ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/17
     8 ᠰᠠᠷ᠎ᠠ ᠶᠢᠨ 16 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠳᠠ ᠶᠢᠨ ᠨᠠᠮ ᠤᠨ ᠬᠤᠷᠢᠶᠠᠨ ᠤ ᠳᠣᠯᠣᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠢ ᠬᠤᠷᠠᠯᠳᠤᠭᠤᠯᠬᠤ ᠪᠠᠷ ᠲᠤᠭᠳᠠᠵᠤ᠂ ᠬᠤᠳᠠ ᠶᠢᠨ ᠨᠠᠮ ᠤᠨ ᠬᠤᠷᠢᠶᠠᠨ ᠤ ᠳᠣᠯᠣᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠳᠤ ᠳᠡᠪᠰᠢᠭᠦᠯᠦᠨ ᠬᠢᠨᠠᠨ ᠶᠠᠷᠢᠯᠴᠠᠭᠤᠯᠬᠤ ᠪᠠᠷ ᠪᠠᠶᠢᠭ᠎ᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠶᠠᠷᠢᠯᠴᠠᠪᠠ᠃      ᠬᠤᠷᠠᠯ ᠠᠴᠠ ᠲᠣᠭᠲᠠᠭᠰᠠᠨ ᠨᠢ᠂ ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ 8 ᠰᠠᠷ᠎ᠠ ᠶᠢᠨ 17 ᠤ ᠡᠳᠦᠷ ᠬᠠᠶᠢᠷᠤᠪ ᠤᠨ ᠲᠤᠬᠤᠢ ᠳᠤ ᠬᠤᠷᠠᠯᠳᠣᠨ᠎ᠠ᠂ ᠭᠤᠣᠯ ᠡᠭᠦᠷᠭᠡ ᠨᠢ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠦᠬᠠᠢ ᠬᠤᠲᠠ ᠶᠢᠨ ᠨᠠᠮ ᠤᠨ ᠬᠤᠷᠢᠶᠠᠨ ᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ ᠰᠢᠨ᠎ᠡ ᠠᠶᠠᠨ ᠵᠠᠮ ᠳᠠᠭᠠᠨ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠢᠢᠳᠪᠦᠷᠢ﹀ ᠶᠢ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠠᠵᠢᠯ ᠤᠨ ᠡᠭᠦᠷᠭᠡ ᠶᠢ ᠲᠤᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠ ᠶᠢᠨ ᠨᠠᠮ ᠤᠨ ᠬᠤᠷᠢᠶᠠᠨ ᠤ ᠳᠣᠯᠣᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠦᠬᠦᠳᠡ ᠬᠤᠷᠠᠯ ᠢ ᠬᠤᠷᠠᠯᠳᠤᠭᠤᠯᠬᠤ ᠪᠣᠯ ᠪᠦᠬᠦ ᠬᠤᠳᠠ ᠶᠢᠨ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠪᠣᠯᠤᠨ᠎ᠠ᠂ ᠦᠬᠠᠢ ᠶᠢᠨ ᠠᠵᠤ ᠠᠬᠤᠢ ᠨᠡᠶᠢᠭᠡᠮ ᠤᠨ ᠠᠯᠤᠰ ᠬᠡᠳᠦ ᠶᠢᠨ ᠬᠥᠭᠵᠢᠯᠲᠡ ᠳᠤ ᠬᠤᠯᠪᠣᠭᠳᠠᠨ᠎ᠠ᠃ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠬᠤᠷᠠᠯ ᠤᠨ ᠪᠡᠯᠡᠳᠬᠡᠯ ᠤᠨ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ ᠂ ᠪᠦᠬᠦᠳᠡ ᠬᠤᠷᠠᠯ ᠢ ᠦᠵᠡᠯ ᠰᠠᠨᠠᠭ᠎ᠠ ᠪᠠᠨ ᠨᠢᠭᠡᠳᠬᠡᠭᠰᠡᠨ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠦᠭᠰᠡᠨ ᠬᠤᠷᠠᠯ ᠪᠣᠯᠭᠠᠨ ᠬᠤᠷᠠᠯᠳᠤᠭᠤᠯᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠡᠮᠡᠴᠡᠯ ᠤᠨ ᠬᠠᠯᠠᠭᠤᠨ ᠰᠡᠳᠬᠢᠯᠭᠡ ᠪᠣᠯᠤᠨ ᠡᠷᠡᠯᠬᠡᠭᠯᠡᠨ ᠤᠷᠤᠭᠰᠢᠯᠠᠬᠤ ᠬᠦᠴᠦᠨ ᠢ ᠨᠡᠩ ᠰᠠᠶᠢᠲᠤᠷ ᠬᠥᠭᠵᠢᠭᠡᠬᠦ ᠬᠡᠷᠡᠭᠲᠡᠢ᠃ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠯᠤᠰ ᠬᠡᠲᠦ ᠶᠢ ᠪᠣᠳᠣᠯᠬᠢᠯᠠᠨ᠂ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠬᠡᠷᠡᠭᠵᠢᠭᠦᠯᠬᠦ ᠰᠠᠨᠠᠯ︾ ᠪᠠ ᠬᠤᠯᠪᠤᠭᠳᠠᠯ ᠪᠥᠬᠦᠶ ᠬᠤᠷᠠᠯ ᠤᠨ ᠮᠠᠲ᠋ᠧᠷᠢᠶᠠᠯ ᠢ ᠴᠢᠨᠠᠷ ᠰᠠᠶᠢᠲᠠᠶ ᠲᠤᠭᠤᠷᠪᠢᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ ᠢᠶᠠᠨ ᠨᠠᠷᠢᠨ ᠨᠢᠭᠲᠠ ᠲᠣᠭᠲᠠᠭᠠᠵᠤ᠂ ᠬᠤᠷᠠᠯ ᠤᠨ ᠰᠤᠷᠲᠠᠯ ᠰᠠᠬᠢᠯᠭ᠎ᠠ ᠪᠠᠲᠤ ᠶᠢ ᠴᠢᠩᠳᠠᠯᠠᠵᠤ᠂ ᠤᠬᠠᠭᠤᠯᠤᠨ ᠮᠡᠳᠡᠭᠡᠯᠡᠬᠦ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢᠶᠠᠨ ᠦᠨᠡᠨᠬᠦ ᠰᠠᠶᠢᠲᠤᠷ ᠬᠢᠵᠦ᠂ ᠪᠦᠬᠦᠳᠠ ᠬᠤᠷᠠᠯ ᠤᠨ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠵᠤ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠬᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠦᠢᠯᠡᠳᠬᠦ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠬᠦ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾ ᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠢ ᠲᠤᠭᠤᠷᠪᠢᠨ ᠪᠢᠴᠢᠬᠦ ᠲᠤᠬᠠᠢ ᠰᠠᠨᠠᠯ ᠢᠶᠠᠨ ᠰᠤᠳᠤᠯᠤᠨ ᠶᠠᠷᠢᠯᠴᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号