ᠶᠠᠩ ᠶᠢᠨ ᠬᠤᠳᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/8/17
     8 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠳᠤ ᠭᠦᠨᠵᠡᠭᠡᠶᠢᠷᠡᠨ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ  ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠪᠡᠯᠡᠳᠬᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠳᠡᠳ᠋ ᠳᠠᠷᠤᠭ᠎ᠠ ᠯᠢᠦ ᠰᠣ᠋ ᠬᠤᠩ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃      ᠶᠠᠩ ᠶᠢᠨ ᠨᠡᠷ ᠤᠷᠢᠳ ᠬᠤᠵᠢᠳ ᠰᠤᠷᠭᠠᠭᠤᠯᠢ ᠶᠢᠨ ᠬᠢᠴᠢᠶᠡᠯ ᠤᠨ ᠭᠡᠷ᠂ ᠤᠯᠠᠨ ᠴᠢᠳᠠᠮᠵᠢᠳᠤ ᠲᠠᠰᠤᠭ᠂ ᠤᠩᠰᠢᠯᠭ᠎ᠠ ᠶᠢᠨ ᠲᠠᠰᠤᠭ᠂ ᠲᠠᠮᠢᠷ ᠤᠨ ᠲᠠᠯᠠᠪᠠᠢ ᠳᠤ ᠬᠦᠷᠴᠦ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠪᠡᠯᠡᠳᠬᠡᠯ᠂ ᠣᠷᠴᠢᠨ ᠲᠣᠭᠤᠷᠢᠨ ᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠪᠠᠭᠰᠢ ᠶᠢᠨ ᠬᠥᠮᠦᠵᠢᠯ ᠵᠢᠴᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠬᠤᠯᠪᠣᠭᠳᠠᠯ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠶᠠᠩ ᠶᠢᠨ ᠵᠢᠭᠠᠵᠤ ᠭᠠᠷᠭᠠᠭᠰᠠᠨ ᠨᠢ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠳᠤ ᠴᠢᠭᠯᠡᠭᠦᠯᠦᠨ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠮᠥᠨ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠪᠣᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠲᠡᠷᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠲᠠᠪᠰᠢᠯᠳᠠ ᠶᠢ ᠲᠦᠷᠭᠡᠳᠬᠡᠬᠦ ᠳᠤ ᠴᠢᠬᠤᠯᠠ ᠶᠡᠭᠡ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃ ᠡᠯ᠎ᠡ ᠲᠣᠭᠤᠷᠢᠭ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠰᠤᠷᠭᠠᠭᠤᠯᠢ ᠨᠤᠭᠤᠳ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠢ ᠳᠡᠯᠭᠡᠷᠡᠭᠦᠯᠦᠨ ᠲᠦᠭᠡᠮᠡᠯᠵᠢᠭᠦᠯᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠤᠭ ᠲᠡᠮᠳᠡᠭ ᠲᠣᠳᠣᠷᠬᠠᠢ᠂ ᠡᠷᠡᠰ ᠪᠠᠲᠤ ᠣᠪᠣᠷ ᠢᠶᠠᠷ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ ᠵᠦᠢᠯ ᠤᠨ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠬᠡᠵᠡᠢ᠃      ᠶᠠᠩ ᠶᠢᠨ ᠴᠢᠬᠤᠯᠠᠴᠢᠯᠠᠭᠰᠠᠨ ᠨᠢ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠪᠠᠭᠰᠢ ᠶᠢᠨ ᠤᠯᠤᠰ ᠲᠦᠷᠦ ᠶᠢᠨ ᠬᠡᠪ ᠴᠢᠨᠠᠷ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠵᠦ᠂ ᠪᠠᠭᠰᠢ ᠨᠠᠷ ᠢ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠭᠦᠯᠵᠦ᠂ ᠰᠢᠨ᠎ᠡ ᠴᠠᠭ ᠦᠶ᠎ᠡ ᠶᠢᠨ ︽ᠲᠦᠷᠪᠡ ᠶᠢ ᠪᠦᠷᠢᠳᠦᠭᠦᠯᠦᠭᠰᠡᠨ︾ ᠰᠠᠶᠢᠨ ᠪᠠᠭᠰᠢ ᠪᠣᠯᠭᠠᠬᠤ ᠬᠡᠷᠡᠭᠲᠡᠢ᠃ ᠵᠢᠭᠠᠨ ᠰᠤᠷᠭᠠᠯᠲᠠ ᠶᠢᠨ ᠲᠥᠰᠦᠯ ᠪᠣᠯᠤᠨ ᠬᠢᠴᠢᠶᠡᠯ ᠤᠨ ᠲᠥᠯᠥᠪᠯᠡᠭᠡ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠢ ᠰᠠᠶᠢᠲᠤᠷ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠨᠡᠩ ᠰᠠᠶᠢᠲᠤᠷ ᠠᠭᠤᠰᠤᠯᠴᠠᠭᠤᠯᠵᠤ᠂ ᠪᠠᠭᠰᠢ ᠶᠢᠨ ᠰᠠᠶᠢᠨ ᠵᠢᠭᠠᠬᠤ᠂ ᠰᠤᠷᠤᠭᠴᠢ ᠶᠢᠨ ᠰᠠᠶᠢᠨ ᠰᠤᠷᠬᠤ ᠶᠢ ᠪᠠᠲᠤᠯᠠᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠴᠠᠭ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠡᠳᠦᠷ ᠲᠤᠲᠤᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠶᠢᠷᠭᠤᠰᠢᠬᠤ ᠥᠬᠡᠶ᠂ ᠮᠢᠨᠴᠦᠭᠦᠷᠡᠬᠦ ᠥᠬᠡᠶ᠂ ᠰᠤᠯᠠᠷᠠᠬᠤ ᠥᠬᠡᠶ ᠪᠠᠶᠢᠬᠤ ᠶᠢ ᠡᠷᠡᠰ ᠪᠡᠶᠡᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠰᠠᠶᠢᠲᠤᠷ ᠰᠠᠬᠢᠬᠤ ᠬᠡᠷᠡᠭᠲᠡᠶ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号