ᠦᠬᠠᠶ ᠬᠤᠲᠠ ᠶᠢᠨ ᠵᠦ ᠼᠦᠢ ᠯᠠᠨ ᠰᠢᠶᠠᠩ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠪᠡᠯᠡᠭᠯᠡᠨ ᠬᠦᠷᠭᠡᠬᠦ ᠭᠡᠷ᠎ᠡ ᠲᠣᠭᠲᠠᠬᠤ ᠶᠣᠰᠣᠯᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2021/8/16

     8 ᠰᠠᠷ᠎ᠠ ᠶᠢᠨ 13 ᠤ ᠡᠳᠦᠷ᠂ ᠮᠠᠨ ᠤ ᠬᠤᠲᠠ ᠵᠦ ᠼᠦᠢ ᠯᠠᠨ ᠰᠢᠶᠠᠩ ᠨᠡᠶᠢᠲᠡ ᠶᠢᠨ ᠠᠰᠠᠷᠠᠮᠵᠢ ᠶᠢᠨ

ᠰᠠᠭᠤᠷᠢ ᠮᠥᠩᠭᠦᠨ ᠤ ᠨᠡᠶᠢᠭᠡᠮᠯᠢᠭ ᠤᠨ ᠪᠡᠯᠡᠭᠯᠡᠨ ᠬᠦᠷᠭᠡᠬᠦ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃

ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ

ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠬᠤᠷᠠᠯ ᠡᠷᠭᠢᠯᠡᠪᠡ᠃

ᠬᠤᠳᠠ ᠶᠢᠨ ᠤᠳᠤᠷᠢᠳᠤᠯᠭ᠎ᠠ ᠹᠧᠩ ᠰᠢᠤᠸᠠᠢ ᠲᠤᠤ᠂ ᠸᠠᠩ ᠸᠧᠨ ᠵᠢᠶᠧ᠂ ᠼᠦᠢ ᠵᠢᠩ ᠶᠢᠩ᠂ ᠵᠢᠶᠠ ᠴᠢᠩ

ᠳ᠋ᠦᠩ᠂ ᠯᠢᠦ ᠰᠣ᠋ ᠬᠤᠩ ᠶᠤᠰᠣᠯᠠᠯ ᠳᠤ ᠣᠷᠣᠯᠴᠠᠪᠠ᠃

     ᠶᠣᠰᠣᠯᠠᠯ ᠳᠡᠭᠡᠷ᠎ᠡ᠂ ᠬᠤᠳᠠ ᠶᠢᠨ ᠵᠠᠰᠠᠭ ᠤᠨ ᠣᠷᠳᠣᠨ ᠠᠴᠠ ᠦᠬᠠᠢ ᠬᠤᠳᠠ ᠶᠢᠨ ᠵᠦ ᠼᠦᠢ ᠯᠠᠨ ᠰᠢᠶᠠᠩ

ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠲᠠᠢ ︽ᠪᠡᠯᠡᠭᠯᠡᠨ ᠬᠦᠷᠭᠡᠬᠦ ᠬᠡᠯᠡᠯᠴᠡᠭᠡᠷ ᠤᠨ ᠪᠢᠴᠢᠭ

︾ ᠲᠤᠬᠢᠷᠠᠯᠴᠠᠵᠠᠢ᠃ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠭᠢᠯᠡᠭᠴᠢ ᠶᠢᠨ ᠳᠠᠷᠤᠭ᠎ᠠ ᠳ᠋ᠦ᠋ ᠵᠢᠶᠠᠩ ᠲᠤᠤ

ᠰᠠᠭᠤᠷᠢ ᠮᠥᠩᠭᠦᠨ ᠤ ᠨᠡᠶᠢᠭᠡᠮᠯᠢᠭ ᠵᠢᠴᠢ ᠲᠤᠰ ᠤᠳᠠᠭᠠᠨ ᠤ ᠬᠠᠨᠳᠢᠪᠯᠠᠬᠤ ᠳᠤ ᠣᠷᠣᠯᠴᠠᠭᠰᠠᠨ ᠵᠢᠶᠦ᠋ᠨ ᠵᠧᠩ

ᠪᠦᠯᠦᠭᠯᠡᠯ ᠤᠨ ᠬᠠᠮᠢᠶᠠᠷᠤᠯᠲᠠ ᠶᠢᠨ ᠠᠵᠢᠯᠲᠠᠨ ᠵᠡᠷᠭᠡ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ

ᠨᠠᠶᠢᠵᠠ ᠨᠠᠷ ᠢᠶᠠᠨ ᠲᠥᠯᠥᠭᠡᠯᠡᠨ ᠶᠠᠷᠢᠶ᠎ᠠ ᠲᠠᠯᠪᠢᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ

ᠣᠷᠳᠣᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠢᠲᠡᠭᠡᠯ ᠵᠣᠷᠢᠭᠵᠢᠭᠤᠯᠤᠯ ᠳᠤ ᠲᠠᠯᠠᠷᠬᠠᠵᠤ ᠪᠠᠶᠢᠬᠤ ᠪᠠᠨ

ᠢᠯᠡᠳᠬᠡᠵᠦ᠂ ᠮᠠᠨ ᠤ ᠬᠤᠳᠠ ᠶᠢᠨ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ

ᠶᠡᠬᠡᠪᠡᠷ ᠬᠡᠷᠡᠭᠵᠢᠭᠦᠯᠵᠦ᠂ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ

ᠲᠣᠭᠤᠷᠢᠭ ᠢ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ ᠰᠢᠢᠳᠪᠦᠷᠢᠲᠦ ᠪᠤᠳᠤᠯᠭ᠎ᠠ ᠶᠢ ᠮᠠᠭᠲᠠᠨ ᠰᠠᠶᠢᠰᠢᠶᠠᠵᠤ

᠂ ᠨᠤᠲᠤᠭ ᠤᠰᠤ ᠪᠠᠨ ᠬᠠᠶᠢᠷᠠᠯᠠᠬᠤ ᠪᠠ ᠡᠭᠡ ᠰᠤᠷᠭᠠᠭᠤᠯᠢ ᠳᠠᠭᠠᠨ ᠲᠠᠯᠠᠷᠬᠠᠬᠤ ᠰᠡᠳᠬᠢᠯᠭᠡ ᠪᠠᠨ ᠢᠯᠡᠳᠬᠡᠬᠦ ᠶᠢᠨ

ᠬᠠᠮᠲᠤ ᠦᠬᠠᠢ ᠶᠢᠨ ᠰᠤᠷᠭᠠᠨ ᠬᠥᠮᠦᠵᠢᠯ ᠤᠨ ᠦᠢᠯᠡᠰ ᠤᠨ ᠤᠯᠠᠮ ᠠᠴᠠ ᠤᠯᠠᠮ ᠰᠠᠶᠢᠵᠢᠷᠠᠬᠤ ᠳᠤ ᠢᠳᠡᠭᠡᠯ

ᠲᠡᠭᠦᠯᠳᠡᠷ ᠪᠠᠶᠢᠬᠤ ᠪᠠᠨ ᠢᠯᠡᠳᠭᠡᠪᠡ᠃

     ᠲᠠᠩ ᠢ ᠬᠤᠳᠠ ᠶᠢᠨ ᠲᠦᠷᠪᠡᠨ ᠶᠡᠭᠡ ᠪᠠᠭ ᠢ ᠲᠥᠯᠥᠭᠡᠯᠡᠨ ᠦᠬᠠᠢ ᠬᠤᠳᠠ ᠶᠢᠨ ᠵᠦ ᠼᠦᠢ ᠯᠠᠨ ᠰᠢᠶᠠᠩ

ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠵᠢᠴᠢ ᠳ᠋ᠦ᠋ ᠵᠢᠶᠠᠩ ᠲᠤᠤ ᠵᠡᠷᠭᠡ ᠬᠤᠳᠠ ᠶᠢᠨ

ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠨᠠᠶᠢᠵᠠ ᠨᠠᠷ ᠲᠤ ᠲᠠᠯᠠᠷᠬᠠᠵᠤ ᠪᠠᠶᠢᠬᠤ ᠪᠠᠨ ᠢᠯᠡᠳᠬᠡᠪᠡ

᠃ ᠲᠡᠷᠡ ᠬᠡᠯᠡᠭᠰᠡᠨ ᠨᠢ᠂ ᠣᠶᠢᠷ᠎ᠠ ᠶᠢᠨ ᠵᠢᠯ ᠳᠤ᠂ ᠮᠠᠨ ᠤ ᠬᠤᠲᠠ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ

ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ

ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠤᠷᠭᠠᠨ

ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽

ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ︾ ᠪᠠᠷ ᠬᠠᠷᠠᠯᠲᠠ ᠪᠣᠯᠭᠠᠵᠤ᠂

ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠷᠭᠠᠭᠤᠯᠢ

ᠡᠷᠭᠢᠯᠡᠬᠦ ᠨᠥᠬᠦᠴᠡᠯ ᠢᠶᠠᠨ ᠬᠦᠴᠦ ᠲᠠᠯᠪᠢᠨ ᠰᠠᠶᠢᠵᠢᠷᠠᠭᠤᠯᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ

ᠯᠠᠪᠳᠠᠭᠤᠨ ᠢᠶᠠᠷ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠴᠢᠷᠮᠠᠶᠢᠨ

ᠳᠡᠭᠡᠭᠰᠢᠯᠡᠭᠦᠯᠵᠦ᠂ ᠪᠥᠬᠦ ᠬᠤᠲᠠ ᠳᠤ ︽ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠰᠤᠷᠭᠠᠨ ᠬᠥᠮᠦᠵᠢᠯ ᠤᠨ

ᠰᠢᠪᠲᠤᠯᠤᠯᠲᠠ ᠠᠴᠠ ᠡᠬᠢᠯᠡᠵᠦ᠂ ᠰᠤᠷᠭᠠᠨ ᠬᠥᠮᠦᠵᠢᠯ ᠢ ᠬᠥᠭᠵᠢᠭᠦᠯᠬᠦ ᠳᠤ ᠲᠡᠩᠴᠡᠭᠦᠷᠢ ᠠᠴᠠ ᠡᠬᠢᠯᠡᠵᠦ ᠠᠳᠬᠤᠬᠤ

︾ ᠨᠡᠶᠢᠳᠡᠮ ᠤᠨ ᠬᠠᠮᠲᠤ ᠶᠢᠨ ᠲᠠᠨᠢᠯᠲᠠ ᠶᠢ ᠪᠣᠶ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ

ᠳᠥᠯᠭᠢᠨ ᠠᠬᠢᠭᠤᠯᠵᠤ᠂ ᠴᠢᠨᠠᠷ ᠰᠠᠶᠢᠲᠠᠶ ᠠᠮᠢᠳᠤᠷᠠᠯ ᠢ ᠡᠭᠦᠳᠦᠨ ᠪᠦᠲᠦᠭᠡᠵᠦ᠂ ᠢᠯᠠᠩᠭᠤᠶ᠎ᠠ ᠣᠯᠠᠨ ᠵᠢᠯ ᠤᠨ

ᠲᠤᠷᠰᠢ ᠮᠠᠨ ᠤ ᠬᠤᠲᠠ ᠶᠢᠨ ᠥᠷᠭᠡᠨ ᠣᠯᠠᠨ ᠲᠦᠮᠡᠨ ᠤ ᠲᠤᠰᠬᠠᠯ ᠶᠡᠬᠡᠲᠡᠶ ᠥᠨᠳᠥᠷ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠰᠤᠷᠭᠠᠨ ᠬᠥᠮᠦᠵᠢᠯ ᠲᠡᠤᠬᠡᠲᠦ ᠴᠢᠨᠠᠷᠲᠠᠶ ᠰᠢᠪᠲᠤᠯᠤᠯᠲᠠ ᠲᠠᠢ ᠪᠣᠯᠪᠠ᠃ ᠡᠳᠡᠭᠡᠷ ᠠᠮᠵᠢᠯᠲᠠ

ᠪᠦᠲᠦᠮᠵᠢ ᠶᠢ ᠤᠯᠬᠤ ᠳᠤ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠳᠡᠭᠡᠳᠦ

ᠬᠡᠮᠵᠢᠶ᠎ᠡ ᠪᠠᠷ ᠴᠢᠬᠤᠯᠠᠴᠢᠯᠠᠬᠤ᠂ ᠰᠤᠷᠭᠠᠭᠤᠯᠢ ᠪᠣᠯᠤᠨ ᠭᠡᠷ ᠪᠦᠯᠢ ᠶᠢᠨ ᠬᠠᠷᠢᠯᠴᠠᠨ ᠬᠠᠮᠵᠢᠯᠴᠠᠬᠤ᠂ ᠪᠠᠭᠰᠢ ᠪᠣᠯᠤᠨ

ᠰᠤᠷᠤᠭᠴᠢᠳ ᠤᠨ ᠴᠥᠬᠦᠷᠡᠰᠢ ᠦᠭᠡᠢ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ᠂ ᠡᠭᠦᠨ ᠤ ᠬᠠᠮᠲᠤ ᠪᠠᠰᠠ ᠡᠯ᠎ᠡ

ᠬᠠᠶᠢᠷ᠎ᠠ ᠬᠠᠯᠠᠮᠵᠢ ᠲᠠᠢ ᠬᠥᠮᠦᠰ ᠤᠨ ᠴᠢᠩ ᠰᠡᠳᠬᠢᠯ ᠤᠨ ᠴᠢᠷᠮᠠᠶᠢᠯᠭ᠎ᠠ᠂ ᠬᠦᠴᠦᠲᠡᠶ ᠳᠡᠮᠵᠢᠯᠭᠡ ᠠᠴᠠ ᠰᠠᠯᠵᠤ

ᠴᠢᠳᠠᠬᠤ ᠦᠭᠡᠢ ᠶᠤᠮ ᠬᠡᠵᠡᠢ᠃

     ᠲᠠᠩ ᠢ ᠵᠢᠭᠠᠵᠤ ᠭᠠᠷᠭᠠᠭᠰᠠᠨ ᠨᠢ᠂ ᠥᠨᠥᠳᠦᠷ ᠤᠨ ᠦᠬᠠᠶ ᠬᠤᠲᠠ ᠶᠢᠨ ᠵᠦ ᠼᠦᠢ ᠯᠠᠨ ᠰᠢᠶᠠᠩ

ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠡᠨᠡ ᠬᠦ ᠶᠡᠭᠡ ᠬᠠᠶᠢᠷ᠎ᠠ ᠶᠢᠨ ᠠᠵᠢᠯᠯᠠᠭ᠎ᠠ᠂

ᠰᠠᠶᠢᠨ ᠰᠣᠷᠳᠠᠯ ᠤᠨ ᠠᠵᠢᠯᠯᠠᠭ᠎ᠠ ᠨᠢ ᠳ᠋ᠦ᠋ ᠵᠢᠶᠠᠩ ᠲᠤᠤ ᠵᠡᠷᠭᠡ ᠬᠤᠳᠠ ᠶᠢᠨ ᠨᠢᠭᠡᠳᠦᠭᠡᠷ ᠳᠤᠮᠳᠠᠳᠤ

ᠰᠤᠷᠭᠠᠭᠤᠯᠢ ᠶᠢᠨ ᠨᠠᠶᠢᠵᠠ ᠨᠠᠷ ᠤᠨ ᠨᠤᠲᠤᠭ ᠣᠰᠣᠨ ᠳᠠᠭᠠᠨ ᠬᠠᠶᠢᠷᠠᠳᠠᠢ ᠰᠡᠳᠭᠢᠯᠭᠡ᠂ ᠡᠭᠡ ᠰᠤᠷᠭᠠᠭᠤᠯᠢ ᠳᠠᠭᠠᠨ

ᠠᠴᠢ ᠬᠠᠷᠢᠭᠤᠯᠬᠤ ᠴᠢᠩ ᠦᠨᠡᠨᠴᠢ ᠰᠡᠳᠬᠢᠯ ᠪᠣᠯᠤᠨ ᠰᠣᠷᠭᠠᠨ ᠬᠥᠮᠦᠵᠢᠯ ᠳᠤ ᠲᠡᠮᠵᠢᠬᠦ᠂ ᠬᠤᠶᠢᠴᠢ ᠦᠶ᠎ᠡ ᠳᠡᠭᠡᠨ

ᠪᠤᠶᠠᠨ ᠦᠢᠯᠡᠳᠬᠦ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠭᠦᠢᠴᠡᠳ ᠢᠯᠡᠷᠡᠭᠦᠯᠵᠦ᠂ ᠬᠤᠳᠠ ᠶᠢᠨ ᠨᠢᠭᠡᠳᠦᠭᠡᠷ

ᠳᠤᠮᠳᠠᠳᠤ ᠰᠤᠷᠭᠠᠭᠤᠯᠢ ᠶᠢᠨ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂

ᠨᠡᠩ ᠤᠯᠠᠨ ᠬᠠᠶᠢᠷ᠎ᠠ ᠬᠠᠯᠠᠮᠵᠢ ᠲᠠᠢ ᠬᠥᠮᠦᠰ ᠢ ᠲᠠᠶᠢᠴᠢᠯᠠᠨ ᠦᠬᠠᠢ ᠶᠢᠨ ᠰᠤᠷᠭᠠᠨ ᠬᠥᠮᠦᠵᠢᠯ ᠤᠨ ᠦᠢᠯᠡᠰ ᠤᠨ

ᠬᠥᠭᠵᠢᠯᠲᠡ ᠶᠢ ᠠᠬᠢᠭᠤᠯᠬᠤ ᠡᠩᠨᠡᠭᠡ ᠳᠤ ᠣᠷᠣᠯᠴᠠᠭᠤᠯᠵᠤ᠂ ᠪᠦᠬᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠤᠨ

ᠦᠢᠯᠡᠰ ᠢ ᠬᠠᠯᠠᠮᠵᠢᠯᠠᠨ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠨᠢ ᠯᠠᠪᠲᠠᠢ ᠶᠤᠮ ᠬᠡᠵᠡᠢ᠃

     ᠲᠠᠩ ᠢ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠢ ᠠᠳᠬᠤᠬᠤ ᠪᠣᠯ ᠳᠠᠷᠤᠶ ᠬᠥᠭᠵᠢᠯᠲᠡ ᠶᠢ

ᠠᠳᠬᠤᠵᠤ ᠪᠠᠶᠢᠭ᠎ᠠ ᠶᠠᠪᠤᠳᠠᠯ ᠮᠥᠨ᠂ ᠰᠤᠷᠭᠠᠨ ᠬᠥᠮᠦᠵᠢᠯ ᠢ ᠪᠣᠳᠣᠯᠬᠢᠯᠠᠬᠤ ᠪᠣᠯ ᠳᠠᠷᠤᠶ ᠢᠷᠡᠭᠡᠳᠦᠶ ᠶᠢ

ᠪᠣᠳᠣᠯᠬᠢᠯᠠᠵᠤ ᠪᠠᠶᠢᠭ᠎ᠠ ᠶᠠᠪᠤᠳᠠᠯ ᠮᠥᠨ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠤᠷᠭᠠᠨ

ᠬᠥᠮᠦᠵᠢᠯ ᠤᠨ ᠦᠢᠯᠡᠰ ᠢ ᠢᠮᠠᠭᠲᠠ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ

ᠲᠠᠯᠪᠢᠵᠤ᠂ ᠶᠣᠰᠣ ᠮᠣᠷᠠᠯ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠥᠬᠦ ᠲᠠᠯ᠎ᠠ ᠪᠠᠷ

ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠰᠤᠷᠭᠠᠨ

ᠬᠥᠮᠦᠵᠢᠯ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠷᠠᠳ ᠲᠦᠮᠡᠨ ᠤ

ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠬᠦ ᠬᠡᠷᠡᠭᠳᠡᠢ᠃ ᠡᠯ᠎ᠡ ᠬᠤᠯᠪᠤᠭᠳᠠᠯ ᠪᠥᠬᠦᠶ

ᠰᠠᠯᠠᠭ᠎ᠠ ᠮᠥᠴᠢᠷ ᠤᠳ ᠪᠡᠯᠡᠭᠯᠡᠨ ᠬᠦᠷᠭᠡᠭᠰᠡᠨ ᠪᠠᠯᠠ ᠮᠥᠩᠭᠦ ᠶᠢ ᠴᠢᠩᠭ᠎ᠠ ᠬᠠᠮᠢᠶᠠᠷᠴᠤ᠂ ᠵᠢᠷᠤᠮᠵᠢᠭᠤᠯᠤᠨ ᠬᠡᠷᠡᠭᠯᠡᠵᠦ

᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠯᠲᠠ ᠶᠢ ᠥᠷᠭᠡᠨ ᠢᠶᠠᠷ ᠬᠦᠯᠢᠶᠡᠵᠦ᠂ ᠴᠢᠩᠭ᠎ᠠ

ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠬᠤᠲᠠ ᠶᠢᠨ ᠨᠢᠭᠡᠳᠦᠭᠡᠷ ᠳᠤᠮᠳᠠᠳᠤ

ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠪᠥᠬᠦ

ᠬᠦᠴᠦᠨ ᠢᠶᠠᠷ ᠢᠶᠠᠨ ᠠᠬᠢᠭᠤᠯᠵᠤ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢ ᠥᠪᠡᠷᠲᠡᠭᠡᠨ ᠵᠠᠰᠠᠬᠤ

ᠣᠷᠣᠨ ᠤ ᠡᠮᠦᠨ᠎ᠡ ᠡᠩᠨᠡᠭᠡᠨ ᠤ ᠵᠢᠱᠢᠶ᠎ᠡ ᠦᠵᠡᠭᠦᠯᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠤᠯᠤᠰ ᠤᠨ

ᠲᠠᠰ ᠤᠨ ᠭᠤᠤᠯᠳᠠᠯᠭ᠎ᠠ ᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠣᠯᠭᠠᠨ ᠪᠠᠶᠢᠭᠤᠯᠬᠤ ᠪᠠᠷ ᠴᠢᠷᠮᠠᠶᠢᠬᠤ

ᠬᠡᠷᠡᠭᠲᠡᠶ ᠬᠡᠵᠡᠢ᠃ ᠲᠡᠷᠡ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠥᠷᠭᠡᠨ ᠤᠯᠠᠨ ᠪᠠᠭᠰᠢ

ᠰᠤᠷᠤᠭᠴᠢᠳ ᠢ ᠠᠴᠢ ᠬᠠᠷᠢᠭᠤᠯᠠᠬᠤ ᠰᠡᠳᠬᠢᠯᠭᠡ ᠲᠠᠢ ᠪᠠᠶᠢᠵᠤ᠂ ᠡᠷᠡᠮᠡᠬᠡᠶᠢᠯᠡᠨ ᠲᠠᠪᠰᠢᠵᠤ᠂ ᠨᠡᠩ ᠭᠡᠷᠡᠯ

ᠰᠠᠴᠤᠷᠠᠩᠭᠤᠢ ᠠᠮᠵᠢᠯᠲᠠ ᠶᠢ ᠴᠢᠷᠮᠠᠶᠢᠨ ᠡᠭᠦᠳᠴᠦ᠂ ᠦᠨᠡᠨ ᠬᠦ ᠪᠣᠳᠠᠲᠤ ᠠᠵᠢᠯᠯᠠᠭ᠎ᠠ ᠪᠠᠷ ᠢᠶᠠᠨ ᠬᠠᠶᠢᠷ᠎ᠠ

ᠬᠠᠯᠠᠮᠵᠢ ᠲᠠᠢ ᠬᠥᠮᠦᠰ ᠤᠨ ᠰᠠᠶᠢᠨ ᠦᠢᠯᠡ ᠠᠵᠢᠯᠯᠠᠭ᠎ᠠ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ

ᠬᠠᠯᠠᠮᠵᠢᠯᠠᠯ ᠢ ᠬᠠᠷᠢᠭᠤᠯᠬᠤ ᠬᠡᠷᠡᠭᠳᠡᠢ ᠬᠡᠵᠦ ᠵᠣᠷᠢᠭᠵᠢᠭᠤᠯᠪᠠ᠃

     ᠣᠶᠢᠯᠠᠭᠠᠭᠰᠠᠨ ᠢᠶᠠᠷ᠂ ᠦᠬᠠᠶ ᠬᠤᠲᠠ ᠶᠢᠨ ᠵᠦ ᠼᠦᠢ ᠯᠠᠨ ᠰᠢᠶᠠᠩ ᠨᠡᠶᠢᠲᠡ ᠶᠢᠨ ᠠᠰᠠᠷᠠᠮᠵᠢ ᠶᠢᠨ ᠰᠠᠭᠤᠷᠢ

ᠮᠥᠩᠭᠦᠨ ᠤ ᠨᠡᠶᠢᠭᠡᠮᠯᠢᠭ ᠪᠣᠯ ᠣᠯᠠᠨ ᠵᠢᠯ ᠢᠶᠠᠷ ᠨᠡᠶᠢᠲᠡ ᠶᠢᠨ ᠠᠰᠠᠷᠠᠮᠵᠢ ᠶᠢᠨ ᠦᠢᠯᠡᠰ ᠢ ᠳᠡᠮᠵᠢᠳᠡᠭ ᠵᠢᠶᠦ᠋ᠨ ᠵᠧᠩ

ᠪᠦᠯᠦᠭᠯᠡᠯ ᠤᠨ ᠬᠡᠷᠡᠭ ᠮᠡᠳᠡᠭᠴᠢᠳ ᠤᠨ ᠭᠠᠵᠠᠷ ᠤᠨ ᠲᠡᠷᠢᠭᠦᠯᠡᠭᠴᠢ ᠳ᠋ᠦ᠋ ᠵᠢᠶᠠᠩ ᠲᠤᠤ ᠪᠠᠷ ᠭᠤᠤᠯᠯᠠᠭᠤᠯᠤᠨ

ᠡᠭᠦᠰᠭᠡᠨ ᠪᠠᠶᠢᠭᠤᠯᠤᠭᠰᠠᠨ ᠨᠡᠶᠢᠲᠡ ᠶᠢᠨ ᠪᠤᠰᠤ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦ ᠮᠥᠨ᠂ 2001

ᠣᠨ ᠳᠤ ᠦᠬᠠᠶ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠪᠠᠶᠢᠭᠤᠯᠤᠭᠰᠠᠨ ᠵᠦ ᠼᠦᠢ ᠯᠠᠨ ᠰᠢᠶᠠᠩ

ᠰᠤᠷᠤᠯᠭ᠎ᠠ ᠶᠢᠨ ᠱᠠᠩᠨᠠᠯ ᠤᠨ ᠮᠥᠩᠭᠦ ᠪᠤᠯᠤᠨ᠎ᠠ᠂ ᠣᠲᠣ ᠪᠣᠯᠲᠠᠯ᠎ᠠ ᠨᠢᠭᠡᠨᠲᠡ 20 ᠵᠢᠯ ᠦᠷᠭᠦᠯᠵᠢᠯᠡᠵᠡᠶ᠃ ᠰᠠᠭᠤᠷᠢ

ᠮᠥᠩᠭᠦᠨ ᠤ ᠨᠡᠶᠢᠭᠡᠮᠯᠢᠭ ᠠᠴᠠ ᠲᠣᠰ ᠤᠳᠠᠭ᠎ᠠ ᠨᠡᠶᠢᠲᠡ 3.5 ᠳ᠋ᠦᠩᠰᠢᠭᠤᠷ ᠲᠥᠭᠦᠷᠢᠭ ᠬᠠᠨᠳᠢᠪᠯᠠᠪᠠ᠂ ᠬᠠᠨᠳᠢᠪᠯᠠᠨ

ᠬᠦᠷᠭᠡᠭᠰᠡᠳ ᠨᠢ ᠴᠥᠮ ᠵᠢᠶᠦ᠋ᠨ ᠵᠧᠩ ᠪᠦᠯᠦᠭᠯᠡᠯ ᠤᠨ ᠬᠠᠮᠢᠶᠠᠷᠤᠯᠲᠠ ᠶᠢᠨ ᠠᠵᠢᠯᠲᠠᠨ ᠪᠣᠯᠤᠨ᠎ᠠ᠂ ᠬᠤᠲᠠ ᠶᠢᠨ

ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠥᠮᠦᠵᠢᠭᠦᠯᠦᠯ ᠰᠤᠷᠭᠠᠨ ᠬᠥᠮᠦᠵᠢᠯ ᠳᠤ ᠲᠠᠯᠠᠷᠬᠠᠨ᠂ ᠨᠤᠲᠤᠭ

ᠤᠰᠤᠨ ᠳᠠᠭᠠᠨ ᠬᠠᠶᠢᠷᠠᠲᠠᠶ ᠪᠠᠶᠢᠬᠤ ᠪᠠ ᠡᠬᠡ ᠰᠤᠷᠭᠠᠭᠤᠯᠢ ᠳᠠᠭᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ

ᠲᠥᠯᠥᠭᠡ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ

ᠪᠥᠲᠥᠭᠡᠨ ᠪᠠᠶᠢᠭᠤᠯᠤᠯᠲᠠ ᠵᠢᠴᠢ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠵᠢᠭᠠᠨ ᠰᠤᠷᠭᠠᠯᠲᠠ ᠶᠢᠨ ᠰᠤᠳᠤᠯᠭᠠᠨ᠂

ᠪᠠᠭᠰᠢ ᠠᠵᠢᠯᠲᠠᠨ ᠪᠠ ᠰᠣᠷᠣᠭᠴᠢ ᠶᠢ ᠲᠡᠳᠬᠦᠨ ᠲᠤᠰᠠᠯᠠᠵᠤ ᠱᠠᠩᠨᠠᠬᠤ ᠵᠡᠷᠭᠡ ᠶᠢ ᠴᠢᠳᠠᠯ ᠤᠨ ᠬᠢᠷᠢ ᠪᠠᠷ ᠢᠶᠠᠨ

ᠲᠡᠮᠵᠢᠬᠦ ᠪᠤᠯᠤᠨ᠎ᠠ᠃  

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号