢᠶ᠎ᠡ ᠶᠢ ᠡᠷᠬᠡᠪᠰᠢ ᠳᠤᠮᠳᠠ ᠬᠡᠯᠪᠡᠷᠢ ᠶᠢᠨ ᠠᠭᠤᠷᠬᠠᠶ ᠠᠴᠠ ᠳᠡᠭᠡᠭᠰᠢ ᠬᠡᠪᠴᠢᠶᠠᠨ ᠳᠤ ᠬᠦᠷᠦᠭᠦᠯᠵᠦ᠂ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠦᠷᠦᠭᠦᠯᠡᠨ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠬᠦ | ᠬᠡᠷᠡᠭᠲᠡᠶ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠥᠭᠵᠢᠭᠦᠯᠦᠯᠲᠡ | ᠪᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠶᠢᠨ ᠣᠷᠴᠢᠨ ᠲᠣᠭᠤᠷᠢᠨ᠂ ᠤᠰᠤᠨ ᠤ ᠶᠠᠪᠤᠳᠠᠯ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠵᠡᠷᠭᠡ ᠰᠠᠯᠠᠭ᠎ᠠ ᠮᠥᠴᠢᠷ ᠤᠳ ᠬᠠᠮᠵᠢᠯᠴᠠᠬᠤ ᠠᠵᠢᠯ ᠢ | ᠰᠠᠶᠢᠲᠤᠷ ᠬᠢᠬᠦ ᠬᠡᠷᠡᠭᠲᠡᠶ᠃ | 3. ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠲᠦᠷᠭᠡᠨ ᠠᠬᠢᠭᠤᠯᠬᠤ ᠶᠢ ᠨᠥᠯᠥᠭᠡᠯᠡᠵᠤ | ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠳᠡᠢ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠯᠦᠭᠡ | ᠭᠤᠶᠤᠴᠢᠯᠠᠨ ᠵᠤᠬᠢᠴᠠᠭᠤᠯᠵᠤ ᠬᠤᠯᠪᠤᠭᠳᠠᠯ ᠪᠥᠬᠦᠶ ᠭᠠᠵᠠᠷ ᠬᠡᠷᠡᠭᠯᠡᠬᠦ ᠭᠠᠷᠳᠠᠮ ᠢ ᠬᠦᠢᠴᠡᠳᠬᠡᠬᠦ ᠶᠢ ᠬᠠᠷᠢᠭᠤᠴᠠᠬᠤ | ᠬᠡᠷᠡᠭᠳᠡᠢ᠃ ᠮᠠᠯᠳᠠᠯᠳᠠ ᠶᠢᠨ ᠣᠷᠣᠨ ᠤ ᠮᠠᠯᠲᠠᠬᠤ ᠳᠤ ᠬᠡᠷᠡᠭᠰᠡᠬᠦ ᠠᠵᠤ ᠦᠢᠯᠡᠳᠪᠦᠷᠢ ᠶᠢᠨ ᠠᠭᠤᠳᠠᠮ ᠲᠠᠯᠠᠪᠠᠢ᠂ | ᠦᠢᠯᠡᠳᠪᠦᠷᠢᠯᠡᠯ ᠠᠮᠢᠳᠤᠷᠠᠯ ᠤᠨ ᠲᠣᠭᠤᠷᠢᠭ᠂ ᠨᠡᠭᠦᠷᠡᠰᠦ ᠬᠠᠳᠠᠭᠠᠯᠠᠬᠤ ᠬᠥᠮᠥᠷᠭᠡ᠂ ᠨᠡᠭᠦᠷᠡᠰᠦᠨ ᠤ ᠪᠠᠷᠠᠭᠠᠨ ᠤ | ᠭᠦᠢᠯᠭᠡᠭᠡᠨ ᠤ ᠲᠣᠭᠤᠷᠢᠭ ᠵᠡᠷᠭᠡ ᠳᠤ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠢᠨ | ᠪᠠᠶᠢᠷᠢᠯᠠᠭᠤᠯᠤᠯᠲᠠ ᠶᠣᠰᠣᠭᠠᠷ ᠭᠠᠵᠠᠷ ᠰᠢᠷᠣᠶ ᠶᠢ ᠵᠦᠢ ᠵᠣᠬᠢᠰᠲᠠᠶ ᠬᠠᠩᠭᠠᠬᠤ ᠬᠡᠷᠡᠭᠳᠡᠢ᠃ ᠥᠪᠡᠷᠲᠡᠭᠡᠨ ᠵᠠᠰᠠᠬᠤ | ᠣᠷᠣᠨ ᠠᠴᠠ ᠰᠡᠷᠭᠦᠭᠡᠨ ᠵᠠᠰᠠᠭᠰᠠᠨ ᠤ ᠳᠠᠷᠠᠭ᠎ᠠ ᠪᠣᠶ ᠪᠣᠯᠤᠭᠰᠠᠨ ᠭᠠᠵᠠᠷ ᠰᠢᠷᠣᠶ ᠶᠢ ᠳᠠᠬᠢᠨ ᠠᠰᠢᠭᠯᠠᠬᠤ | ᠲᠠᠯ᠎ᠠ ᠪᠠᠷ ᠬᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠠᠷ ᠴᠢᠷᠮᠠᠶᠢᠨ ᠣᠯᠵᠤ᠂ ᠲᠠᠷᠢᠶᠠᠯᠠᠩ ᠤᠨ | ᠦᠢᠯᠡᠳᠪᠦᠷᠢᠯᠡᠯ ᠪᠠ ᠬᠡᠷᠡᠯᠯᠢᠭ ᠴᠡᠨᠡᠭ ᠤᠨ ᠠᠵᠤ ᠦᠢᠯᠡᠰ ᠲᠤ ᠤᠷᠢᠳᠠᠪᠠᠷ ᠬᠡᠷᠡᠭᠯᠡᠵᠦ᠂ ᠰᠡᠷᠭᠦᠭᠡᠨ | ᠬᠠᠭᠠᠯᠪᠤᠷᠢᠯᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠳᠡᠢ᠃ ᠬᠠᠤᠯᠢ ᠲᠣᠭᠲᠠᠭᠠᠯ ᠠᠴᠠ | ᠵᠥᠷᠢᠴᠡᠨ ᠣᠶ ᠰᠢᠭᠤᠶ ᠡᠪᠡᠰᠦ ᠪᠡᠯᠴᠢᠭᠡᠷ ᠢ ᠡᠵᠡᠯᠡᠨ ᠬᠡᠷᠡᠭᠯᠡᠬᠦ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠲᠠᠢ | ᠤᠶᠠᠯᠳᠤᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠪᠥᠬᠦ ᠬᠤᠲᠠ ᠶᠢᠨ ᠵᠠᠳᠠᠭᠠᠶ | ᠨᠡᠭᠦᠷᠡᠰᠦᠨ ᠠᠭᠤᠷᠬᠠᠶ ᠶᠢ ᠨᠡᠭᠡᠭᠡᠨ ᠮᠠᠯᠲᠠᠵᠤ ᠨᠤᠲᠤᠭ ᠪᠡᠯᠴᠢᠭᠡᠷ ᠢ ᠳᠠᠷᠤᠵᠤ ᠡᠵᠡᠯᠡᠬᠦ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠬᠦ ᠪᠠᠷ ᠳᠡᠭᠡᠭᠰᠢ ᠭᠤᠶᠤᠴᠢᠯᠠᠬᠤ ᠶᠢ ᠬᠠᠷᠢᠭᠤᠴᠠᠬᠤ ᠬᠡᠷᠡᠭᠳᠡᠢ᠃ | ︵ᠭᠤᠷᠪᠠ︶ ᠠᠭᠤᠷᠬᠠᠶ ᠶᠢ ᠶᠡᠷᠦᠩᠬᠡᠶᠢᠯᠡᠨ ᠵᠠᠰᠠᠬᠤ ᠪᠠ ᠪᠣᠬᠢᠷᠲᠤᠯ ᠥᠭᠡᠢ ᠠᠭᠤᠷᠬᠠᠶ ᠶᠢᠨ ᠪᠥᠳᠥᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠦᠷᠨᠢᠬᠦᠯᠬᠦ ᠬᠡᠷᠡᠭᠳᠡᠢ | 1. ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠬᠦ ᠬᠡᠷᠡᠭᠳᠡᠢ᠃ ︽ᠦᠬᠠᠶ | ᠬᠤᠲᠠ ᠶᠢᠨ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ︾ ᠶᠢᠨ ᠱᠠᠭᠠᠷᠳᠠᠯᠭ᠎ᠠ ᠶᠣᠰᠣᠭᠠᠷ᠂ ᠡᠯ᠎ᠡ | ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ 2021 ᠣᠨ ᠤ 9 ᠳ᠋ᠤᠭᠡᠷ ᠰᠠᠷ᠎ᠠ ᠶᠢᠨ | ᠰᠡᠭᠦᠯᠴᠢ ᠠᠴᠠ ᠡᠮᠦᠨ᠎ᠡ ᠲᠣᠰ ᠲᠣᠰ ᠨᠢᠭᠡ ᠠᠭᠤᠷᠬᠠᠶ ᠶᠢᠨ ᠣᠷᠣᠨ ᠢ ᠡᠮᠬᠢᠯᠡᠨ ᠨᠡᠶᠢᠯᠡᠭᠦᠯᠵᠦ ᠠᠮᠢ ᠠᠬᠤᠶ ᠶᠢ | ᠰᠡᠷᠭᠦᠭᠡᠨ ᠵᠠᠰᠠᠭᠰᠠᠨ ᠵᠢᠱᠢᠶ᠎ᠡ ᠦᠵᠡᠭᠦᠯᠬᠦ ᠣᠷᠣᠨ ᠢ ᠲᠣᠭᠲᠠᠭᠠᠵᠤ᠂ ᠬᠤᠯᠪᠣᠭᠠᠯᠠᠨ ᠭᠠᠳᠠᠭᠰᠢᠯᠠᠭᠤᠯᠬᠤ ᠪᠠ | ᠬᠤᠯᠪᠣᠭᠠᠯᠠᠨ ᠵᠠᠰᠠᠬᠤ ᠶᠢ ᠪᠡᠶᠡᠯᠡᠭᠦᠯᠦᠨ᠂ ᠬᠤᠯᠪᠣᠭᠠᠯᠠᠨ ᠮᠠᠯᠲᠠᠬᠤ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠶ᠃ | 2023 ᠣᠨ ᠤ ᠡᠴᠦᠰ ᠪᠣᠯᠬᠤ ᠳᠤ᠂ ᠡᠯ᠎ᠡ ᠲᠣᠭᠤᠷᠢᠭ ᠠᠳᠠᠭ ᠲᠠᠭᠠᠨ ᠨᠢᠭᠡ ᠵᠢᠱᠢᠶ᠎ᠡ ᠦᠵᠡᠭᠦᠯᠬᠦ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ᠂ ᠡᠯ᠎ᠡ ᠲᠥᠪᠯᠡᠷᠡᠨ ᠵᠠᠯᠭᠠᠯᠳᠤᠭᠰᠠᠨ | ᠵᠠᠰᠠᠯᠲᠠ ᠶᠢᠨ ᠣᠷᠣᠨ ᠤ ᠵᠠᠰᠠᠯᠲᠠ ᠶᠢ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠠᠭ ᠤᠨ | ᠳᠠᠷᠠᠭᠠᠯᠠᠯ ᠤᠨ ᠠᠬᠢᠴᠠ ᠶᠢᠨ ᠱᠠᠭᠠᠷᠳᠠᠯᠭ᠎ᠠ ᠶᠣᠰᠣᠭᠠᠷ ᠵᠠᠰᠠᠯᠲᠠ ᠶᠢ ᠪᠡᠶᠡᠯᠡᠭᠦᠯᠦᠭᠰᠡᠨ ᠥᠬᠡᠶ ᠠᠭᠤᠷᠬᠠᠶ ᠶᠢᠨ ᠠᠵᠤ | ᠠᠬᠤᠶᠢᠯᠠᠯ ᠢ ᠴᠥᠮ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠨ ᠵᠠᠰᠠᠭᠤᠯᠬᠤ ᠬᠡᠷᠡᠭᠲᠡᠶ᠃ | 2. ᠰᠢᠷᠣᠶ ᠭᠠᠳᠠᠭᠰᠢᠯᠠᠭᠤᠯᠬᠤ ᠲᠠᠯᠠᠪᠠᠶ ᠶᠢᠨ ᠵᠠᠰᠠᠯᠲᠠ ᠶᠢ ᠴᠢᠩᠭᠠᠳᠬᠬᠤ ᠬᠡᠷᠡᠭᠳᠡᠢ᠃ ︽ᠥᠪᠡᠷᠲᠡᠭᠡᠨ | ᠵᠠᠰᠠᠬᠤ ᠣᠷᠣᠨ ᠤ ᠠᠭᠤᠷᠬᠠᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠬᠡᠷᠡᠭᠵᠢᠭᠦᠯᠬᠦ ᠲᠥᠰᠦᠯ ᠤᠨ ᠮᠡᠳᠡᠭᠳᠡᠯ︾ | ︵ᠥᠪᠥᠷ ᠵᠠᠰᠠᠭ ᠠᠯᠪᠠᠨ ᠦᠰᠦᠭ︹2020︺56 ᠳ᠋ᠤᠭᠠᠷ ᠲᠣᠭᠠᠲᠤ︶ ᠤᠨ ᠬᠤᠯᠪᠤᠭᠳᠠᠯ ᠪᠦᠬᠦᠢ ᠲᠣᠭᠲᠠᠭᠠᠯ | ᠶᠣᠰᠣᠭᠠᠷ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠢᠨ ᠠᠭᠤᠷᠬᠠᠶ ᠶᠢᠨ ᠠᠵᠤ ᠠᠬᠤᠶᠢᠯᠠᠯ ᠤᠨ | ᠰᠢᠷᠣᠶ ᠭᠠᠳᠠᠭᠰᠢᠯᠠᠭᠤᠯᠬᠤ ᠲᠠᠯᠠᠪᠠᠶ ᠶᠢᠨ ᠱᠠᠳᠣ ᠶᠢᠨ ᠨᠠᠯᠠᠤ ᠶᠢᠨ ᠥᠨᠴᠥᠭ ᠪᠠ ᠱᠠᠳᠣ ᠶᠢᠨ ᠦᠨᠳᠦᠷ ᠢᠶᠠᠷ ᠵᠠᠰᠠᠬᠤ | ᠪᠠᠷᠢᠮᠵᠢᠶ᠎ᠠ ᠶᠢ ᠵᠢᠷᠤᠮᠵᠢᠭᠤᠯᠵᠤ᠂ ᠨᠢᠭᠡᠨᠲᠡ ᠭᠠᠳᠠᠭᠰᠢᠯᠠᠭᠤᠯᠬᠤ ᠪᠠᠨ ᠵᠣᠭᠰᠣᠭᠰᠠᠨ ᠪᠠ ᠰᠢᠷᠣᠶ ᠭᠠᠳᠠᠭᠰᠢᠯᠠᠭᠤᠯᠬᠤ | ᠲᠠᠯᠠᠪᠠᠶ ᠶᠢᠨ ᠱᠠᠳᠣ ᠶᠢᠨ ᠨᠠᠯᠠᠤ ᠶᠢᠨ ᠥᠨᠴᠥᠭ ᠨᠢ 25 ᠭᠷᠠᠳᠦ᠋ᠰ ᠠᠴᠠ ᠶᠡᠭᠡ ᠪᠣᠯᠪᠠᠴᠤ ᠨᠢᠭᠡᠨᠲᠡ ᠬᠡᠯᠪᠡᠷᠢᠵᠢᠭᠦᠯᠬᠦ᠂ | ᠬᠥᠷᠪᠡᠭᠦᠯᠬᠦ᠂ ᠬᠠᠲᠠᠭᠤᠷᠠᠭᠤᠯᠬᠤ ᠪᠤᠶᠤ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠦᠷ᠎ᠡ ᠪᠦᠲᠦᠮᠵᠢ ᠨᠢ ᠢᠯᠡᠷᠬᠡᠶ | ᠪᠤᠶᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢᠨ ᠰᠢᠯᠭᠠᠨ ᠪᠠᠶᠢᠴᠠᠭᠠᠯᠲᠠ ᠳᠤ ᠬᠢᠷᠢ | ᠲᠡᠩᠴᠡᠭᠰᠡᠨ ᠪᠠᠶᠢᠪᠠᠯ᠂ ᠵᠠᠷᠴᠢᠮ ᠳᠡᠭᠡᠷ᠎ᠡ ᠪᠠᠨ ᠨᠠᠯᠠᠤᠴᠠ ᠶᠢ ᠳᠠᠬᠢᠨ ᠵᠣᠷᠭᠤᠵᠤ ᠲᠡᠭᠰᠢᠯᠡᠬᠦ ᠥᠬᠡᠶ ᠪᠠᠶᠢᠬᠤ ᠶᠢᠨ | ᠬᠠᠮᠲᠤ ᠬᠢᠨᠠᠨ ᠬᠡᠮᠵᠢᠵᠦ ᠤᠷᠢᠳᠴᠢᠯᠠᠨ ᠰᠡᠷᠭᠡᠶᠢᠯᠡᠬᠦ ᠪᠠ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠳᠡᠢ᠃ ᠡᠨᠧᠷᠭᠢ ᠶᠢᠨ ᠰᠠᠯᠠᠭ᠎ᠠ ᠮᠥᠴᠢᠷ ︽ᠨᠡᠭᠦᠷᠡᠰᠦᠨ ᠠᠭᠤᠷᠬᠠᠶ ᠶᠢᠨ ᠵᠠᠳᠠᠭᠠᠶ ᠪᠠᠷ ᠮᠠᠯᠲᠠᠬᠤ | ᠲᠠᠯᠠᠪᠠᠢ ᠶᠢᠨ ᠰᠢᠷᠣᠶ ᠭᠠᠳᠠᠭᠰᠢᠯᠠᠭᠤᠯᠬᠤ ᠠᠶᠤᠯᠭᠦᠢ ᠦᠢᠯᠡᠳᠪᠦᠷᠢᠯᠡᠯ ᠤᠨ ᠲᠥᠷᠢᠮ︾︽ᠨᠡᠭᠦᠷᠡᠰᠦᠨ ᠤ ᠠᠵᠤ | ᠦᠢᠯᠡᠳᠪᠦᠷᠢ ᠶᠢᠨ ᠵᠠᠳᠠᠭᠠᠶ ᠠᠭᠤᠷᠬᠠᠶ ᠶᠢᠨ ᠵᠢᠷᠤᠭ ᠲᠥᠯᠥᠪᠯᠡᠭᠡ ᠶᠢᠨ ᠵᠢᠷᠤᠮᠵᠢᠯ︾︽ᠨᠡᠭᠦᠷᠡᠰᠦᠨ ᠤ ᠠᠵᠤ | ᠦᠢᠯᠡᠳᠪᠦᠷᠢ ᠶᠢᠨ ᠵᠠᠳᠠᠭᠠᠶ ᠠᠭᠤᠷᠬᠠᠶ ᠶᠢᠨ ᠬᠠᠵᠠᠭᠤ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠠᠷᠢᠮᠵᠢᠶ᠎ᠠ︾ | ᠵᠡᠷᠭᠡ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠰᠢᠷᠣᠶ ᠭᠠᠳᠠᠭᠰᠢᠯᠠᠭᠤᠯᠬᠤ ᠲᠠᠯᠠᠪᠠᠢ ᠶᠢᠨ ᠠᠶᠤᠯᠬᠦᠢ ᠶᠢᠨ | ᠬᠠᠮᠢᠶᠠᠷᠤᠯᠲᠠ ᠪᠠᠨ ᠬᠠᠤᠯᠢ ᠶᠣᠰᠣᠭᠠᠷ ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠲᠠᠯᠳᠠ | ᠭᠡᠮ ᠢ ᠨᠢ ᠠᠷᠢᠯᠭᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ | ᠨᠡᠭᠦᠷᠡᠰᠦᠨ ᠤ ᠪᠤᠰᠤ ᠠᠭᠤᠷᠬᠠᠶ ᠶᠢᠨ ᠰᠢᠭᠠᠷᠤ ᠭᠠᠳᠠᠭᠰᠢᠯᠠᠭᠤᠯᠬᠤ ᠲᠠᠯᠠᠪᠠᠢ ᠶᠢ ᠠᠶᠤᠯᠭᠦᠢ ᠦᠢᠯᠡᠳᠪᠦᠷᠢᠯᠡᠯ ᠤᠨ | ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠶᠣᠰᠣᠭᠠᠷ | ᠵᠢᠷᠤᠮᠵᠢᠭᠤᠯᠬᠤ ᠬᠡᠷᠡᠭᠲᠡᠶ᠃ | 3. ᠲᠡᠤᠬᠡᠨ ᠠᠴᠠ ᠦᠯᠡᠳᠡᠭᠳᠡᠵᠦ ᠢᠷᠡᠭᠰᠡᠨ ᠡᠵᠡᠨ ᠥᠬᠡᠶ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠪᠠ | ᠵᠠᠰᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠡᠯ᠎ᠡ ᠲᠣᠭᠤᠷᠢᠭ 2021 ᠣᠨ ᠤ 6 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠭᠤᠷᠪᠠᠳᠠᠬᠢ ᠡᠲᠡᠭᠡᠳ ᠢ ᠤᠷᠢᠵᠤ ᠭᠠᠳᠠᠭᠠᠳᠤ ᠦᠢᠯᠡᠰ ᠤᠨ ᠲᠤᠬᠠᠶ ᠶᠢᠨ ᠭᠠᠵᠠᠷ ᠲᠤᠨᠢ | ᠬᠠᠶᠢᠨ ᠰᠢᠨᠵᠢᠬᠦ ᠠᠵᠢᠯ ᠢ ᠪᠡᠶᠡᠯᠡᠭᠦᠯᠵᠦ᠂ ᠰᠠᠭᠤᠷᠢ ᠲᠤᠭ᠎ᠠ ᠶᠢ ᠨᠢ ᠲᠣᠳᠣᠷᠬᠠᠶ ᠤᠶᠢᠯᠠᠭᠠᠨ᠂ ᠵᠢᠭᠰᠠᠭᠠᠨ | ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠲᠡᠦᠭᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢ ᠴᠡᠭᠴᠡᠯᠡᠨ | ᠵᠠᠰᠠᠵᠤ ᠰᠡᠷᠭᠦᠭᠡᠬᠦ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠬᠡᠷᠡᠭᠳᠡᠢ᠃ ︽ᠵᠠᠰᠠᠭ ᠤᠨ ᠣᠷᠳᠣᠨ ᠢᠶᠠᠷ | ᠭᠤᠤᠯᠯᠠᠭᠤᠯᠬᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠨᠡᠶᠢᠭᠡᠮ ᠢᠶᠠᠷ ᠢᠶᠠᠨ ᠣᠷᠣᠯᠴᠠᠬᠤ︾ ᠠᠭᠤᠷᠬᠠᠶ ᠶᠢᠨ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠰᠡᠷᠭᠦᠭᠡᠨ ᠵᠠᠰᠠᠬᠤ ᠰᠢᠨ᠎ᠡ ᠵᠠᠭᠪᠤᠷ ᠢ ᠰᠦᠪᠡᠭᠴᠢᠯᠡᠨ | ᠪᠠᠶᠢᠭᠤᠯᠬᠤ ᠬᠡᠷᠡᠭᠲᠡᠶ᠃ ︽ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠤᠨ | ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠢ ᠬᠢᠨᠠᠮᠠᠭᠠᠶ | ᠲᠤᠤᠱᠯᠠᠭᠤᠯᠵᠤ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠳᠡᠢ᠃ | 4. ᠵᠠᠳᠠᠭᠠᠶ ᠪᠠᠷ ᠮᠠᠯᠳᠠᠭᠰᠠᠨ ᠨᠦᠭᠡ ᠶᠢ ᠵᠠᠰᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ | ᠠᠭᠤᠷᠬᠠᠶ ᠶᠢᠨ ᠠᠵᠤ ᠠᠬᠤᠶᠢᠯᠠᠯ ᠪᠣᠯᠤᠨ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠤᠨ ᠠᠭᠤᠷᠬᠠᠶ ᠶᠢᠨ | ᠠᠮᠢ ᠠᠬᠤᠶ ᠶᠢ ᠰᠡᠷᠭᠦᠭᠡᠨ ᠵᠠᠰᠠᠬᠤ ᠪᠠᠷᠢᠮᠵᠢᠶ᠎ᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠵᠣᠷᠢᠭᠵᠢᠭᠤᠯᠵᠤ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠰᠡᠷᠭᠦᠭᠡᠨ ᠨᠣᠭᠤᠭᠠᠷᠠᠭᠤᠯᠬᠤ᠂ ᠬᠡᠯᠪᠡᠷᠢ ᠪᠠᠨ | ᠬᠤᠪᠢᠷᠠᠭᠤᠯᠤᠨ ᠠᠰᠢᠭᠯᠠᠬᠤ᠂ ᠠᠶᠠᠨᠳᠠᠭᠠᠨ ᠰᠡᠷᠭᠦᠭᠡᠬᠦ ᠵᠡᠷᠭᠡ ᠶᠢ ᠬᠡᠷᠡᠭᠯᠡᠨ ᠰᠡᠷᠭᠦᠭᠡᠨ ᠵᠠᠰᠠᠵᠤ᠂ ᠵᠠᠰᠠᠭᠰᠠᠨ ᠤ | ᠳᠠᠷᠠᠭᠠᠬᠢ ︽ᠶᠡᠭᠡ ᠨᠦᠬᠡ ᠨᠢ ᠮᠦᠨ ᠴᠦ ᠶᠡᠭᠡ ᠨᠦᠬᠡ᠂ ᠰᠢᠷᠣᠶ ᠶᠢᠨ ᠠᠭᠤᠯᠠ ᠨᠢ ᠮᠦᠨ ᠴᠦ᠋ ᠰᠢᠷᠣᠶ ᠶᠢᠨ ᠠᠭᠤᠯᠠ︾ | ᠭᠡᠬᠦ ᠠᠰᠠᠭᠤᠳᠠᠯ ᠠᠴᠠ ᠵᠠᠶᠢᠯᠠᠰᠬᠢᠬᠦ ᠬᠡᠷᠡᠭᠲᠡᠶ᠃ ᠠᠮᠢ ᠠᠬᠤᠶ ᠶᠢᠨ ᠰᠡᠷᠭᠦᠭᠡᠯᠲᠡ ᠶᠢᠨ ᠦᠷ᠎ᠡ ᠪᠦᠲᠦᠮᠵᠢ ᠪᠠᠷ | ᠢᠯᠡᠷᠬᠡᠶ ᠠᠭᠤᠷᠬᠠᠶ ᠶᠢᠨ ᠠᠵᠤ ᠠᠬᠤᠶᠢᠯᠠᠯ ᠳᠤ ᠬᠠᠤᠯᠢ ᠶᠣᠰᠣᠭᠠᠷ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ | ᠦᠵᠡᠭᠦᠯᠵᠦ᠂ ᠲᠤᠲᠤᠨ᠎ᠠ ᠪᠠᠨ ᠭᠠᠳᠠᠭᠰᠢᠯᠠᠭᠤᠯᠬᠤ ᠪᠠ ᠡᠭᠡᠭᠦᠯᠦᠨ ᠪᠥᠭᠯᠡᠵᠦ ᠵᠠᠰᠠᠬᠤ ᠶᠢ ᠬᠤᠭᠤᠴᠠᠭ᠎ᠠ ᠶᠣᠰᠣᠭᠠᠷ | ᠪᠡᠶᠡᠯᠡᠭᠦᠯᠦᠭᠰᠡᠨ ᠥᠬᠡᠶ ᠠᠭᠤᠷᠬᠠᠶ ᠶᠢᠨ ᠠᠵᠤ ᠠᠬᠤᠶᠢᠯᠠᠯ ᠢ ᠴᠥᠮ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠨ | ᠵᠠᠰᠠᠭᠤᠯᠬᠤ ᠬᠡᠷᠡᠭᠲᠡᠶ᠃ | 5. ᠮᠠᠨ ᠤ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠬᠤ ᠬᠡᠷᠡᠭᠳᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢᠨ ᠲᠥᠰᠦᠯ︾ ᠶᠣᠰᠣᠭᠠᠷ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ | 2023 ᠣᠨ ᠤ ᠵᠢᠯ ᠤᠨ ᠡᠴᠦᠰ ᠠᠴᠠ ᠡᠮᠦᠨ᠎ᠡ 25 ᠪᠣᠬᠢᠷᠲᠤᠯ ᠥᠬᠡᠶ ᠠᠭᠤᠷᠬᠠᠶ ᠶᠢ ᠰᠢᠨ᠎ᠡ ᠪᠠᠷ ᠪᠠᠶᠢᠭᠤᠯᠬᠤ | ᠠᠵᠢᠯ ᠢ ᠪᠡᠶᠡᠯᠡᠭᠦᠯᠬᠦ ᠬᠡᠷᠡᠭᠳᠡᠢ᠂ ᠡᠭᠦᠨ ᠳᠤ᠄ 2021 ᠣᠨ ᠳᠤ 5 ᠠᠭᠤᠷᠬᠠᠶ ᠶᠢ ᠰᠢᠨ᠎ᠡ ᠪᠠᠷ ᠨᠡᠮᠡᠭᠳᠡᠭᠦᠯᠵᠦ᠂ | 2022 ᠣᠨ ᠳᠤ 10 ᠠᠭᠤᠷᠬᠠᠶ ᠶᠢ ᠰᠢᠨ᠎ᠡ ᠪᠠᠷ ᠨᠡᠮᠡᠭᠳᠡᠭᠦᠯᠵᠦ᠂ 2023 ᠣᠨ ᠳᠤ 10 ᠠᠭᠤᠷᠬᠠᠶ ᠶᠢ | ᠰᠢᠨ᠎ᠡ ᠪᠠᠷ ᠨᠡᠮᠡᠭᠳᠡᠭᠦᠯᠵᠦ᠂ ᠪᠥᠬᠦ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢ ᠰᠢᠨ᠎ᠡ ᠪᠠᠷ ᠪᠠᠶᠢᠭᠤᠯᠬᠤ ᠨᠣᠷᠮ᠎ᠠ ᠶᠢ | 47.6% ᠳᠤ ᠬᠦᠷᠦᠭᠦᠯᠦᠨ᠎ᠡ᠃ 2024 ᠣᠨ ᠪᠠ 2025 ᠣᠨ ᠳᠤ 43 ᠠᠭᠤᠷᠬᠠᠢ ᠶᠢ ᠰᠢᠨ᠎ᠡ ᠪᠠᠷ | ᠨᠡᠮᠡᠭᠳᠡᠬᠦᠯᠵᠦ᠂ 2025 ᠣᠨ ᠳᠤ ᠪᠥᠬᠦ ᠬᠤᠲᠠ ᠶᠢᠨ ᠦᠢᠯᠡᠳᠪᠦᠷᠢᠯᠡᠯ ᠤᠨ ᠠᠭᠤᠷᠬᠠᠶ ᠶᠢ ᠪᠦᠬᠦᠨ ᠢ ᠪᠣᠬᠢᠷᠲᠤᠯ | ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠬᠦ ᠬᠡᠷᠡᠭᠳᠡᠢ᠃ ᠪᠣᠬᠢᠷᠲᠤᠯ ᠥᠬᠡᠶ | ᠠᠭᠤᠷᠬᠠᠶ ᠶᠢᠨ ᠪᠠᠷᠢᠮᠵᠢᠶ᠎ᠠ ᠳᠤ ᠥᠯᠥ ᠨᠡᠶᠢᠴᠡᠬᠦ ᠠᠵᠤ ᠠᠬᠤᠶᠢᠯᠠᠯ ᠢ ᠬᠠᠤᠯᠢ ᠲᠣᠭᠲᠠᠭᠠᠯ ᠶᠣᠰᠣᠭᠠᠷ ᠠᠯᠬᠤᠮ | ᠠᠯᠬᠤᠮ ᠢᠶᠠᠷ ᠵᠠᠬ᠎ᠠ ᠳᠡᠯᠭᠡᠭᠦᠷ ᠠᠴᠠ ᠭᠠᠷᠭᠠᠬᠤ ᠬᠡᠷᠡᠭᠳᠡᠢ᠃ ᠡᠯ᠎ᠡ ᠲᠣᠭᠤᠷᠢᠭ᠂ ᠡᠯ᠎ᠡ ᠬᠤᠯᠪᠤᠭᠳᠠᠯ ᠪᠥᠬᠦᠶ ᠰᠠᠯᠠᠭ᠎ᠠ | ᠮᠥᠴᠢᠷ ᠤᠳ ᠬᠠᠷᠢᠶ᠎ᠠ ᠣᠷᠣᠨ ᠤ ᠳᠣᠲᠣᠷᠠᠬᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ | ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠠᠭᠤᠷᠬᠠᠶ ᠶᠢᠨ ᠠᠵᠤ ᠠᠬᠤᠶᠢᠯᠠᠯ ᠳᠤ᠂ ᠤᠯᠤᠰ ᠤᠨ | ᠰᠢᠨ᠎ᠡ ᠦᠨᠡᠯᠡᠨ ᠵᠢᠱᠢᠬᠦ ᠪᠠᠷᠢᠮᠵᠢᠶ᠎ᠠ ᠲᠠᠢ ᠬᠠᠷᠢᠴᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ | ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠠᠵᠤ ᠠᠬᠤᠶᠢᠯᠠᠯ ᠤᠨ ᠲᠠᠰ ᠳᠡᠪᠰᠢᠭᠦᠯᠦᠨ ᠥᠭᠡᠷᠡᠴᠢᠯᠡᠬᠦ ᠶᠢ ᠴᠠᠭ | ᠲᠤᠬᠠᠶ ᠳᠤᠨᠢ ᠰᠢᠮᠳᠠᠭᠤᠯᠵᠤ᠂ ᠨᠡᠶᠢᠭᠡᠮ ᠤᠨ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ | ᠲᠥᠪ ᠤᠨ ᠠᠵᠤ ᠠᠬᠤᠶᠢᠯᠠᠯ ᠤᠨ ᠬᠠᠷᠢᠶ᠎ᠠ ᠪᠥᠬᠦᠢ ᠨᠡᠭᠦᠷᠡᠰᠦᠨ ᠠᠭᠤᠷᠬᠠᠶ ᠨᠤᠭᠤᠳ ᠪᠣᠬᠢᠷᠲᠤᠯ ᠥᠭᠡᠢ | ᠠᠭᠤᠷᠬᠠᠶ ᠶᠢᠨ ᠵᠢᠱᠢᠶ᠎ᠡ ᠦᠵᠡᠭᠦᠯᠬᠦ ᠠᠭᠤᠷᠬᠠᠶ ᠶᠢ ᠡᠭᠦᠳᠦᠨ ᠪᠠᠶᠢᠭᠤᠯᠬᠤ ᠶᠢ ᠢᠳᠡᠪᠬᠢᠲᠡᠶ ᠪᠥᠭᠡᠳ | ᠰᠠᠨᠠᠭᠠᠴᠢᠯᠠᠭ᠎ᠠ ᠠᠴᠠ ᠪᠠᠨ ᠥᠷᠨᠢᠭᠦᠯᠬᠦ ᠬᠡᠷᠡᠭᠲᠡᠶ᠃ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠᠷ | ᠳᠠᠮᠵᠢᠭᠤᠯᠤᠨ᠂ ᠪᠥᠬᠦ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠬᠤᠷᠳᠤᠴᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠤᠯᠬᠤ ᠶᠢ ᠳᠠᠶᠢᠴᠢᠯᠠᠬᠤ ᠬᠡᠷᠡᠭᠳᠡᠢ᠃ | 6. ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠳᠡᠢ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠠᠭᠤᠷᠬᠠᠶ ᠮᠠᠯᠲᠠᠬᠤ ᠡᠷᠬᠡᠲᠦ ᠬᠥᠮᠦᠨ ᠤ ᠠᠭᠤᠷᠬᠠᠶ ᠶᠢᠨ | ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠪᠠ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠡᠭᠦᠷᠭᠡ ᠪᠠᠨ | ᠬᠦᠢᠴᠡᠳᠬᠡᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ᠠᠭᠤᠷᠬᠠᠶ ᠶᠢᠨ ᠤᠷᠤᠨ ᠤ | ᠣᠷᠴᠢᠨ ᠲᠣᠭᠤᠷᠢᠨ ᠢ ᠬᠢᠨᠠᠨ ᠬᠡᠮᠵᠢᠬᠦ ᠰᠢᠰᠲ᠋ᠧᠮᠵᠢ ᠪᠠᠨ ᠪᠦᠷᠢᠨᠰᠢᠬᠦᠯᠵᠦ᠂ ᠠᠭᠤᠷᠬᠠᠶ ᠮᠠᠯᠲᠠᠬᠤ ᠡᠷᠬᠡᠲᠦ ᠬᠥᠮᠦᠨ ᠤ | ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠠᠵᠢᠯ ᠥᠷᠨᠢᠭᠦᠯᠬᠦ ᠳᠤ ᠬᠢᠨᠠᠯᠲᠠ ᠲᠠᠯᠪᠢᠵᠤ | ᠵᠢᠯᠤᠭᠤᠳᠬᠤ ᠬᠡᠷᠡᠭᠳᠡᠢ᠃ ︽ᠨᠢᠭᠡ ᠲᠠᠯ᠎ᠠ ᠪᠠᠷ ᠦᠢᠯᠡᠳᠪᠦᠷᠢᠯᠡᠵᠦ᠂ ᠨᠢᠭᠡ ᠲᠠᠯ᠎ᠠ ᠪᠠᠷ ᠵᠠᠰᠠᠬᠤ︾ ᠵᠠᠷᠴᠢᠮ ᠢ ᠴᠢᠩᠭ᠎ᠠ | ᠨᠠᠶᠢᠳᠠᠪᠤᠷᠢᠵᠢᠭᠤᠯᠵᠤ᠂ ᠵᠠᠰᠠᠬᠤ ᠶᠣᠰᠣᠲᠠᠶ ᠪᠠᠶᠢᠲᠠᠯ᠎ᠠ ᠵᠠᠰᠠᠬᠤ ᠦᠭᠡᠢ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ | ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠡᠷᠡ ᠬᠡᠪ ᠢᠶᠠᠷ ᠨᠢ | ᠨᠠᠶᠢᠳᠠᠪᠤᠷᠢᠵᠢᠭᠤᠯᠬᠤ ᠬᠡᠷᠡᠭᠳᠡᠢ᠃ ᠠᠵᠤ ᠠᠬᠤᠶᠢᠯᠠᠯ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ | ᠳᠠᠭᠠᠭᠠᠯᠭᠠᠵᠤ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠠᠶᠢᠪᠠᠯ᠂ ᠠᠵᠤ ᠠᠬᠤᠶᠢᠯᠠᠯ ᠠᠴᠠ ᠲᠤᠰᠬᠠᠶ | ᠮᠡᠷᠭᠡᠵᠢᠯᠲᠡᠨ ᠤ ᠳᠤᠭᠤᠶᠢᠯᠠᠩ ᠢ ᠤᠷᠢᠵᠤ ᠰᠢᠯᠭᠠᠨ ᠠᠪᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ | ᠪᠤᠶᠤ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠥᠬᠡᠶ ᠶᠢ ᠨᠢ ︽ᠠᠭᠤᠷᠬᠠᠶ ᠶᠢᠨ ᠣᠷᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠣᠭᠲᠠᠭᠠᠯ︾ ᠢ ᠦᠨᠳᠦᠰᠦᠯᠡᠨ ᠰᠢᠳᠬᠡᠨ ᠲᠣᠷᠭᠠᠵᠤ᠂ ᠠᠭᠤᠷᠬᠠᠶ ᠮᠠᠯᠲᠠᠬᠤ | ᠡᠷᠬᠡ ᠶᠢᠨ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ᠂ ᠦᠷᠭᠦᠯᠵᠢᠯᠡᠭᠦᠯᠬᠦ᠂ ᠬᠤᠪᠢᠷᠠᠭᠤᠯᠬᠤ᠂ ᠬᠦᠴᠦᠨ ᠥᠬᠡᠶ | ᠪᠣᠯᠭᠠᠬᠤ ᠵᠡᠷᠭᠡ ᠭᠤᠶᠤᠴᠢᠯᠠᠯ ᠢ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠦᠭᠡᠢ ᠮᠦᠷᠳᠡᠭᠡᠨ ᠬᠡᠪ ᠤᠨ ᠪᠤᠰᠤ | ᠨᠡᠷᠡᠰ ᠤᠨ ᠵᠢᠭᠰᠠᠭᠠᠯᠲᠠ ᠳᠤ ᠣᠷᠣᠭᠤᠯᠤᠨ ᠬᠠᠮᠢᠶᠠᠷᠬᠤ ᠬᠡᠷᠡᠭᠳᠡᠢ᠃ | ︵ᠲᠥᠷᠪᠡ︶ ᠠᠭᠤᠷᠬᠠᠶ ᠶᠢᠨ ᠣᠷᠣᠨ ᠤ ᠥᠪᠡᠷᠲᠡᠭᠡᠨ ᠨᠣᠴᠣᠬᠤ ᠭᠠᠯ ᠤᠨ ᠴᠢᠭ ᠢ ᠴᠡᠭᠴᠡᠯᠡᠨ ᠵᠠᠰᠠᠬᠤ | ᠠᠵᠢᠯᠯᠠᠭ᠎ᠠ ᠶᠢ ᠲᠦᠷᠭᠡᠳᠬᠡᠨ ᠠᠬᠢᠭᠤᠯᠬᠤ ᠬᠡᠷᠡᠭᠲᠡᠶ | 1. ᠨᠡᠭᠦᠷᠡᠰᠦᠨ ᠠᠭᠤᠷᠬᠠᠶ ︵ᠮᠠᠯᠲᠠᠵᠤ ᠬᠥᠨᠳᠡᠶᠢᠷᠡᠭᠦᠯᠦᠭᠰᠡᠨ ᠣᠷᠣᠨ︶ ᠶᠢᠨ ᠭᠠᠯ ᠨᠣᠴᠣᠭᠰᠠᠨ ᠭᠠᠵᠠᠷ ᠢ | ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠬᠤ ᠬᠡᠷᠡᠭᠳᠡᠢ᠃ ︽ᠤᠷᠢᠳᠠᠪᠠᠷ ᠭᠠᠯ ᠤᠨᠲᠠᠷᠠᠭᠠᠵᠤ ᠲᠠᠷᠠᠭ᠎ᠠ ᠨᠢ | ᠦᠢᠯᠡᠳᠪᠦᠷᠢᠯᠡᠬᠦ᠂ ᠭᠠᠯ ᠤᠨᠲᠠᠷᠠᠭᠠᠬᠤ ᠥᠭᠡᠢ ᠪᠣᠯ ᠦᠢᠯᠡᠳᠪᠦᠷᠢᠯᠡᠬᠦ ᠥᠭᠡᠢ︾ ᠪᠠᠶᠢᠬᠤ ᠵᠠᠷᠴᠢᠮ ᠢ ᠴᠢᠩᠭ᠎ᠠ | ᠵᠢᠷᠤᠮᠯᠠᠨ᠂ ᠭᠠᠯ ᠨᠣᠴᠣᠭᠰᠠᠨ ᠴᠢᠭ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠶ᠃ ᠨᠡᠭᠦᠷᠡᠰᠦᠨ | ᠠᠭᠤᠷᠬᠠᠶ ︵ᠮᠠᠯᠲᠠᠵᠤ ᠬᠥᠨᠳᠡᠶᠢᠷᠡᠭᠦᠯᠦᠭᠰᠡᠨ ᠣᠷᠣᠨ︶ ᠶᠢᠨ ᠲᠣᠭᠤᠷᠢᠨ ᠪᠠᠶᠢᠴᠠᠭᠠᠵᠤ ᠬᠢᠨᠠᠨ ᠵᠢᠯᠣᠭᠤᠳᠬᠤ ᠡᠷᠴᠢᠮ | ᠢᠶᠠᠨ ᠴᠢᠩᠭᠠᠷᠠᠭᠤᠯᠵᠤ᠂ ᠨᠡᠭᠦᠷᠡᠰᠦᠨ ᠳᠠᠪᠬᠤᠷᠭ᠎ᠠ ᠶᠢᠨ ᠭᠠᠯ ᠤᠨ ᠴᠢᠭ ᠢ ᠬᠠᠮᠤᠭ ᠤᠨ ᠣᠬᠤᠷ ᠬᠤᠭᠤᠴᠠᠭᠠᠨ ᠳᠤ | ᠵᠠᠰᠠᠬᠤ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠰᠢᠷᠣᠶ ᠭᠠᠳᠠᠭᠰᠢᠯᠠᠭᠤᠯᠬᠤ ᠲᠠᠯᠠᠪᠠᠶ ᠶᠢᠨ ᠭᠠᠯ ᠤᠨ | ᠴᠢᠭ ᠲᠤ ᠨᠢᠭᠡ ᠶᠢ ᠢᠯᠡᠷᠡᠭᠦᠯᠪᠡᠯ᠂ ᠨᠢᠭᠡ ᠶᠢ ᠴᠠᠭ ᠲᠤᠬᠠᠶ ᠳᠤᠨᠢ ᠵᠠᠰᠠᠵᠤ᠂ ᠲᠡᠷᠡ ᠳᠠᠷᠤᠶ ᠳᠤᠨᠢ ᠬᠡᠷᠡᠭᠵᠢᠭᠦᠯᠵᠦ | ᠲᠡᠷᠡ ᠳᠠᠷᠤᠶ ᠳᠤᠨᠢ ᠥᠭᠡᠷᠡᠴᠢᠯᠡᠬᠦ ᠶᠢ ᠪᠠᠷᠢᠮᠲᠠᠯᠠᠨ᠂ ᠭᠠᠯ ᠤᠨ ᠴᠢᠭ ᠢ ︽ᠬᠥᠳᠡᠯᠦᠩᠭᠦᠶ ᠪᠠᠷ ᠲᠡᠭ ᠪᠣᠯᠭᠠᠬᠤ︾ ᠶᠢ | ᠪᠡᠶᠡᠯᠡᠭᠦᠯᠬᠦ ᠬᠡᠷᠡᠭᠳᠡᠢ᠃ | 2. ᠨᠡᠭᠦᠷᠡᠰᠦᠨ ᠠᠭᠤᠷᠬᠠᠶ ︵ᠮᠠᠯᠲᠠᠵᠤ ᠬᠥᠨᠳᠡᠶᠢᠷᠡᠭᠦᠯᠦᠭᠰᠡᠨ ᠣᠷᠣᠨ︶ ᠶᠢᠨ ᠭᠠᠯ ᠨᠣᠴᠣᠭᠰᠠᠨ ᠭᠠᠵᠠᠷ ᠢ | ᠴᠡᠭᠴᠡᠯᠡᠨ ᠵᠠᠰᠠᠭᠰᠠᠨ ᠲᠤᠷᠰᠢᠯᠭ᠎ᠠ ᠠᠷᠭ᠎ᠠ ᠬᠢᠳᠡᠯ ᠢᠶᠠᠨ ᠳᠡᠯᠭᠡᠷᠡᠭᠦᠯᠬᠦ ᠠᠵᠢᠯ ᠢ ᠰᠠᠶᠢᠲᠤᠷ ᠠᠳᠬᠤᠬᠤ ᠬᠡᠷᠡᠭᠳᠡᠢ᠃ | ᠨᠡᠭᠦᠷᠡᠰᠦᠨ ᠠᠭᠤᠷᠬᠠᠶ ︵ᠮᠠᠯᠲᠠᠵᠤ ᠬᠥᠨᠳᠡᠶᠢᠷᠡᠭᠦᠯᠦᠭᠰᠡᠨ ᠣᠷᠣᠨ︶ ᠶᠢᠨ ᠭᠠᠯ ᠤᠨ ᠴᠢᠭ ᠢ ᠴᠡᠭᠴᠡᠯᠡᠨ ᠵᠠᠰᠠᠬᠤ | ᠳᠤᠮᠳᠠ ᠢᠯᠡᠷᠡᠭᠦᠯᠦᠭᠰᠡᠨ ᠨᠡᠶᠢᠲᠡᠯᠢᠭ ᠴᠢᠨᠠᠷᠲᠠᠶ ᠠᠰᠠᠭᠤᠳᠠᠯ ᠪᠣᠯᠤᠨ ᠲᠤᠪᠤᠶᠢᠮ᠎ᠠ ᠠᠰᠠᠭᠤᠳᠠᠯ ᠢ ᠭᠦᠨᠵᠡᠭᠡᠶ ᠵᠠᠳᠠᠯᠵᠤ᠂ | ᠪᠣᠳᠠᠲᠠᠶ ᠠᠷᠭ᠎ᠠ ᠬᠡᠮᠵᠢᠶ᠎ᠡ ᠪᠠᠨ ᠡᠮᠬᠢᠯᠡᠨ ᠭᠠᠷᠭᠠᠬᠤ ᠬᠡᠷᠡᠭᠲᠡᠶ᠃ ᠴᠡᠭᠴᠡᠯᠡᠨ ᠵᠠᠰᠠᠭᠰᠠᠨ ᠠᠵᠢᠯ ᠤᠨ ᠲᠤᠷᠰᠢᠯᠭ᠎ᠠ | ᠬᠢᠳᠡᠯ ᠢᠶᠠᠨ ᠳ᠋ᠦᠩᠨᠡᠵᠦ᠂ ᠠᠵᠢᠯ ᠤᠨ ᠲᠦᠷᠢᠮ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠡᠭᠦᠷᠡᠰᠦᠨ | ᠠᠭᠤᠷᠬᠠᠶ ︵ᠮᠠᠯᠲᠠᠵᠤ ᠬᠥᠨᠳᠡᠶᠢᠷᠡᠭᠦᠯᠦᠭᠰᠡᠨ ᠣᠷᠣᠨ︶ ᠶᠢᠨ ᠭᠠᠯ ᠤᠨ ᠴᠢᠭ ᠤᠨ ᠬᠡᠪᠰᠢᠭᠰᠡᠨ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠳᠡᠢ᠃ | 3. ᠨᠡᠭᠦᠷᠡᠰᠦᠨ ᠠᠭᠤᠷᠬᠠᠶ ︵ᠮᠠᠯᠲᠠᠵᠤ ᠬᠥᠨᠳᠡᠶᠢᠷᠡᠭᠦᠯᠦᠭᠰᠡᠨ ᠣᠷᠣᠨ︶ ᠶᠢᠨ ᠰᠢᠷᠣᠶ ᠭᠠᠳᠠᠭᠰᠢᠯᠠᠭᠤᠯᠬᠤ | ᠲᠠᠯᠠᠪᠠᠶ ᠶᠢᠨ ᠭᠠᠯ ᠤᠨ ᠴᠢᠭ ᠤᠨ ᠡᠬᠢ ᠡᠭᠦᠰᠦᠯ ᠢ ᠵᠠᠰᠠᠬᠤ ᠠᠵᠢᠯ ᠢ ᠰᠠᠶᠢᠲᠤᠷ ᠠᠳᠬᠤᠬᠤ ᠬᠡᠷᠡᠭᠳᠡᠢ᠃ | ᠱᠠᠭᠠᠷᠳᠠᠯᠭ᠎ᠠ ᠶᠣᠰᠣᠭᠠᠷ ᠰᠢᠷᠣᠶ ᠭᠠᠳᠠᠭᠰᠢᠯᠠᠭᠤᠯᠬᠤ ᠠᠵᠢᠯ ᠢ ᠵᠢᠷᠤᠮᠵᠢᠭᠤᠯᠵᠤ᠂ ᠦᠢᠯᠡᠳᠪᠦᠷᠢᠯᠡᠯ ᠤᠨ ᠠᠵᠢᠯ ᠤᠨ | ᠳᠤᠮᠳᠠ ᠪᠣᠶ ᠪᠣᠯᠤᠭᠰᠠᠨ ᠥᠩᠭᠡᠨ ᠬᠥᠷᠥᠰᠥ᠂ ᠴᠢᠯᠠᠭᠤᠯᠢᠭ᠂ ᠨᠡᠭᠦᠷᠡᠰᠦᠨ ᠴᠢᠯᠠᠭᠤ ︵ᠨᠡᠭᠦᠷᠡᠰᠦᠨ ᠳᠠᠪᠬᠤᠷᠭ᠎ᠠ ᠶᠢᠨ | ᠣᠷᠣᠶ ᠶᠢᠨ ᠢᠷᠣᠭᠠᠷ ᠤᠨ ᠬᠠᠪᠲᠠᠰᠤᠨ ᠤ ᠱᠠᠭᠠᠯᠤᠭᠰᠠᠨ ᠪᠣᠳᠠᠰ᠂ ᠮᠠᠯᠲᠠᠵᠤ ᠦᠯᠦ ᠪᠣᠯᠬᠤ ᠨᠢᠮᠭᠡᠨ ᠨᠡᠭᠦᠷᠡᠰᠦᠨ | ᠳᠠᠪᠬᠤᠷᠭ᠎ᠠ︶ ᠶᠢ ᠡᠷᠬᠡᠪᠰᠢ ᠲᠥᠷᠥᠯ ᠬᠤᠪᠢᠶᠠᠨ ᠣᠷᠣᠨ ᠬᠤᠪᠢᠶᠠᠨ ᠣᠪᠣᠭᠠᠯᠠᠵᠤ᠂ ᠨᠡᠭᠦᠷᠡᠰᠦᠨ ᠴᠢᠯᠠᠭᠤᠨ ᠤ ᠡᠬᠡ | ᠲᠠᠩᠰᠠ ᠪᠠᠶᠢᠭᠤᠯᠵᠤ᠂ ᠨᠡᠭᠦᠷᠡᠰᠦᠨ ᠴᠢᠯᠠᠭᠤ ᠶᠢ ᠬᠠᠮᠢᠭᠠᠰᠢ ᠲᠡᠭᠡᠭᠡᠪᠦᠷᠢᠯᠡᠭᠰᠡᠨ ᠢ ᠲᠡᠮᠳᠡᠭᠯᠡᠬᠦ ᠬᠡᠷᠡᠭᠲᠡᠶ᠃ ᠰᠠᠯᠭᠠᠵᠤ | ᠭᠠᠷᠭᠠᠭᠰᠠᠨ ᠥᠨᠳᠥᠷ ᠳᠤᠯᠠᠭᠠᠨ ᠰᠢᠳᠡᠮᠠ ᠬᠠᠯᠠᠭᠤᠨ ᠪᠡᠶ᠎ᠡ ᠶᠢ ᠡᠷᠬᠡᠪᠰᠢ ᠠᠰ ᠲᠤᠨᠢ ᠣᠪᠣᠭᠠᠯᠠᠨ ᠲᠠᠯᠪᠢᠵᠤ᠂ | ᠪᠦᠷᠢᠮᠦᠰᠦᠨ ᠬᠥᠷᠥᠭᠡᠭᠰᠡᠨ ᠤ ᠳᠠᠷᠠᠭ᠎ᠠ ᠳᠠᠬᠢᠨ ᠰᠢᠷᠣᠶ ᠭᠠᠳᠠᠭᠰᠢᠯᠠᠭᠤᠯᠬᠤ ᠲᠠᠯᠠᠪᠠᠶ ᠳᠤ ᠭᠠᠳᠠᠭᠰᠢᠯᠠᠭᠤᠯᠵᠤ᠂ ᠰᠢᠷᠣᠶ | ᠭᠠᠳᠠᠭᠰᠢᠯᠠᠭᠤᠯᠬᠤ ᠲᠠᠯᠠᠪᠠᠶ ᠳᠤ ᠰᠢᠭᠤᠳ ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠵᠤ᠂ ᠨᠡᠭᠦᠷᠡᠰᠦᠨ ᠴᠢᠯᠠᠭᠤ ᠶᠢᠨ | ᠥᠪᠡᠰᠦᠪᠡᠨ ᠰᠢᠲᠠᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠬᠡᠷᠡᠭᠲᠡᠶ᠃ | 4. ᠨᠡᠭᠦᠷᠡᠰᠦᠨ ᠤ ᠪᠤᠰᠤ ᠠᠭᠤᠷᠬᠠᠶᠶᠢᠨ ᠠᠵᠤ ᠠᠬᠤᠶᠢᠯᠠᠯᠤᠨ ᠭᠠᠯᠤᠨ ᠴᠢᠭ ᠢ ᠴᠡᠭᠴᠡᠯᠡᠨ ᠵᠠᠰᠠᠬᠤ ᠠᠵᠢᠯ | ᠢ ᠰᠠᠶᠢᠲᠤᠷ ᠠᠳᠬᠤᠬᠤ ᠬᠡᠷᠡᠭᠳᠡᠢ᠃ ᠬᠠᠶᠢᠷᠤᠪ ᠤᠨ ᠲᠤᠬᠤᠢᠶᠢᠨ ᠲᠣᠭᠤᠷᠢᠭ ᠲᠢᠶᠠᠨ ᠢᠦᠢᠶᠢᠨ ᠭᠤᠣᠯᠢᠩ ᠰᠢᠷᠣᠢ | ᠪᠣᠯᠤᠨ ᠮᠤᠷᠤᠢ ᠭᠤᠤᠯ ᠨᠡᠭᠦᠷᠡᠰᠦᠨ ᠠᠭᠤᠷᠬᠠᠢᠶᠢᠨ ᠰᠢᠷᠣᠢ ᠭᠠᠳᠠᠭᠰᠢᠯᠠᠭᠤᠯᠬᠤ ᠲᠠᠯᠠᠪᠠᠢᠶᠢᠨ ᠠᠭᠤᠯᠵᠠᠷ ᠲᠠᠬᠢ | ᠭᠠᠯ ᠤᠨ ᠴᠢᠭᠤᠨ ᠭᠡᠮ ᠰᠣᠭᠤᠭ ᠢ ᠲᠣᠭᠤᠷᠢᠨ ᠪᠠᠶᠢᠴᠠᠭᠠᠬᠤ ᠡᠷᠴᠢᠮᠢᠶ᠋ᠠᠨ ᠴᠢᠩᠭᠠᠷᠠᠭᠤᠯᠬᠤᠶᠢᠨ ᠬᠠᠮᠲᠤ | ᠢᠯᠡᠷᠡᠭᠦᠯᠦᠭᠰᠡᠨ ᠭᠠᠯᠤᠨ ᠴᠢᠭ ᠢ ᠴᠠᠭ ᠲᠤᠬᠠᠢ ᠳᠤᠨᠢ ᠴᠡᠭᠴᠡᠯᠡᠨ ᠵᠠᠰᠠᠬᠤ ᠬᠡᠷᠡᠭᠳᠡᠢ᠃ | ︵ᠲᠠᠪᠤ︶ ᠠᠭᠤᠷᠬᠠᠶ ᠶᠢᠨ ᠣᠷᠣᠨ ᠤ ᠳᠡᠭᠳᠡᠮᠡᠯ ᠲᠣᠭᠤᠰᠣᠨ ᠤ ᠪᠣᠬᠢᠷᠲᠤᠯ ᠢ ᠴᠡᠭᠴᠡᠯᠡᠨ ᠵᠠᠰᠠᠬᠤ ᠠᠵᠢᠯᠯᠠᠭ᠎ᠠ | ᠶᠢᠨ ᠳᠤᠮᠳᠠᠬᠢ ᠠᠭᠤᠷᠬᠠᠶ ᠶᠢᠨ ᠣᠷᠣᠨ ᠤ ᠦᠢᠯᠡᠳᠪᠦᠷᠢᠯᠡᠯ ᠤᠨ ᠳᠡᠭᠳᠡᠮᠡᠯ ᠲᠣᠭᠤᠰᠣᠨ ᠤ ᠡᠵᠡᠮᠳᠡᠯ᠂ | ᠠᠭᠤᠷᠬᠠᠶ ᠶᠢᠨ ᠣᠷᠣᠨ ᠤ ᠪᠣᠬᠢᠷᠲᠤᠯᠳᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠬᠠᠷᠢᠭᠤ | ᠲᠤᠰᠬᠠᠬᠤ ᠠᠵᠢᠯᠯᠠᠭ᠎ᠠ ᠶᠢ ᠴᠢᠩᠭᠠᠳᠬᠠᠬᠤ ᠬᠡᠷᠡᠭᠲᠡᠶ | 1. ᠵᠠᠳᠠᠭᠠᠶ ᠠᠭᠤᠷᠬᠠᠶ ᠶᠢᠨ ᠦᠢᠯᠡᠳᠪᠦᠷᠢᠯᠡᠯ ᠤᠨ ᠠᠵᠢᠯᠯᠠᠭᠠᠨ ᠤ ᠳᠡᠭᠳᠡᠮᠡᠯ ᠲᠣᠭᠤᠰᠣ ᠶᠢ ᠬᠠᠮᠢᠶᠠᠷᠤᠨ | ᠡᠵᠡᠮᠳᠡᠬᠦ ᠪᠠᠨ ᠴᠢᠩᠭᠠᠷᠠᠭᠤᠯᠬᠤ ᠬᠡᠷᠡᠭᠳᠡᠢ᠃ ᠠᠭᠤᠷᠬᠠᠶ ᠮᠠᠯᠳᠠᠬᠤ ᠳᠤ ᠲᠣᠭᠤᠰᠣ ᠲᠡᠭᠳᠡᠬᠦ ᠶᠢ ᠴᠢᠩᠭ᠎ᠠ ᠬᠢᠵᠠᠭᠠᠷᠯᠠᠵᠤ᠂ | ᠮᠠᠯᠳᠠᠯᠳᠠ ᠶᠢᠨ ᠲᠠᠯᠠᠪᠠᠢ᠂ ᠰᠢᠷᠣᠶ ᠭᠠᠳᠠᠭᠰᠢᠯᠠᠭᠤᠯᠬᠤ ᠲᠠᠯᠠᠪᠠᠢ ᠶᠢᠨ ᠨᠢᠭᠡᠨᠲᠡ ᠪᠣᠢ ᠪᠣᠯᠤᠭᠰᠠᠨ ᠱᠠᠳᠣ ᠶᠢ ᠳᠠᠷᠤᠵᠤ | ᠬᠡᠪᠰᠢᠬᠦᠯᠬᠦ ᠪᠠ ᠤᠰᠤ ᠰᠦᠷᠴᠢᠨ ᠲᠣᠭᠤᠰᠣ ᠪᠠᠭᠤᠷᠠᠭᠤᠯᠵᠤ᠂ ᠤᠷᠢᠳᠴᠢᠯᠠᠨ ᠳᠡᠯᠪᠡᠷᠡᠭᠦᠯᠬᠦ ᠣᠷᠣᠨ ᠳᠤ ᠤᠰᠤ | ᠰᠦᠷᠴᠢᠵᠦ ᠤᠷᠢᠳᠴᠢᠯᠠᠨ ᠴᠢᠭᠢᠭᠲᠦᠭᠦᠯᠬᠦ ᠬᠡᠷᠡᠭᠳᠡᠢ᠃ ᠵᠠᠳᠠᠭᠠᠶ ᠨᠡᠭᠡᠭᠡᠨ ᠮᠠᠯᠲᠠᠬᠤ ᠪᠠ ᠮᠠᠯᠲᠠᠵᠤ | ᠬᠥᠨᠳᠡᠶᠢᠷᠡᠭᠦᠯᠦᠭᠰᠡᠨ ᠣᠷᠣᠨ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠳᠤ ᠣᠷᠭᠢᠯ ᠢ ᠵᠥᠷᠢᠭᠦᠯᠦᠨ ᠳᠡᠯᠪᠡᠴᠢᠬᠦ ᠶᠢ | ᠬᠡᠷᠡᠭᠵᠢᠭᠦᠯᠵᠦ᠂ ᠲᠡᠷᠢᠭᠦᠨ ᠤ ᠮᠡᠷᠭᠡᠵᠢᠯ ᠢ ᠬᠡᠷᠡᠭᠯᠡᠨ ᠲᠣᠭᠤᠰᠣ ᠶᠢ ᠬᠤᠷᠢᠭᠯᠠᠨ ᠳᠡᠯᠪᠡᠴᠢᠵᠦ᠂ ᠲᠡᠯᠪᠡᠷᠡᠬᠦ ᠪᠤᠳᠠᠰ ᠢ | ᠵᠦᠷᠢᠶᠡᠴᠢᠯᠡᠨ ᠬᠠᠩᠭᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠡᠢ᠃ ᠵᠠᠳᠠᠭᠠᠶ ᠨᠡᠭᠡᠭᠡᠨ | ᠮᠠᠯᠲᠠᠬᠤ ᠠᠵᠤ ᠠᠬᠤᠶᠢᠯᠠᠯ ᠳᠤ ᠰᠥᠨᠢ ᠪᠠᠷ ᠮᠠᠯᠲᠠᠬᠤ ᠶᠢ ᠴᠠᠭᠠᠵᠠᠯᠠᠬᠤ ᠶᠢ ᠨᠢᠭᠡᠳᠦᠯᠲᠡᠶ ᠬᠡᠷᠡᠭᠵᠢᠭᠦᠯᠬᠦ ᠬᠡᠷᠡᠭᠳᠡᠢ | ︵ᠲᠤᠯᠠᠭᠠᠨ ᠬᠠᠩᠭᠠᠬᠤ ᠬᠤᠭᠤᠴᠠᠭᠠᠨ ᠳᠤ ᠣᠷᠣᠶ ᠶᠢᠨ 8 ᠴᠠᠭ ᠠᠴᠠ ᠦᠳᠡ ᠶᠢᠨ ᠡᠮᠦᠨᠡᠬᠢ 10 ᠴᠠᠭ᠂ ᠪᠤᠰᠤᠳ | ᠴᠠᠭ ᠤᠨ ᠬᠤᠭᠤᠴᠠᠭ᠎ᠠ ᠨᠢ ᠣᠷᠣᠶ ᠶᠢᠨ 8 ᠴᠠᠭ ᠠᠴᠠ ᠥᠷᠯᠥᠭᠡ ᠶᠢᠨ 6 ᠴᠠᠭ︶᠃ ᠠᠭᠤᠷᠬᠠᠶ ᠶᠢᠨ | ᠦᠢᠯᠡᠳᠪᠦᠷᠢᠯᠡᠯ ᠳᠤ ᠡᠷᠬᠡᠪᠰᠢ ᠤᠰᠤ ᠰᠦᠷᠴᠢᠬᠦ ᠲᠡᠷᠭᠡ᠂ ᠥᠨᠳᠥᠷ ᠳᠠᠷᠤᠯᠲᠠᠲᠤ ᠮᠠᠨᠠᠨᠲᠤ ᠲᠡᠷᠭᠡ᠂ ᠴᠡᠪᠡᠷᠯᠡᠬᠦ ᠲᠡᠷᠭᠡ | ᠵᠡᠷᠭᠡ ᠤᠰᠤ ᠰᠦᠷᠴᠢᠵᠦ ᠲᠣᠭᠤᠰᠣ ᠠᠷᠢᠯᠭᠠᠬᠤ ᠲᠥᠬᠦᠭᠡᠷᠦᠮᠵᠢ ᠶᠢ ᠭᠦᠢᠴᠡᠳ ᠲᠣᠬᠢᠷᠠᠭᠤᠯᠬᠤ ᠬᠡᠷᠡᠭᠲᠡᠶ᠃ | ᠠᠭᠤᠷᠬᠠᠶ ᠶᠢᠨ ᠰᠢᠭᠠᠷᠤ ᠶᠢ ᠭᠠᠳᠠᠭᠰᠢᠯᠠᠭᠤᠯᠬᠤ ᠲᠡᠷᠭᠡ ᠬᠥᠰᠬᠡ ᠶᠢᠨ ᠠᠴᠢᠶᠠᠯᠠᠵᠤ ᠪᠠᠭᠤᠯᠭᠠᠬᠤ ᠠᠵᠢᠯ ᠬᠢᠬᠦ ᠳᠡᠭᠡᠨ | ᠥᠨᠳᠥᠷ ᠲᠠᠷᠣᠯᠳᠠᠲᠤ ᠤᠰᠤᠨ ᠲᠡᠷᠭᠡ ᠪᠠᠷ ᠲᠣᠭᠤᠰᠣ ᠪᠠᠭᠤᠷᠠᠭᠤᠯᠬᠤ ᠶᠢ ᠵᠦᠢ ᠵᠤᠬᠢᠰᠲᠠᠢ ᠲᠣᠬᠢᠷᠠᠭᠤᠯᠵᠤ᠂ | ᠠᠭᠤᠷᠬᠠᠶ ᠶᠢᠨ ᠣᠷᠣᠨ ᠤ ᠵᠠᠮ᠂ ᠠᠭᠤᠷᠬᠠᠶ ᠶᠢᠨ ᠦᠢᠯᠡᠳᠬᠦᠨ ᠬᠢᠭᠡᠳ ᠪᠣᠳᠠᠰ ᠤᠨ ᠮᠠᠲ᠋ᠧᠷᠢᠶᠠᠯ ᠣᠪᠣᠭᠠᠯᠠᠬᠤ | ᠲᠠᠯᠠᠪᠤᠷ ᠢ ᠡᠷᠬᠡᠪᠰᠢ ᠬᠠᠲᠠᠭᠤᠷᠠᠭᠤᠯᠬᠤ ᠬᠡᠷᠡᠭᠲᠡᠶ ᠪᠥᠭᠡᠳ ᠴᠠᠭ ᠲᠤᠬᠠᠶ ᠳᠤᠨᠢ ᠴᠡᠪᠡᠷᠯᠡᠵᠦ᠂ ᠬᠥᠮᠥᠷᠭᠡᠯᠡᠨ | ᠬᠠᠳᠠᠭᠠᠯᠠᠬᠤ ᠵᠡᠷᠭᠡ ᠲᠣᠭᠲᠠᠮᠠᠯ ᠲᠠᠯᠠᠪᠤᠷ ᠲᠤ ᠰᠦᠷᠴᠢᠬᠦ ᠲᠥᠬᠦᠭᠡᠷᠦᠮᠵᠢ ᠲᠤᠬᠢᠷᠠᠭᠤᠯᠵᠤ ᠴᠠᠭ ᠲᠤᠬᠠᠶ ᠳᠤᠨᠢ ᠤᠰᠤ | ᠰᠦᠷᠴᠢᠵᠦ᠂ ᠡᠯ᠎ᠡ ᠦᠢᠯᠡᠳᠪᠦᠷᠢᠯᠡᠯ ᠤᠨ ᠠᠵᠢᠯᠯᠠᠬᠤ ᠨᠢᠭᠡᠴᠡ ᠪᠣᠯᠤᠨ ᠦᠢᠯᠡᠳᠪᠦᠷᠢᠯᠡᠵᠦ ᠲᠡᠭᠡᠭᠡᠪᠦᠷᠢᠯᠡᠬᠦ ᠶᠠᠪᠤᠴᠠ | ᠳᠤ ᠬᠥᠷᠥᠰᠥ ᠰᠢᠷᠣᠶ ᠥᠬᠡᠢ᠂ ᠲᠣᠭᠤᠰᠣ ᠳᠡᠭᠳᠡᠬᠦ ᠥᠬᠡᠢ ᠪᠠᠶᠢᠬᠤ ᠶᠢ ᠦᠨᠡᠨᠬᠦ ᠪᠠᠲᠤᠯᠠᠵᠤ᠂ ᠨᠦᠢᠲᠠᠨ ᠪᠥᠭᠡᠳ | ᠲᠣᠭᠤᠰᠣ ᠳᠡᠭᠳᠡᠬᠦ ᠥᠬᠡᠢ ᠪᠠᠶᠢᠬᠤ ᠶᠢ ᠪᠠᠲᠤᠯᠠᠵᠤ᠂ ᠲᠡᠭᠡᠭᠡᠪᠦᠷᠢᠯᠡᠬᠦ ᠲᠡᠷᠭᠡ ᠬᠥᠰᠬᠡ ᠶᠢ ᠠᠭᠤᠷᠬᠠᠶ ᠠᠴᠠ ᠭᠠᠷᠭᠠᠬᠤ | ᠦᠶ᠎ᠡ ᠳᠤ ᠲᠡᠷᠭᠡ ᠶᠢ ᠨᠢ ᠰᠦᠷᠴᠢᠨ ᠤᠬᠢᠶᠠᠵᠤ᠂ ᠲᠡᠷᠭᠡ ᠬᠥᠰᠬᠡ ᠶᠢᠨ ᠴᠡᠪᠡᠷ ᠲᠡᠭᠰᠢ ᠪᠠᠶᠢᠬᠤ ᠶᠢ ᠪᠠᠲᠤᠯᠠᠬᠤ | ᠬᠡᠷᠡᠭᠲᠡᠶ᠃ | 2. ᠠᠭᠤᠷᠬᠠᠶ ᠶᠢᠨ ᠣᠷᠣᠨ ᠤ ᠨᠡᠭᠦᠷᠡᠰᠦᠨ ᠤ ᠪᠣᠳᠠᠰ ᠮᠠᠲ᠋ᠧᠷᠢᠶᠠᠯ ᠢ ᠬᠠᠳᠠᠭᠠᠯᠠᠵᠤ ᠲᠣᠭᠤᠰᠣ ᠳᠡᠭᠳᠡᠬᠦ ᠶᠢ | ᠡᠵᠡᠮᠳᠡᠬᠦ ᠶᠢ ᠴᠢᠩᠭᠠᠷᠠᠭᠤᠯᠬᠤ ᠬᠡᠷᠡᠭᠳᠡᠢ ᠠᠭᠤᠷᠬᠠᠶ ᠶᠢᠨ ᠣᠷᠣᠨ ᠤ ᠳᠣᠲᠣᠷᠠᠬᠢ ᠨᠡᠭᠦᠷᠡᠰᠦ ᠲᠡᠭᠡᠭᠡᠪᠦᠷᠢᠯᠡᠬᠦ ᠵᠢᠴᠢ | ᠪᠣᠳᠠᠰ ᠮᠠᠲ᠋ᠧᠷᠢᠶᠠᠯ ᠣᠪᠣᠭᠠᠯᠠᠨ ᠬᠠᠳᠠᠭᠠᠯᠠᠬᠤ ᠶᠢ ᠪᠦᠬᠦᠨ ᠢ ᠪᠢᠲᠡᠭᠦᠮᠵᠢᠯᠡᠬᠦ ᠶᠢ ᠪᠡᠶᠡᠯᠡᠭᠦᠯᠵᠦ᠂ ᠪᠢᠲᠡᠭᠦᠮᠵᠢᠯᠡᠭᠰᠡᠨ | ᠮᠠᠲ᠋ᠧᠷᠢᠶᠠᠯ ᠤᠨ ᠰᠠᠷᠠᠪᠴᠢ ︵ᠬᠥᠮᠥᠷᠭᠡ︶ ᠶᠢᠨ ᠪᠥᠲᠥᠭᠡᠨ ᠪᠠᠶᠢᠭᠤᠯᠤᠯᠲᠠ ᠶᠢ ᠳᠠᠭᠤᠰᠬᠠᠬᠤ ᠠᠴᠠ ᠡᠮᠦᠨ᠎ᠡ᠂ | ᠦᠢᠯᠡᠳᠪᠦᠷᠢᠯᠡᠬᠦ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠂ ᠵᠠᠳᠠᠭᠠᠶ ᠪᠠᠷ ᠣᠪᠣᠭᠠᠯᠠᠬᠤ ᠪᠠ ᠲᠦᠷ ᠴᠠᠭ | ᠬᠠᠳᠠᠭᠠᠯᠠᠬᠤ ᠲᠠᠯᠠᠪᠠᠶ ᠭᠠᠷᠭᠠᠵᠤ ᠪᠣᠯᠬᠤ ᠥᠬᠡᠶ᠂ ᠱᠠᠭᠠᠷᠳᠠᠯᠭ᠎ᠠ ᠶᠣᠰᠣᠭᠠᠷ ᠪᠢᠲᠡᠭᠦᠮᠵᠢᠯᠡᠭᠰᠡᠨ ᠮᠠᠲ᠋ᠧᠷᠢᠶᠠᠯ ᠤᠨ | ᠰᠠᠷᠠᠪᠴᠢ ︵ᠬᠥᠮᠥᠷᠭᠡ︶ ᠶᠢ ᠪᠥᠲᠥᠭᠡᠨ ᠪᠠᠶᠢᠭᠤᠯᠤᠭᠰᠠᠨ ᠥᠬᠡᠶ ᠪᠠᠶᠢᠪᠠᠯ 2021 ᠣᠨ ᠤ ᠵᠢᠯ ᠤᠨ ᠰᠡᠭᠦᠯᠴᠢ ᠠᠴᠠ | ᠡᠮᠦᠨ᠎ᠡ ᠡᠷᠬᠡᠪᠰᠢ ᠪᠢᠲᠡᠭᠦᠮᠵᠢᠯᠡᠨ ᠵᠠᠰᠠᠬᠤ ᠶᠢ ᠪᠡᠶᠡᠯᠡᠭᠦᠯᠵᠦ᠂ ᠬᠤᠭᠤᠴᠠᠭ᠎ᠠ ᠬᠡᠲᠦᠷᠡᠲᠡᠯ᠎ᠡ ᠪᠡᠶᠡᠯᠡᠭᠦᠯᠦᠭᠰᠡᠨ ᠥᠬᠡᠶ | ᠪᠠᠶᠢᠪᠠᠯ ᠦᠢᠯᠡᠳᠪᠦᠷᠢᠯᠡᠯ ᠢ ᠨᠢ ᠵᠣᠭᠰᠣᠭᠠᠵᠤ ᠵᠠᠰᠠᠭᠤᠯᠬᠤ ᠬᠡᠷᠡᠭᠲᠡᠶ᠃ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠦᠢᠴᠡᠳᠬᠡᠯ ᠲᠤᠭ᠎ᠠ ᠥᠬᠡᠶ ᠠᠴᠠ ᠪᠣᠯᠵᠣ ᠪᠢᠲᠡᠭᠦᠮᠵᠢᠯᠡᠨ ᠵᠠᠰᠠᠬᠤ ᠶᠢ ᠬᠡᠷᠡᠭᠵᠢᠭᠦᠯᠬᠦ ᠶᠢᠨ ᠠᠷᠭ᠎ᠠ | ᠥᠬᠡᠶ ᠪᠤᠶᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠵᠡᠷᠭᠡ ᠰᠢᠯᠲᠠᠭᠠᠨ ᠠᠴᠠ ᠪᠣᠯᠵᠣ ᠬᠤᠶᠢᠰᠢᠯᠠᠭᠤᠯᠬᠤ ᠴᠢᠬᠤᠯᠠᠲᠠᠶ | ᠪᠠᠶᠢᠪᠠᠯ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠬᠤᠯᠪᠤᠭᠳᠠᠯ ᠪᠥᠬᠦᠶ ᠭᠡᠷᠡᠴᠢᠯᠡᠬᠦ ᠮᠠᠲ᠋ᠧᠷᠢᠶᠠᠯ | ᠭᠠᠷᠭᠠᠵᠤ ᠥᠭᠪᠡᠯ ᠰᠠᠶ᠋ᠢ ᠪᠢᠲᠡᠭᠦᠮᠵᠢᠯᠡᠨ ᠵᠠᠰᠠᠬᠤ ᠶᠢ ᠬᠤᠶᠢᠰᠢᠯᠠᠭᠤᠯᠵᠤ ᠪᠣᠯᠤᠨ᠎ᠠ᠂ ᠭᠡᠬᠦ ᠳᠡᠭᠡᠨ ᠰᠠᠯᠬᠢ ᠶᠢ | ᠰᠡᠷᠭᠡᠶᠢᠯᠡᠵᠦ ᠲᠣᠭᠤᠰᠣ ᠶᠢ ᠬᠤᠷᠢᠭᠯᠠᠬᠤ ᠲᠣᠤᠷ ᠵᠡᠷᠭᠡ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠡᠷᠬᠡᠪᠰᠢ ᠬᠤᠯᠪᠤᠭᠳᠠᠯ ᠪᠥᠬᠦᠶ ᠵᠢᠷᠤᠮᠵᠢᠯ ᠤᠨ ᠱᠠᠭᠠᠷᠳᠠᠯᠭ᠎ᠠ ᠳᠤ ᠬᠦᠷᠦᠭᠦᠯᠬᠦ | ᠬᠡᠷᠡᠭᠲᠡᠶ᠃ ᠪᠢᠲᠡᠭᠦᠮᠵᠢᠯᠡᠭᠰᠡᠨ ᠮᠠᠶ᠋ᠢᠭ ᠤᠨ ᠪᠦᠰᠡ᠂ ᠬᠤᠭᠤᠯᠠᠶ ᠪᠠᠷ ᠲᠡᠭᠡᠭᠡᠪᠦᠷᠢᠯᠡᠬᠦ ᠶᠢ ᠪᠡᠶᠡᠯᠡᠭᠦᠯᠦᠭᠰᠡᠨ ᠠᠵᠤ | ᠠᠬᠤᠶᠢᠯᠠᠯ ᠳᠤ᠂ ᠰᠥᠨᠢ ᠪᠠᠷ ᠦᠢᠯᠡᠳᠪᠦᠷᠢᠯᠡᠯ ᠢ ᠨᠢ ᠵᠣᠭᠰᠣᠭᠠᠵᠤ ᠬᠠᠮᠢᠶᠠᠷᠤᠨ ᠡᠵᠡᠮᠳᠡᠬᠦ ᠶᠢ ᠠᠭᠤᠵᠢᠭᠤ ᠲᠠᠯᠪᠢᠵᠤ | ᠪᠣᠯᠤᠨ᠎ᠠ᠃ | 3. ᠠᠭᠤᠷᠬᠠᠶ ᠶᠢᠨ ᠣᠷᠣᠨ ᠤ ᠲᠣᠭᠤᠰᠣ ᠰᠢᠷᠣᠶ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠳᠡᠢ᠃ ᠪᠣᠶ ᠪᠥᠬᠦᠶ ᠠᠭᠤᠷᠬᠠᠶ ᠶᠢᠨ ᠠᠵᠤ ᠠᠬᠤᠶᠢᠯᠠᠯ ᠡᠷᠬᠡᠪᠰᠢ ᠬᠠᠷᠠᠭᠠᠨ ᠳᠠᠪᠲᠠᠮᠵᠢ ᠪᠠᠷ | ᠬᠢᠨᠠᠨ ᠡᠵᠡᠮᠳᠡᠬᠦ ᠶᠢᠨ ᠬᠠᠮᠲᠤ ᠠᠭᠤᠷᠬᠠᠶ ᠶᠢᠨ ᠣᠷᠣᠨ ᠤ ᠣᠶᠤᠨᠴᠢ ᠬᠠᠮᠢᠶᠠᠷᠤᠨ ᠡᠵᠡᠮᠳᠡᠬᠦ ᠰᠢᠰᠲ᠋ᠧᠮ ᠳᠤ ᠵᠠᠯᠭᠠᠨ | ᠣᠷᠣᠭᠤᠯᠵᠤ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠤᠭ᠎ᠠ ᠪᠠᠷᠢᠮᠲᠠ ᠪᠠᠷ ᠬᠢᠨᠠᠯᠲᠠ ᠬᠠᠮᠢᠶᠠᠷᠤᠯᠲᠠ ᠶᠢᠨ | ᠯᠠᠪᠯᠠᠯᠲᠠ ᠶᠢᠨ ᠦᠨᠳᠦᠰᠦᠯᠡᠯ ᠪᠣᠯᠭᠠᠵᠤ᠂ ᠨᠡᠶᠢᠳᠡᠮ ᠠᠴᠠ ᠴᠢᠭ ᠲᠤ ᠬᠦᠷᠲᠡᠯ᠎ᠡ᠂ ᠪᠥᠬᠦ ᠲᠠᠯ᠎ᠠ ᠪᠠᠷ ᠬᠢᠨᠠᠨ | ᠡᠵᠡᠮᠳᠡᠬᠦ ᠶᠢ ᠬᠡᠷᠡᠭᠵᠢᠭᠦᠯᠦᠨ᠂ ᠶᠡᠭᠡ ᠳ᠋ᠡᠶᠢᠲ᠋ᠠ ᠪᠠᠷ ᠨᠠᠷᠢᠯᠢᠭ ᠣᠨᠣᠴᠠᠲᠠᠶ ᠪᠠᠷ ᠪᠣᠬᠢᠷᠲᠤᠯ ᠢ ᠵᠠᠰᠠᠬᠤ ᠶᠢ ᠠᠬᠢᠭᠤᠯᠵᠤ᠂ | ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠡᠵᠡᠮᠳᠡᠵᠦ᠂ ᠬᠠᠨᠳᠤᠯᠭᠠᠲᠤ ᠴᠢᠨᠠᠷᠲᠠᠶ ᠪᠠᠷ ᠤᠨᠤᠴᠢᠳᠡᠢ ᠪᠠᠷ ᠵᠠᠰᠠᠬᠤ | ᠬᠡᠷᠡᠭᠲᠡᠶ᠃ | 4. ᠠᠭᠤᠷᠬᠠᠶ ᠶᠢᠨ ᠣᠷᠣᠨ ᠤ ᠪᠣᠬᠢᠷᠲᠤᠯᠳᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠶᠢ | ᠰᠠᠶᠢᠲᠤᠷ ᠬᠢᠬᠦ ᠬᠡᠷᠡᠭᠳᠡᠢ᠃ 2021 ᠣᠨ ᠤ 4 ᠳ᠋ᠣᠬᠡᠷ ᠰᠠᠷ᠎ᠠ ᠶᠢᠨ 15 ᠤ ᠡᠳᠦᠷ ᠠᠴᠠ ᠡᠮᠦᠨ᠎ᠡ ︽ᠦᠬᠠᠶ | ᠬᠤᠲᠠ ᠶᠢᠨ ᠪᠣᠬᠢᠷᠲᠤᠯ ᠲᠠᠢ ᠴᠠᠭ ᠠᠭᠤᠷ ᠤᠨ ᠠᠭᠤᠷᠬᠠᠶ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠢ | ᠬᠢᠵᠠᠭᠠᠷᠯᠠᠵᠤ ᠦᠢᠯᠡᠳᠪᠦᠷᠢᠯᠡᠯ ᠢ ᠵᠣᠭᠰᠣᠭᠠᠬᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠢ ᠨᠠᠶᠢᠷᠠᠭᠤᠯᠤᠨ | ᠵᠣᠬᠢᠶᠠᠵᠤ᠂ ᠡᠬᠢᠯᠡᠵᠦ ᠵᠣᠭᠰᠣᠭᠠᠬᠤ ᠨᠥᠬᠦᠴᠡᠯ᠂ ᠲᠠᠰ ᠳᠠᠷᠠᠭᠠᠯᠠᠯ᠂ ᠠᠷᠭ᠎ᠠ ᠬᠡᠮᠵᠢᠶ᠎ᠡ ᠵᠢᠴᠢ ᠰᠠᠯᠠᠭ᠎ᠠ ᠮᠥᠴᠢᠷ ᠤᠨ | ᠬᠠᠷᠢᠭᠤᠴᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠪᠥᠬᠦ ᠬᠤᠲᠠ ᠶᠢᠨ ᠠᠭᠤᠷᠬᠠᠶ ᠶᠢᠨ ᠠᠵᠤ ᠠᠬᠤᠶᠢᠯᠠᠯ | 2021 ᠣᠨ ᠤ 4 ᠰᠠᠷ᠎ᠠ ᠶᠢᠨ ᠰᠡᠭᠦᠯᠴᠢ ᠠᠴᠠ ᠡᠮᠦᠨ᠎ᠡ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠭᠠᠬᠤ ᠶᠢ ᠬᠠᠷᠢᠭᠤ ᠲᠤᠰᠬᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ | ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ ᠠᠭᠤᠷᠬᠠᠶ᠂ ᠨᠡᠭᠦᠷᠡᠰᠦ ᠤᠬᠢᠶᠠᠵᠤ ᠰᠢᠯᠢᠬᠦ ᠠᠵᠤ ᠠᠬᠤᠶᠢᠯᠠᠯ ᠢ ᠲᠣᠰ | ᠲᠣᠰ ᠡᠨᠧᠷᠭᠢ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠲᠤ | ᠮᠡᠳᠡᠭᠦᠯᠦᠨ ᠳᠠᠩᠰᠠᠯᠠᠭᠤᠯᠬᠤ ᠬᠡᠷᠡᠭᠳᠡᠢ᠃ ᠴᠠᠭ ᠠᠭᠤᠷ ᠤᠨ ᠰᠠᠯᠠᠭ᠎ᠠ ᠮᠥᠴᠢᠷ ᠶᠡᠭᠡ ᠰᠠᠯᠬᠢ᠂ ᠡᠯᠡᠰᠦᠨ ᠰᠢᠭᠤᠷᠭ᠎ᠠ᠂ | ᠶᠡᠭᠡ ᠮᠡᠨᠡᠠ ᠵᠡᠷᠭᠡ ᠴᠠᠭ ᠠᠭᠤᠷ ᠤᠨ ᠭᠠᠮᠰᠢᠭ ᠰᠡᠷᠡᠮᠵᠢᠯᠡᠭᠦᠯᠬᠦ ᠪᠠ ᠵᠥᠭᠡᠯᠡᠨ ᠰᠠᠯᠬᠢ ᠲᠣᠭᠲᠠᠭᠤᠨ ᠪᠠᠶᠢᠬᠤ ᠵᠡᠷᠭᠡ | ᠪᠣᠬᠢᠷᠲᠤᠯ ᠪᠣᠳᠠᠰ ᠢ ᠲᠠᠷᠬᠠᠭᠠᠬᠤ ᠳᠤ ᠠᠰᠢᠭ ᠤᠢᠭᠡᠢ ᠴᠠᠭ ᠠᠭᠤᠷ ᠤᠨ ᠨᠥᠬᠦᠴᠡᠯ ᠢ ᠨᠡᠶᠢᠲᠡᠯᠡᠬᠦ ᠦᠶ᠎ᠡ ᠳᠤ᠂ | ᠠᠭᠤᠷᠬᠠᠶ ᠶᠢᠨ ᠠᠵᠤ ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠴᠠᠭ ᠲᠤᠬᠠᠶ | ᠳᠤᠨᠢ ᠡᠬᠢᠯᠡᠭᠦᠯᠵᠦ᠂ ᠦᠢᠯᠡᠳᠪᠦᠷᠢᠯᠡᠬᠦ ᠪᠠᠨ ᠬᠢᠵᠠᠭᠠᠷᠯᠠᠵᠤ ᠦᠢᠯᠡᠳᠪᠦᠷᠢᠯᠡᠬᠦ ᠪᠠᠨ ᠵᠣᠭᠰᠣᠭᠠᠬᠤ ᠵᠡᠷᠭᠡ ᠠᠷᠭ᠎ᠠ | ᠬᠡᠮᠵᠢᠶ᠎ᠡ ᠠᠪᠴᠤ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠮᠡᠳᠡᠭᠳᠡᠬᠦ ᠪᠠ ᠲᠣᠭᠤᠷᠢᠨ ᠪᠠᠶᠢᠴᠠᠭᠠᠬᠤ ᠠᠵᠢᠯ | ᠢᠶᠠᠨ ᠰᠠᠶᠢᠲᠤᠷ ᠬᠢᠬᠦ ᠬᠡᠷᠡᠭᠲᠡᠶ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠠᠵᠢᠯᠲᠠᠨ ᠢᠶᠠᠨ ᠴᠠᠭ | ᠲᠤᠬᠠᠶ ᠳᠤᠨᠢ ᠵᠣᠬᠢᠶᠠᠨ ᠪᠠᠶᠢᠭᠤᠯᠤᠨ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠬᠢᠨᠠᠨ ᠪᠠᠶᠢᠴᠠᠭᠠᠵᠤ᠂ ᠠᠵᠢᠯ ᠤᠨ ᠪᠠᠶᠢᠷᠢᠯᠠᠭᠤᠯᠤᠯᠲᠠ ᠪᠠᠨ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠪᠠᠨ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠭᠠᠬᠤ ᠶᠢ ᠬᠠᠷᠢᠭᠤ | ᠲᠤᠰᠬᠠᠭᠰᠠᠨ ᠢ ᠳ᠋ᠦᠩᠨᠡᠵᠦ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠬᠡᠷᠡᠭᠲᠡᠶ᠃ | ︵ᠵᠢᠷᠭᠤᠭ᠎ᠠ︶ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ | ᠬᠠᠷᠢᠭᠤ ᠲᠤᠰᠬᠠᠭᠰᠠᠨ ᠰᠠᠨᠠᠯ ᠵᠢᠴᠢ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠰᠢᠮᠳᠠᠭᠤᠯᠤᠨ | ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠬᠤ ᠡᠭᠦᠷᠭᠡ ᠶᠢᠨ ᠵᠠᠯᠭᠠᠮᠵᠢ ᠬᠠᠮᠠᠭᠠᠯᠠᠯᠲᠠ ᠶᠢᠨ | ᠠᠵᠢᠯ ᠢ ᠦᠷᠭᠦᠯᠵᠢᠯᠡᠨ ᠠᠬᠢᠭᠤᠯᠬᠤ ᠬᠡᠷᠡᠭᠳᠡᠢ | ︽ᠬᠡᠨ ᠲᠦᠷᠦᠭᠦᠯᠡᠪᠡᠯ᠂ ᠬᠡᠨ ᠬᠢᠨᠠᠨ ᠬᠠᠮᠢᠶᠠᠷᠴᠤ᠂ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠡᠯ᠎ᠡ | ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠪᠠᠷᠠᠭᠤᠨ ᠣᠷᠳᠣᠰ ᠤᠨ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠡᠳᠦᠷ ᠲᠤᠲᠤᠮ ᠤᠨ ᠲᠣᠭᠤᠷᠢᠨ ᠬᠠᠮᠠᠭᠠᠯᠠᠯᠲᠠ ᠵᠢᠴᠢ ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠵᠤ᠂ | ᠬᠠᠷᠢᠭᠤᠴᠠᠯᠭ᠎ᠠ ᠶᠢᠨ ᠭᠤᠤᠯ ᠴᠣᠭᠴᠠ ᠪᠠᠨ ᠲᠣᠳᠣᠷᠬᠠᠶᠢᠯᠠᠨ᠂ ᠲᠣᠰ ᠲᠣᠰ ᠤᠨ ᠡᠭᠦᠷᠭᠡ ᠲᠤᠰᠢᠶᠠᠯ ᠢᠶᠠᠨ | ᠬᠦᠢᠴᠡᠳᠬᠡᠵᠦ ᠪᠠᠶᠢᠭᠠᠳ ᠲᠦᠷᠦᠭᠦᠯᠡᠬᠦ ᠬᠡᠪᠴᠢᠶᠡᠨ ᠳᠠᠬᠢ 31 ᠠᠵᠤ ᠦᠢᠯᠡᠳᠪᠦᠷᠢ ᠠᠭᠤᠷᠬᠠᠶ ᠶᠢᠨ ᠠᠵᠤ | ᠠᠬᠤᠶᠢᠯᠠᠯ ᠤᠨ ᠳ᠋ᠤᠭᠠᠷ ᠬᠠᠰᠤᠭᠰᠠᠨ ᠤ ᠳᠠᠷᠠᠭᠠᠬᠢ ᠠᠮᠢ ᠠᠬᠤᠶ ᠶᠢ ᠰᠡᠷᠭᠦᠭᠡᠨ ᠬᠠᠮᠠᠭᠠᠯᠠᠬᠤ ᠠᠵᠢᠯ ᠢ ᠰᠠᠶᠢᠲᠤᠷ ᠬᠢᠬᠦ | ᠬᠡᠷᠡᠭᠲᠡᠶ᠃ ᠡᠭᠦᠨ ᠤ ᠬᠠᠮᠲᠤ᠂ ᠮᠠᠨ ᠤ ᠬᠤᠲᠠ ᠶᠢᠨ ᠨᠢᠭᠡᠨᠲᠡ ᠳ᠋ᠤᠭᠠᠷ ᠬᠠᠰᠣᠭᠰᠠᠨ 100 ᠠᠭᠤᠷᠬᠠᠶ ᠶᠢᠨ ᠣᠷᠣᠨ ᠤ | ᠣᠷᠴᠢᠨ ᠲᠣᠭᠤᠷᠢᠨ ᠢ ᠵᠠᠰᠠᠬᠤ ᠲᠥᠷᠥᠯ ᠵᠦᠢᠯ ᠪᠠ 71 ᠰᠢᠷᠣᠶ ᠭᠠᠳᠠᠭᠰᠢᠯᠠᠭᠤᠯᠬᠤ ᠲᠠᠯᠠᠪᠠᠶ ᠶᠢᠨ ᠡᠳᠦᠷ | ᠲᠤᠲᠤᠮ ᠤᠨ ᠲᠣᠭᠤᠷᠢᠨ ᠪᠠᠶᠢᠴᠠᠭᠠᠬᠤ ᠪᠠ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠨᠢᠭᠡᠨᠲᠡ ᠳ᠋ᠤᠭᠠᠷ | ᠬᠠᠰᠣᠭᠰᠠᠨ ᠠᠰᠠᠭᠤᠳᠠᠯ ᠤᠨ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠬᠤ ᠬᠡᠷᠡᠭᠳᠡᠢ᠃ ᠡᠯ᠎ᠡ ᠲᠣᠭᠤᠷᠢᠭ᠂ | ᠡᠯ᠎ᠡ ᠰᠠᠯᠠᠭ᠎ᠠ ᠮᠥᠴᠢᠷ ᠤᠳ ᠴᠠᠭ ᠲᠤᠬᠠᠶ ᠳᠤᠨᠢ ᠲᠤᠰᠬᠠᠶ ᠪᠠᠭ ᠵᠣᠬᠢᠶᠠᠨ ᠪᠠᠶᠢᠭᠤᠯᠵᠤ᠂ ᠲᠤᠰᠬᠠᠶ ᠬᠠᠷᠢᠭᠤᠴᠠᠯᠭ᠎ᠠ | ᠪᠠᠨ ᠪᠣᠳᠠᠲᠠᠶᠢᠵᠢᠭᠤᠯᠤᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠡᠮᠬᠢᠯᠡᠨ | ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠠᠭᠤᠷᠬᠠᠶ ᠶᠢ ᠶᠡᠷᠦᠩᠬᠡᠶᠢᠯᠡᠨ ᠵᠠᠰᠠᠬᠤ ᠪᠠ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠬᠦᠴᠦᠲᠡᠶ ᠳᠥᠯᠭᠢᠨ ᠠᠬᠢᠭᠤᠯᠬᠤ ᠬᠡᠷᠡᠭᠲᠡᠶ᠃ ᠡᠭᠦᠨ ᠤ | ᠬᠠᠮᠲᠤ ᠳᠡᠭᠡᠷ᠎ᠡ ᠳᠤᠷᠠᠳᠤᠭᠰᠠᠨ ᠠᠵᠢᠯ ᠢ ᠬᠤᠳᠠ᠂ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠳᠤᠳᠤᠮ ᠤᠨ ᠠᠵᠢᠯ ᠳᠤ | ᠣᠷᠣᠭᠤᠯᠵᠤ᠂ ᠬᠠᠮᠲᠤ ᠳᠤᠨᠢ ᠲᠤᠬᠢᠷᠠᠭᠤᠯᠵᠤ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠠᠬᠢᠭᠤᠯᠵᠤ᠂ | ᠬᠠᠮᠲᠤ ᠳᠤᠨᠢ ᠬᠢᠨᠠᠨ ᠰᠢᠯᠭᠠᠬᠤ ᠶᠢ ᠪᠡᠶᠡᠯᠡᠭᠦᠯᠬᠦ ᠬᠡᠷᠡᠭᠲᠡᠢ᠃ | ︵ᠬᠤᠶᠠᠷ︶ ᠬᠢᠨᠠᠨ ᠬᠠᠮᠢᠶᠠᠷᠬᠤ ᠲᠣᠭᠲᠠᠴᠠ ᠪᠠᠨ ᠲᠡᠭᠦᠯᠳᠡᠷᠵᠢᠭᠦᠯᠬᠦ ᠬᠡᠷᠡᠭᠳᠡᠢ᠃ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ | ᠠᠭᠤᠷᠬᠠᠶ ᠶᠢ ᠶᠡᠷᠦᠩᠬᠡᠶᠢᠯᠡᠨ ᠵᠠᠰᠠᠬᠤ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠠᠵᠢᠯ ᠤᠨ ᠡᠬᠡ ᠲᠠᠩᠰᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠠᠵᠢᠯ ᠢ | ᠠᠬᠢᠭᠤᠯᠬᠤ ᠶᠠᠪᠤᠴᠠ ᠳᠤ ᠢᠯᠡᠷᠡᠭᠰᠡᠨ ᠲᠣᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ | ᠰᠢᠢᠳᠪᠦᠷᠢᠯᠡᠬᠦ ᠬᠡᠷᠡᠭᠲᠡᠶ᠃ ᠡᠯ᠎ᠡ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠲᠠᠢ ᠬᠠᠮᠵᠢᠯᠴᠠᠨ | ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ | ᠬᠤᠯᠪᠣᠭᠳᠠᠯ ᠪᠦᠬᠦᠢ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠳᠠᠭᠠᠰᠢᠷᠠᠭᠤᠯᠤᠭᠰᠠᠨ᠂ ᠲᠦᠯᠬᠢᠯᠴᠡᠭᠰᠡᠨ᠂ | ᠲᠡᠪᠴᠢᠭᠰᠡᠨ ᠠᠭᠤᠷᠬᠠᠶ ᠶᠢᠨ ᠠᠵᠤ ᠠᠬᠤᠶᠢᠯᠠᠯ ᠢ ᠵᠣᠭᠰᠣᠭᠠᠬᠤ ᠶᠣᠰᠣᠲᠠᠶ ᠶᠢ ᠨᠢ ᠵᠣᠭᠰᠣᠭᠠᠵᠤ᠂ ᠬᠠᠭᠠᠬᠤ | ᠶᠣᠰᠣᠲᠠᠶ ᠶᠢ ᠨᠢ ᠬᠠᠭᠠᠬᠤ ᠬᠡᠷᠡᠭᠳᠡᠢ᠃ | ︵ᠭᠤᠷᠪᠠ︶ ᠣᠯᠠᠨ ᠨᠡᠶᠢᠲᠡ ᠶᠢᠨ ᠣᠷᠣᠯᠴᠠᠬᠤ ᠶᠢ ᠨᠡᠮᠡᠭᠳᠡᠭᠦᠯᠬᠦ ᠬᠡᠷᠡᠭᠳᠡᠢ᠃ ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠡᠮᠬᠢᠯᠡᠨ ᠨᠡᠶᠢᠯᠡᠭᠦᠯᠵᠦ ᠲᠠᠬᠢᠨ ᠵᠣᠬᠢᠶᠠᠨ ᠪᠠᠶᠢᠭᠤᠯᠬᠤ᠂ ᠠᠭᠤᠷᠬᠠᠶ ᠶᠢ | ᠶᠡᠷᠦᠩᠬᠡᠶᠢᠯᠡᠨ ᠵᠠᠰᠠᠬᠤ ᠪᠠ ᠪᠣᠬᠢᠷᠲᠤᠯ ᠦᠭᠡᠢ ᠠᠭᠤᠷᠬᠠᠶ ᠶᠢ ᠪᠦᠳᠦᠭᠡᠨ ᠪᠠᠶᠢᠭᠤᠯᠬᠤ ᠠᠵᠢᠯ ᠤᠨ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠤᠬᠠᠭᠤᠯᠬᠤ ᠪᠠᠷ | ᠳᠠᠮᠵᠢᠭᠤᠯᠤᠨ᠂ ᠠᠬᠢᠴᠠ ᠨᠢ ᠤᠳᠠᠭᠠᠨ ᠪᠠᠶᠢᠭ᠎ᠠ ᠨᠢᠭᠡᠴᠡ ᠶᠢ ᠢᠯᠡᠴᠢᠯᠡᠵᠦ᠂ ᠬᠥᠲᠥᠯᠦᠨ ᠵᠢᠯᠣᠭᠤᠳᠬᠤ ᠪᠠ | ᠰᠡᠷᠡᠮᠵᠢᠯᠡᠭᠦᠯᠬᠦ ᠦᠢᠯᠡᠳᠦᠯ ᠦᠵᠡᠭᠦᠯᠬᠦ ᠬᠡᠷᠡᠭᠲᠡᠶ᠃ ᠠᠭᠤᠷᠬᠠᠶ ᠶᠢᠨ ᠮᠡᠷᠭᠡᠵᠢᠯ ᠤᠨ ᠲᠡᠰ ᠳᠡᠪᠰᠢᠬᠦ᠂ ᠤᠷᠠᠨ | ᠲᠡᠷᠬᠠ ᠶᠢ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠨ᠂ ᠣᠷᠣᠨ ᠪᠦᠰᠡ ᠶᠢᠨ ᠳᠣᠲᠣᠷᠠᠬᠢ ᠠᠭᠤᠷᠬᠠᠶ ᠶᠢᠨ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠢᠳᠡᠪᠬᠢᠲᠡᠶ ᠪᠠᠷ ᠠᠵᠤ ᠦᠢᠯᠡᠰ ᠤᠨ ᠲᠡᠰ ᠳᠡᠪᠰᠢᠬᠦ᠂ ᠮᠡᠷᠭᠡᠵᠢᠯ | ᠤᠨ ᠰᠢᠯᠢᠳᠡᠭᠵᠢᠭᠦᠯᠬᠦ ᠪᠠᠷ ᠳᠠᠮᠵᠢᠭᠤᠯᠤᠨ᠂ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ | ᠪᠣᠯᠤᠨ ᠡᠬᠢ ᠪᠠᠶᠠᠯᠢᠭ ᠤᠨ ᠠᠰᠢᠭᠯᠠᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ | ︵ᠳᠥᠷᠪᠡ︶ ᠵᠠᠷᠤᠳᠠᠯ ᠤᠨ ᠪᠠᠲᠤᠯᠠᠭ᠎ᠠ ᠪᠠᠨ ᠴᠢᠩᠭᠠᠷᠠᠭᠤᠯᠬᠤ ᠬᠡᠷᠡᠭᠳᠡᠢ᠃ ᠬᠤᠲᠠ᠂ ᠲᠣᠭᠤᠷᠢᠭ ᠬᠤᠶᠠᠷ | ᠱᠠᠲᠤᠨ ᠤ ᠡᠳ᠋ ᠤᠨ ᠵᠠᠰᠠᠭ ᠡᠯ᠎ᠡ ᠲᠥᠷᠥᠯ ᠤᠨ ᠲᠤᠰᠬᠠᠶ ᠵᠦᠢᠯ ᠤᠨ ᠲᠥᠯᠥᠪᠵᠢᠭᠦᠯᠭᠡ ᠳᠤ ᠬᠡᠷᠡᠭᠰᠡᠬᠦ ᠵᠠᠷᠤᠳᠠᠯ ᠤᠨ | ᠪᠠᠲᠤᠯᠠᠭ᠎ᠠ ᠶᠢᠨ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠵᠠᠰᠠᠬᠤ | ᠰᠠᠭᠤᠷᠢ ᠮᠥᠩᠭᠦ ᠪᠠ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠪᠠᠯᠠ ᠮᠥᠩᠭᠦ ᠶᠢ ᠰᠢᠨᠵᠢᠯᠡᠬᠦ ᠤᠬᠠᠭᠠᠨᠴᠢ ᠪᠠᠷ | ᠵᠦᠶ ᠵᠣᠬᠢᠰᠲᠠᠶ ᠰᠠᠶᠢᠲᠤᠷ ᠬᠡᠷᠡᠭᠯᠡᠵᠦ᠂ ᠲᠡᠭᠦᠨ ᠤ ᠪᠠᠶᠢᠪᠠᠰᠤ ᠵᠣᠬᠢᠬᠤ ᠦᠷ᠎ᠡ ᠠᠰᠢᠭ ᠢ ᠪᠠᠳᠠᠷᠠᠭᠤᠯᠬᠤ ᠶᠢ ᠦᠨᠡᠨᠬᠦ | ᠪᠠᠲᠤᠯᠠᠬᠤ ᠬᠡᠷᠡᠭᠳᠡᠢ᠃ ᠨᠡᠶᠢᠭᠡᠮ ᠤᠨ ᠪᠡᠯᠡ ᠮᠥᠩᠭᠦ ᠶᠢ ᠵᠣᠷᠢᠭᠵᠢᠭᠤᠯᠤᠨ ᠣᠷᠣᠭᠤᠯᠵᠤ ᠭᠠᠵᠠᠷ ᠰᠢᠨᠵᠢᠯᠡᠭᠡᠨ ᠤ | ᠣᠷᠴᠢᠨ ᠲᠣᠭᠤᠷᠢᠨ ᠤ ᠵᠠᠰᠠᠯᠲᠠ ᠳᠤ ᠣᠷᠣᠯᠴᠠᠭᠤᠯᠵᠤ᠂ ᠪᠡᠯᠡ ᠴᠤᠭᠯᠠᠭᠤᠯᠬᠤ ᠠᠷᠭ᠎ᠠ ᠵᠠᠮ ᠢᠶᠠᠨ ᠥᠷᠭᠡᠳᠬᠡᠬᠦ | ᠬᠡᠷᠡᠭᠳᠡᠢ᠃ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ | ᠵᠢᠯ ᠤᠨ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ | ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠤᠭᠤᠷᠢᠭ᠂ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ | ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃ | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ 2021 ᠣᠨ ᠤ 4 ᠰᠠᠷ᠎ᠠ ᠶᠢᠨ | 30 ᠤ ᠡᠳᠦᠷ ᠲᠠᠷᠣᠮᠠᠯᠯᠠᠨ ᠲᠠᠷᠬᠠᠭᠠᠪᠠ |