ᠬᠤᠲᠠ ᠶᠢᠨ ᠵᠠᠰᠠᠭ ᠤᠨ ᠣᠷᠳᠣᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/17
     8 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠬᠤᠲᠠ ᠶᠢᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ ᠬᠠᠷᠭᠤᠭᠤᠯᠤᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠪᠠ ᠦᠬᠠᠶ ᠣᠷᠣᠨ ᠤ ᠴᠠᠬᠢᠯᠭᠠᠨ ᠤ ᠲᠣᠤᠷ ᠤᠨ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠬᠤᠯᠪᠣᠭᠳᠠᠯ ᠪᠥᠬᠦᠶ ᠵᠦᠢᠯᠡᠰ ᠢ ᠰᠤᠳᠤᠯᠵᠠᠶ᠃ ᠬᠤᠲᠠ ᠶᠢᠨ ᠤᠳᠤᠷᠢᠳᠤᠯᠭ᠎ᠠ ᠼᠦᠢ ᠵᠢᠩ ᠶᠢᠩ᠂ ᠵᠢᠶᠠ ᠴᠢᠩ ᠳ᠋ᠦᠩ᠂ ᠯᠢ ᠴᠦᠨ ᠰᠢᠶᠤᠤ᠂ ᠭᠦᠸᠧ ᠢ ᠵᠢᠶᠧ ᠬᠤᠷᠠᠯ ᠳᠤ ᠣᠷᠣᠯᠴᠠᠪᠠ᠃      ᠶᠠᠩ ᠶᠢᠨ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠵᠠᠰᠠᠯᠲᠠ ᠶᠢ ᠭᠦᠨᠵᠡᠭᠡᠶᠢᠷᠡᠭᠦᠯᠬᠦ ᠠᠵᠢᠯ ᠨᠢᠭᠡᠨᠲᠡ ᠳᠠᠪᠠᠭ᠎ᠠ ᠲᠠᠪᠠᠵᠦ᠂ ᠪᠡᠷᠬᠡ ᠶᠢ ᠲᠤᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠭᠠᠳ ᠪᠠᠶᠢᠨ᠎ᠠ᠂ ᠠᠰᠠᠭᠤᠳᠠᠯ ᠢ ᠴᠡᠭᠴᠡᠯᠡᠨ ᠵᠠᠰᠠᠬᠤ ᠠᠵᠢᠯ ᠬᠠᠷᠠᠬᠠᠨ ᠳᠠᠭᠤᠰᠤᠭᠠᠳᠤᠶ᠂ ᠰᠢᠢᠳᠪᠦᠷᠢᠯᠡᠬᠦ ᠳᠤ ᠪᠡᠷᠬᠡᠲᠡᠶ ︽ᠪᠡᠷᠬᠡ ᠠᠰᠠᠭᠤᠳᠠᠯ︾ ᠪᠠᠰᠠ ᠴᠥᠭᠡᠨ ᠪᠤᠰᠤ ᠪᠠᠶᠢᠨ᠎ᠠ᠃ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠠᠵᠠ ᠵᠠᠪᠰᠢᠶᠠᠨ ᠢᠶᠠᠷ ᠭᠤᠷᠢᠳᠠᠬᠤ ᠪᠣᠳᠣᠯ᠂ ᠡᠳᠦᠷ ᠦᠩᠬᠡᠷᠡᠭᠡᠬᠦ ᠦᠵᠡᠯ ᠰᠠᠨᠠᠭ᠎ᠠ ᠶᠢ ᠡᠷᠡᠰ ᠦᠭᠡᠶᠢᠰᠬᠡᠵᠦ᠂ ᠡᠷᠡᠰ ᠵᠣᠷᠢᠭ ᠢᠶᠠᠨ ᠬᠤᠪᠢᠷᠠᠭᠤᠯᠬᠤ ᠥᠬᠡᠶ᠂ ᠪᠠᠷᠢᠮᠵᠢᠶ᠎ᠠ ᠪᠠᠨ ᠪᠠᠭᠤᠷᠠᠭᠤᠯᠬᠤ ᠥᠬᠡᠶ᠂ ᠡᠷᠴᠢ ᠵᠣᠷᠢᠭ ᠢᠶᠠᠨ ᠰᠤᠯᠠᠷᠠᠭᠤᠯᠬᠤ ᠥᠬᠡᠶ᠂ ᠡᠷᠴᠢᠮ ᠢᠶᠠᠨ ᠰᠤᠯᠠᠷᠠᠭᠤᠯᠬᠤ ᠥᠬᠡᠶ ᠪᠠᠶᠢᠬᠤ ᠶᠢ ᠪᠡᠶᠡᠯᠡᠭᠦᠯᠵᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠴᠢᠩᠭ᠎ᠠ ᠬᠢᠨᠠᠨ ᠬᠠᠷᠭᠤᠭᠤᠯᠵᠤ ᠪᠣᠭᠤᠮᠲᠠ ᠶᠢ ᠴᠢᠩᠭ᠎ᠠ ᠠᠳᠬᠤᠬᠤ ᠪᠠᠨ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠳᠤ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠬᠤ ᠬᠡᠷᠡᠭᠲᠡᠶ ᠬᠡᠵᠡᠢ᠃      ᠶᠠᠩ ᠶᠢᠨ ᠴᠢᠬᠤᠯᠠᠴᠢᠯᠠᠭᠰᠠᠨ ᠨᠢ᠂ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠬᠠᠷᠠᠯᠲᠠ ᠡᠭᠦᠷᠭᠡ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠢᠭ ᠢ ᠣᠨᠣᠪᠴᠢᠲᠠᠶ ᠡᠵᠡᠮᠳᠡᠨ᠂ ᠠᠰᠠᠭᠤᠳᠠᠯ ᠢ ᠵᠦᠢᠯ ᠳᠠᠷᠠᠭᠠᠯᠠᠨ ᠵᠠᠳᠠᠯᠤᠨ ᠡᠮᠬᠢᠯᠡᠵᠦ᠂ ᠠᠰᠠᠭᠤᠳᠠᠯ ᠢ ᠰᠢᠢᠳᠪᠦᠷᠢᠯᠡᠬᠦ ︽ᠴᠠᠭ ᠤᠨ ᠬᠦᠰᠦᠨᠦᠭᠲᠦ︾ ᠪᠠ ︽ᠵᠠᠮ ᠱᠤᠭᠤᠮ ᠤᠨ ᠵᠢᠷᠤᠭ︾ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠤᠨ ᠬᠤᠭᠤᠴᠠᠭ᠎ᠠ ᠪᠠᠨ ᠲᠣᠩᠭᠤᠷᠤᠭᠤᠯᠤᠨ ᠵᠢᠭᠰᠠᠭᠠᠵᠤ᠂ ᠵᠢᠷᠤᠭ ᠡᠯᠭᠦᠨ ᠪᠠᠶᠢᠯᠳᠤᠭᠠᠨ ᠬᠢᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠷᠢᠯᠢᠭ ᠣᠨᠣᠴᠠᠲᠠᠶ ᠪᠠᠷ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠢᠯ ᠤᠨ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠬᠠᠮᠵᠢᠯᠴᠠᠨ ᠬᠠᠮᠲᠤᠷᠠᠯᠴᠠᠬᠤ ᠪᠠᠨ ᠴᠢᠩᠭᠠᠳᠬᠠᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠤᠯᠤᠯᠴᠠᠬᠤ ᠶᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠢᠯᠠᠯᠲᠠ ᠶᠢ ᠣᠯᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠳᠤ ᠨᠢᠭᠡ ᠬᠤᠪᠢ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠬᠡᠵᠡᠢ᠃      ᠶᠠᠩ ᠶᠢᠨ ᠴᠢᠬᠤᠯᠠᠴᠢᠯᠠᠭᠰᠠᠨ ᠨᠢ᠂ ᠡᠯ᠎ᠡ ᠲᠤᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠴᠠᠬᠢᠯᠭᠠᠨ ᠬᠠᠩᠭᠠᠬᠤ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠬᠢᠯᠭᠠᠨ ᠬᠦᠴᠦᠨ ᠤ ᠬᠠᠩᠭᠠᠯᠭ᠎ᠠ ᠳᠤᠲᠠᠭᠳᠠᠵᠤ ᠪᠠᠶᠢᠭ᠎ᠠ ᠪᠠᠶᠢᠳᠠᠯ ᠢ ᠪᠦᠲᠦᠮᠵᠢᠲᠡᠢ ᠠᠷᠭᠠᠴᠠᠭᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠰᠢᠨᠵᠢᠯᠡᠬᠦ ᠤᠬᠠᠭᠠᠨᠴᠢ ᠪᠠᠷ ᠳᠤᠬᠢᠷᠠᠭᠤᠯᠵᠤ᠂ ᠨᠠᠷᠢᠯᠢᠭ ᠨᠠᠶᠢᠳᠠᠪᠤᠷᠢᠵᠢᠭᠤᠯᠤᠨ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠴᠠᠬᠢᠯᠭᠠᠨ ᠬᠦᠴᠦᠨ ᠤ ᠬᠠᠩᠭᠠᠯᠭ᠎ᠠ ᠶᠢᠨ ᠲᠣᠭᠲᠠᠭᠤᠨ ᠡᠮᠬᠢ ᠳᠢᠭᠯᠢᠮ ᠲᠠᠢ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ᠃ ᠴᠠᠬᠢᠯᠭᠠᠨ ᠭᠠᠷᠭᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠠᠷᠠᠳ ᠤᠨ ᠠᠮᠢᠳᠤᠷᠠᠯ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ᠂ ᠴᠢᠬᠤᠯᠠ ᠤᠯᠠᠨ ᠨᠡᠶᠢᠲᠡ ᠶᠢᠨ ᠲᠥᠬᠦᠭᠡᠷᠦᠮᠵᠢ ᠶᠢᠨ ᠲᠠᠯᠠᠪᠤᠷ ᠭᠠᠵᠠᠷ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠰᠢᠨᠵᠢᠯᠡᠬᠦ ᠤᠬᠠᠭᠠᠨᠴᠢ ᠪᠠᠷ ᠪᠠᠲᠤᠯᠠᠵᠤ᠂ ︽ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠪᠣᠬᠢᠷᠲᠤᠭᠤᠯᠤᠯ ᠶᠡᠬᠡᠲᠡᠶ︾ ᠲᠦᠷᠦᠯ ᠵᠦᠢᠯ ᠤᠨ ᠴᠠᠬᠢᠯᠭᠠᠨ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ︽ᠠᠭᠤᠷᠬᠠᠶ ᠮᠠᠯᠳᠠᠬᠤ︾ ᠠᠵᠤ ᠠᠬᠤᠶᠢᠯᠠᠯ ᠢ ᠡᠷᠡᠰ ᠢᠶᠠᠷ ᠰᠢᠭᠰᠢᠭᠳᠡᠭᠦᠯᠬᠦ ᠬᠡᠷᠡᠭᠲᠡᠶ᠃ ᠳᠤᠬᠢᠷᠠᠭᠤᠯᠤᠯᠳᠠ ᠬᠢᠨᠠᠨ ᠬᠡᠮᠵᠢᠯᠳᠡ ᠪᠠᠨ ᠴᠢᠩᠭᠠᠳᠬᠠᠵᠤ᠂ ᠡᠪᠦᠯ ᠤᠨ ᠤᠯᠠᠷᠢᠯ ᠤᠨ ᠨᠡᠭᠦᠷᠡᠰᠦᠨ ᠤ ᠨᠥᠭᠡᠴᠡ ᠪᠠᠨ ᠥᠷᠭᠡᠳᠬᠡᠵᠦ᠂ ᠳᠤᠯᠠᠭᠠᠯᠭ᠎ᠠ ᠶᠢᠨ ᠤᠯᠠᠷᠢᠯ ᠪᠣᠯᠬᠤ ᠠᠴᠠ ᠡᠮᠦᠨ᠎ᠡ ᠨᠡᠭᠦᠷᠡᠰᠦ ᠬᠠᠳᠠᠭᠠᠯᠠᠬᠤ ᠬᠡᠮᠵᠢᠶ᠎ᠡ ᠪᠠᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠭᠡᠬᠦ ᠶᠢ ᠪᠠᠲᠤᠯᠠᠵᠤ᠂ ᠥᠷᠭᠡᠨ ᠤᠯᠠᠨ ᠬᠤᠳᠠ ᠶᠢᠨ ᠠᠷᠠᠳ ᠤᠨ ᠡᠪᠦᠯ ᠤᠨ ᠤᠯᠠᠷᠢᠯ ᠤᠨ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠴᠠᠬᠢᠯᠭᠠᠨ ᠢ ᠠᠶᠤᠯᠭᠦᠶ ᠪᠠᠷ ᠬᠢᠵᠠᠭᠠᠷᠯᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠴᠠᠬᠢᠯᠭᠠᠨ ᠵᠣᠭᠰᠣᠬᠤ ᠮᠡᠳᠡᠭᠳᠡᠯ ᠢ ᠴᠠᠭ ᠲᠤᠬᠠᠶ ᠳᠤᠨᠢ ᠡᠮᠬᠢ ᠵᠢᠷᠤᠮ ᠲᠠᠢ ᠪᠠᠷ ᠨᠡᠶᠢᠲᠡᠯᠡᠵᠦ᠂ ᠠᠵᠤ ᠠᠬᠤᠶᠢᠯᠠᠯ ᠢ ᠦᠢᠯᠡᠳᠪᠦᠷᠢᠯᠡᠯ ᠠᠮᠢᠳᠤᠷᠠᠯ ᠢᠶᠠᠨ ᠵᠦᠢ ᠵᠣᠬᠢᠰᠲᠠᠶ ᠲᠣᠬᠢᠷᠠᠭᠤᠯᠵᠤ᠂ ᠠᠶᠤᠯᠭᠦᠶ ᠦᠢᠯᠡᠳᠪᠦᠷᠢᠯᠡᠯ ᠤᠨ ᠡ᠊ᠨᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号