ᠬᠠᠶᠢᠷᠤᠪ ᠤᠨ ᠲᠤᠬᠤᠢ ᠲᠣᠭᠤᠷᠢᠭ 2021 ᠣᠨ ᠤ ᠪᠦᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2021/8/19
     8 ᠰᠠᠷ᠎ᠠ ᠶᠢᠨ 18 ᠤ ᠡᠳᠦᠷ᠂ ᠬᠠᠶᠢᠷᠤᠪ ᠤᠨ ᠲᠤᠬᠤᠢ ᠲᠣᠭᠤᠷᠢᠭ 2021 ᠣᠨ ᠤ ᠪᠦᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠠᠵᠢᠯᠳᠠᠨ ᠤ ᠪᠥᠭᠡᠮ ᠬᠦᠴᠢᠯ ᠢ ᠪᠠᠶᠢᠴᠠᠭᠠᠨ ᠬᠡᠮᠵᠢᠬᠦ ᠴᠢᠳᠠᠪᠤᠷᠢ ᠪᠣᠯᠤᠨ ᠲᠦᠪᠰᠢᠨ ᠢ ᠰᠢᠯᠭᠠᠨ ᠪᠠᠶᠢᠴᠠᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠰᠣᠷᠢᠯᠲᠠ ᠶᠢᠨ ᠶᠡᠷᠦᠩᠬᠡᠢ ᠵᠢᠯᠤᠭᠤᠳᠤᠭᠴᠢ ᠶᠢᠨ ᠲᠤᠰᠢᠶᠠᠯ ᠢ ᠡᠭᠦᠷᠭᠡᠯᠡᠪᠡ᠃      ᠲᠣᠰ ᠤᠳᠠᠭᠠᠨ ᠤ ᠰᠣᠷᠢᠯᠲᠠ ᠳᠤ ᠨᠢᠭᠡᠨ ᠬᠠᠯᠠᠭᠤᠷᠠᠭᠰᠠᠨ ᠡᠪᠡᠳᠴᠢᠲᠡᠨ ᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠪᠠᠷ ᠣᠨᠣᠰᠢᠯᠠᠬᠤ ᠶᠢᠨ ᠬᠠᠮᠲᠤ ᠬᠤᠲᠠ ᠶᠢᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠡᠮᠴᠢᠯᠡᠭᠦᠯᠬᠦ ᠪᠠᠷ ᠠᠷᠤ ᠦᠵᠡᠭᠳᠡᠯ ᠪᠣᠯᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢᠶᠠᠨ ᠡᠬᠢᠯᠡᠭᠦᠯᠵᠦ᠂ ᠬᠢᠵᠢᠭ ᠤᠨ ᠪᠠᠶᠢᠳᠠᠯ ᠢ ᠪᠠᠶᠢᠴᠠᠭᠠᠬᠤ ᠪᠠ ᠰᠤᠳᠤᠯᠤᠨ ᠮᠠᠭᠠᠳᠯᠠᠭᠰᠠᠨ ᠤ ᠳᠠᠷᠠᠭ᠎ᠠ᠂ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠤᠨ ᠲᠥᠰᠦᠯ ᠢᠶᠠᠨ ᠡᠬᠢᠯᠡᠭᠦᠯᠪᠡ᠃      ᠰᠣᠷᠢᠯᠲᠠ ᠶᠢᠨ ᠶᠠᠪᠤᠴᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ︽ᠨᠢᠭᠡᠳᠦᠯᠲᠡᠢ ᠤᠳᠤᠷᠢᠳᠬᠤ ᠂ ᠱᠠᠳᠤ ᠬᠤᠪᠢᠶᠠᠨ ᠬᠠᠷᠢᠭᠤᠴᠠᠬᠤ᠂ ᠰᠠᠯᠠᠭ᠎ᠠ ᠮᠥᠴᠢᠷ ᠠᠴᠠ ᠬᠠᠮᠢᠶᠠᠷᠬᠤ︾ ᠵᠠᠷᠴᠢᠮ ᠶᠣᠰᠣᠭᠠᠷ᠂ ᠪᠣᠳᠠᠲᠤ ᠳᠠᠶᠢᠨ ᠢᠶᠠᠷ ᠡᠬᠢᠯᠡᠯᠲᠡ ᠶᠢᠨ ᠴᠢᠭ ᠪᠣᠯᠭᠠᠵᠤ᠂ ᠲᠤᠬᠠᠢ ᠶᠢᠨ ᠲᠠᠯᠠᠪᠤᠷ ᠲᠤ ᠬᠦᠯᠢᠶᠡᠬᠦ ᠲᠤᠭᠤᠷᠢᠭ᠂ ᠮᠡᠳᠡᠭᠡ ᠵᠠᠩᠭᠢ ᠳᠠᠩᠰᠠᠯᠠᠬᠤ ᠲᠤᠭᠤᠷᠢᠭ᠂ ᠦᠯᠢᠭᠡᠷ ᠠᠪᠬᠤ ᠲᠤᠭᠤᠷᠢᠭ ᠵᠡᠷᠭᠡ ᠤᠯᠠᠨ ᠣᠷᠣᠨ ᠲᠣᠭᠤᠷᠢᠭ ᠬᠤᠪᠢᠶᠠᠵᠤ᠂ ᠲᠤᠭᠤᠷᠢᠭ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ ᠨᠢᠭᠡᠳᠦᠯᠲᠡᠢ ᠳᠤᠬᠢᠷᠠᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠵᠣᠬᠢᠴᠠᠭᠤᠯᠤᠨ ᠬᠠᠮᠵᠢᠯᠴᠠᠵᠤ᠂ ᠪᠠᠶᠢᠴᠠᠭᠠᠭᠳᠠᠵᠤ ᠪᠠᠶᠢᠭ᠎ᠠ ᠬᠥᠮᠦᠰ ᠢ ᠪᠦᠯᠦᠭ ᠤᠳᠠᠭ᠎ᠠ ᠬᠤᠪᠢᠶᠠᠨ ᠵᠣᠬᠢᠶᠠᠨ ᠪᠠᠶᠢᠭᠤᠯᠵᠤ ᠦᠯᠢᠭᠡᠷ ᠠᠪᠬᠤ ᠠᠵᠢᠯ ᠢ ᠶᠠᠪᠤᠭᠳᠠᠭᠤᠯᠵᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ ᠨᠢᠭᠡᠳᠦᠯᠲᠡᠢ ᠳᠤᠬᠢᠷᠠᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠵᠣᠬᠢᠴᠠᠭᠤᠯᠤᠨ ᠬᠠᠮᠵᠢᠯᠴᠠᠵᠤ᠂ ᠪᠠᠶᠢᠴᠠᠭᠠᠭᠳᠠᠵᠤ ᠪᠠᠶᠢᠭ᠎ᠠ ᠬᠥᠮᠦᠰ ᠢ ᠪᠦᠯᠦᠭ ᠤᠳᠠᠭ᠎ᠠ ᠬᠤᠪᠢᠶᠠᠨ ᠵᠣᠬᠢᠶᠠᠨ ᠪᠠᠶᠢᠭᠤᠯᠵᠤ ᠦᠯᠢᠭᠡᠷ ᠠᠪᠬᠤ ᠠᠵᠢᠯ ᠢ ᠶᠠᠪᠤᠭᠳᠠᠭᠤᠯᠵᠠᠢ᠃ ᠥᠯᠢᠭᠡᠷ ᠠᠪᠴᠤ ᠳᠠᠭᠤᠰᠤᠭᠰᠠᠨ ᠤ ᠳᠠᠷᠠᠭ᠎ᠠ ᠲᠣᠭᠲᠠᠭᠰᠠᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠨᠢᠭᠡᠳᠦᠯᠲᠡᠶ ᠰᠢᠯᠵᠢᠭᠦᠯᠦᠨ ᠬᠦᠷᠭᠡᠵᠦ ᠪᠠᠶᠢᠴᠠᠭᠠᠨ ᠰᠢᠯᠭᠠᠬᠤ ᠶᠢᠨ ᠬᠠᠮᠲᠤ ᠰᠣᠷᠢᠯᠲᠠ ᠶᠢᠨ ᠥᠯᠢᠭᠡᠷ ᠠᠪᠬᠤ ᠭᠠᠵᠠᠷ ᠢ ᠪᠥᠬᠦ ᠲᠠᠯ᠎ᠠ ᠪᠠᠷ ᠠᠷᠢᠭᠤᠳᠬᠠᠪᠠ᠃      ᠪᠦᠬᠦ᠋ᠢᠯᠡ ᠰᠣᠷᠢᠯᠲᠠ ᠶᠢᠨ ᠭᠤᠭᠴᠤᠭ᠎ᠠ ᠶᠢᠨ ᠠᠵᠢᠯ ᠤᠨ ᠬᠤᠪᠢᠶᠠᠷᠢᠯᠠᠯ ᠲᠣᠳᠣᠷᠬᠠᠶ᠂ ᠬᠠᠮᠵᠢᠯᠴᠠᠭ᠎ᠠ ᠨᠢᠭᠲᠠ ᠪᠠᠶᠢᠵᠤ᠂ ᠡᠯ᠎ᠡ ᠵᠦᠢᠯ ᠤᠨ ᠠᠵᠢᠯ ᠡᠮᠬᠢ ᠵᠢᠷᠤᠮ ᠲᠠᠢ ᠶᠠᠪᠤᠭᠳᠠᠵᠤ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠡᠯ᠎ᠡ ᠵᠦᠢᠯ ᠤᠨ ᠡᠭᠦᠷᠭᠡ ᠲᠡᠭᠦᠰ ᠠᠮᠵᠢᠯᠲᠠ ᠲᠠᠢ ᠪᠡᠶᠡᠯᠡᠭᠳᠡᠵᠡᠶ᠃ ᠲᠣᠰ ᠤᠳᠠᠭᠠᠨ ᠤ ᠪᠣᠳᠠᠲᠤ ᠪᠠᠶᠢᠯᠳᠤᠭᠠᠨ ᠤ ᠰᠣᠷᠢᠯᠲᠠ ᠪᠠᠷ ᠳᠡᠮᠵᠢᠨ᠂ ᠬᠠᠶᠢᠷᠤᠪ ᠤᠨ ᠲᠤᠬᠤᠢ ᠲᠤᠭᠤᠷᠢᠭ ᠤᠨ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠬᠡᠮᠵᠢᠵᠦ ᠰᠢᠢᠳᠪᠦᠷᠢᠯᠡᠬᠦ ᠬᠠᠷᠢᠭᠤ ᠲᠤᠰᠬᠠᠯ ᠤᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠪᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠣᠷᠢᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ ᠦᠨᠡᠨᠬᠦ ᠨᠢᠭᠲᠠ ᠬᠠᠮᠵᠢᠯᠴᠠᠬᠤ᠂ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠵᠦ᠂ ᠠᠷᠠᠳ ᠤᠯᠠᠨ ᠤ ᠡᠷᠡᠭᠦᠯ ᠮᠡᠨᠳᠦ ᠶᠢ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠪᠤᠯᠤᠨ᠎ᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号