ᠶᠠᠩ ᠶᠢᠨ ᠬᠤᠯᠪᠤᠭᠠᠯᠠᠨ ᠲᠠᠭᠠᠭᠠᠴᠢᠯᠠᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/8/16
     8 ᠰᠠᠷ᠎ᠠ ᠶᠢᠨ 14 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠳᠠ ᠶᠢᠨ ᠳᠠᠷᠤᠭ᠎ᠠ ᠶᠠᠩ ᠶᠢᠨ ᠬᠠᠶᠢᠷᠤᠪ ᠤᠨ ᠲᠤᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ‌ᠬᠤᠯᠪᠤᠭᠠᠯᠠᠨ ᠲᠠᠭᠠᠭᠠᠴᠢᠯᠠᠭᠰᠠᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠳᠡᠳ᠋ ᠳᠠᠷᠤᠭ᠎ᠠ ᠴᠢᠶᠣᠤ ᠢᠦᠶ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃        ᠶᠠᠩ ᠶᠢᠨ ᠨᠡᠷ ᠤᠷᠢᠳ ᠬᠤᠵᠢᠳ ᠥᠪᠥᠷ ᠮᠣᠩᠭᠤᠯ ᠤᠨ ᠵᠢᠶᠠᠨ ᠯᠦᠩ ᠤᠨ ᠪᠤᠤ ᠭᠠᠩ ᠸᠠᠨ ᠲᠧᠩ ᠣᠨᠴᠠᠭᠠᠢ ᠪᠤᠯᠤᠳ ᠲᠡᠮᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠵᠦᠩ ᠢᠦᠢ ᠮᠠᠭᠨᠢ ᠶᠢᠨ ᠬᠠᠶᠢᠯᠤᠰᠢ ᠪᠠᠷ ᠳᠠᠪᠲᠠᠨ ᠦᠢᠯᠡᠳᠪᠦᠷᠢᠯᠡᠭᠰᠡᠨ ᠲᠤᠭᠤᠶᠢᠯᠠᠪᠤᠷᠢᠢ ᠶᠢᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠦᠢᠯᠡᠳᠪᠦᠷᠢᠯᠡᠯ ᠤᠨ ᠤᠷ᠎ᠠ ᠮᠡᠷᠭᠡᠰᠢᠯ᠂ ᠡᠵᠡᠩᠨᠡᠯᠲᠡ ᠠᠵᠢᠯᠯᠠᠭᠠᠨ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠠᠶᠤᠯᠬᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠢᠷᠡᠭᠡᠳᠦᠶ ᠶᠢᠨ ᠬᠥᠭᠵᠢᠯᠲᠡ ᠶᠢᠨ ᠲᠥᠯᠥᠪᠯᠡᠭᠡ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠠᠰᠠᠭᠤᠨ ᠯᠠᠪᠯᠠᠪᠠ᠃      ᠶᠠᠩ ᠶᠢᠨ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯ ᠴᠣᠭᠴᠠ ᠮᠥᠨ᠂ ᠡᠯ᠎ᠡ ᠲᠤᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢ ᠪᠠᠲᠤ ᠪᠤᠢ ᠪᠣᠯᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠠᠬᠢ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ ᠰᠢᠨ᠎ᠡ ᠵᠠᠮ ᠢᠶᠠᠷ ᠵᠠᠮᠨᠠᠭᠤᠯᠵᠤ᠂ ᠰᠢᠨ᠎ᠡ ᠠᠮᠢᠵᠢᠷᠠᠯ ᠤᠨ ᠬᠦᠴᠦᠨ ᠢ ᠨᠢ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠭᠦᠯᠬᠦ ᠬᠡᠷᠡᠭᠲᠡᠢ᠃ ᠡᠯ᠎ᠡ ᠠᠵᠤ ᠠᠬᠤᠶᠢᠯᠠᠯ ᠤᠨ ᠬᠢᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾ ᠢ ᠨᠠᠶᠢᠳᠠᠪᠤᠷᠢᠵᠢᠭᠤᠯᠵᠤ᠂ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠵᠦ᠂ ᠬᠥᠭᠵᠢᠯᠲᠡ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠡᠦᠷᠰᠢᠭᠦᠯᠬᠦ ᠠᠵᠤ ᠦᠢᠯᠡᠰ ᠢ ᠡᠮᠬᠢᠯᠡᠨ ᠨᠡᠶᠢᠯᠡᠬᠦᠯᠵᠦ ᠲᠠᠬᠢᠨ ᠵᠣᠬᠢᠶᠠᠨ ᠪᠠᠶᠢᠭᠤᠯᠵᠤ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠦᠨᠡᠨᠬᠦ ᠰᠠᠶᠢᠲᠤᠷ ᠵᠠᠮᠨᠠᠬᠤ ᠬᠡᠷᠡᠭᠲᠡᠢ︔ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠪᠠᠨ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠪᠣᠳᠠᠲᠠᠶ ᠪᠠᠷ ᠨᠠᠷᠢᠯᠢᠭ ᠬᠢᠵᠦ᠂ ᠠᠵᠤ ᠠᠬᠤᠶᠢᠯᠠᠯ ᠤᠨ ᠬᠥᠭᠵᠢᠯᠲᠡ ᠪᠦᠳᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠬᠦ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠨ ᠬᠥᠭᠵᠢᠬᠦ ᠳᠤ ᠪᠠᠲᠤ ᠰᠠᠭᠤᠷᠢ ᠲᠠᠯᠪᠢᠬᠤ ᠬᠡᠷᠡᠭᠳᠡᠢ ᠬᠡᠵᠡᠢ ᠬᠡᠷᠡᠭᠲᠡᠶ᠃      ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠶᠠᠩ ᠶᠢᠨ ᠪᠠᠰᠠ ︽ᠳᠥᠷᠪᠡᠨ ᠦᠭᠡᠶ ᠬᠤᠶᠠᠷ ᠰᠢᠭᠤᠳ︾ ᠬᠡᠯᠪᠡᠷᠢ ᠪᠠᠷ ᠴᠡᠭᠡᠯ ᠠᠭᠤᠯᠠᠨ ᠤ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠪᠠᠶᠢᠴᠠᠭᠠᠨ ᠰᠤᠳᠤᠯᠤᠯᠲᠠ ᠬᠢᠵᠦ᠂ ᠲᠥᠪ ᠡᠵᠡᠮᠳᠡᠯ ᠤᠨ ᠲᠠᠰᠤᠭ᠂ ᠪᠣᠬᠢᠷ ᠤᠰᠤ ᠰᠢᠢᠳᠪᠦᠷᠢᠯᠡᠬᠦ ᠲᠠᠰᠤᠭ ᠲᠤ ᠬᠦᠷᠴᠦ᠂ ᠪᠣᠬᠢᠷ ᠤᠰᠤ ᠰᠢᠢᠳᠪᠦᠷᠢᠯᠡᠬᠦ ᠤᠷᠠᠯᠠᠯ᠂ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ᠂ ᠲᠤᠬᠠᠶ ᠶᠢᠨ ᠴᠠᠭ ᠤᠨ ᠲᠤᠭ᠎ᠠ ᠪᠠᠷᠢᠮᠲᠠ ᠶᠢᠨ ᠬᠢᠨᠠᠨ ᠬᠡᠮᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯᠲᠠᠨ ᠤ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠪᠣᠬᠢᠷ ᠤᠰᠤᠨ ᠤ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠶᠠᠩ ᠶᠢᠨ ᠴᠢᠬᠤᠯᠠᠴᠢᠯᠠᠭᠰᠠᠨ ᠨᠢ᠂ ᠠᠮᠢ ᠠᠬᠤᠢ ᠶᠢ ᠤᠷᠢᠳᠠᠪᠡᠷ ᠪᠤᠲᠤᠯᠭᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠪᠣᠬᠢᠷ ᠤᠰᠤ ᠶᠢ ᠳᠠᠯᠳᠠᠭᠤᠷ ᠭᠠᠳᠠᠭᠰᠢᠯᠠᠭᠤᠯᠬᠤ ᠰᠢᠭᠤᠳ ᠭᠠᠳᠠᠭᠰᠢᠯᠠᠭᠤᠯᠬᠤ ᠳᠤᠷ᠎ᠠ ᠪᠠᠷ ᠢᠶᠠᠨ ᠭᠠᠳᠠᠭᠰᠢᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢᠶᠠᠨ ᠴᠢᠨᠠᠭᠰᠢᠳᠠ ᠰᠠᠶᠢᠲᠤᠷ ᠠᠳᠬᠤᠵᠤ᠂ ᠬᠤᠭᠤᠯᠠᠢ ᠲᠣᠣᠷ ᠤᠨ ᠪᠦᠳᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠰᠢᠢᠳᠪᠦᠷᠢᠯᠡᠬᠦ ᠤᠷ᠎ᠠ ᠮᠡᠷᠭᠡᠵᠢᠯ ᠢᠶᠠᠨ ᠳᠡᠭᠡᠭᠰᠢᠯᠡᠭᠦᠯᠵᠦ᠂ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠬᠡᠷᠡᠭᠯᠡᠬᠦ ᠶᠢ ᠨᠢ ᠪᠦᠬᠦᠨ ᠢ ᠬᠡᠷᠡᠭᠯᠡᠵᠦ᠂ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠳᠪᠦᠷᠢ ᠶᠢᠨ ᠬᠦᠷᠢᠶᠡᠯᠡᠩ ᠪᠠ ᠨᠡᠭᠦᠷᠡᠰᠦᠲᠥ᠋ᠷᠥᠭᠴᠢ ᠦᠭᠡᠢ ᠠᠵᠤ ᠦᠢᠯᠡᠳᠪᠦᠷᠢ ᠶᠢᠨ ᠬᠦᠷᠢᠶᠡᠯᠡᠩ ᠢ ᠪᠠᠶᠢᠭᠤᠯᠬᠤ ᠳᠤ ᠪᠠᠲᠤᠯᠠᠭ᠎ᠠ ᠶᠢᠨ ᠦᠢᠯᠡᠴᠢᠯᠡᠭᠡ ᠪᠠᠨ ᠰᠠᠶᠢᠲᠤᠷ ᠬᠢᠬᠦ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号