ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠬᠤᠲᠠ ᠶᠢᠨ ᠳᠡᠰ ᠤᠨ ᠵᠦᠢᠯᠡᠰ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2021/8/19
     8 ᠰᠠᠷ᠎ᠠ ᠶᠢᠨ 17 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠬᠦᠸᠧ ᠡᠤ ᠬᠠᠶᠢᠷᠣᠪ ᠤᠨ ᠲᠤᠬᠤᠢ ᠲᠣᠭᠤᠷᠢᠭ ᠲᠤ ᠭᠦᠨᠵᠡᠭᠡᠶᠢᠷᠡᠨ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠣᠯᠠᠨ ᠲᠦᠮᠡᠨ ᠤ ᠲᠤᠰᠬᠠᠯ ᠶᠡᠬᠡᠲᠡᠶ ᠵᠠᠮ ᠬᠠᠷᠢᠯᠴᠠᠭᠠᠨ ᠤ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠶᠢᠨ᠂ ᠬᠤᠲᠠ ᠶᠢᠨ ᠳᠡᠳ᠋ ᠳᠠᠷᠤᠭ᠎ᠠ ᠮᠤᠤ ᠵᠧᠨ ᠬᠠᠶ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠦᠸᠧ ᠢ ᠵᠢᠶᠧ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠭᠰᠡᠨ ᠪᠤᠶᠤ ᠶᠠᠷᠢᠯᠴᠠᠬᠤ ᠬᠤᠷᠠᠯ ᠳᠤ ᠣᠷᠣᠯᠴᠠᠵᠠᠶ᠃      ᠬᠠᠨ ᠬᠦᠸᠧ ᠦ᠋ ᠵᠡᠷᠭᠡ ᠬᠥᠮᠦᠰ ᠤᠷᠢᠳ ᠬᠤᠵᠢᠳ ᠬᠠᠶᠢᠷᠤᠪ ᠤᠨ ᠲᠤᠬᠤᠢ ᠲᠣᠭᠤᠷᠢᠭ ᠤᠨ ᠬᠤᠸᠠ ᠱᠠᠨ ᠯᠧᠦ ᠶᠢᠨ ᠲᠤᠭᠤᠷᠢᠯ ᠵᠠᠮ᠂ ᠸᠠᠨ ᠳ᠋ᠠ ᠬᠤᠳᠠᠯᠳᠤᠭᠠᠨ ᠤ ᠲᠣᠭᠤᠷᠢᠭ᠂ ᠬᠠᠢ ᠪᠸᠢ ᠵᠡᠭᠡᠯᠢ ᠪᠣᠯᠤᠨ ᠬᠠᠢ ᠯᠠ ᠵᠠᠮ ᠤᠨ ᠠᠭᠤᠯᠵᠠᠷ᠂ ᠶᠢᠨ ᠲᠠᠢ ᠱᠠᠩ ᠱᠦᠢ ᠸᠠᠨ ᠵᠢᠵᠢᠭ ᠲᠣᠭᠤᠷᠢᠭ ᠤᠨ ᠵᠡᠭᠦᠨ ᠡᠭᠦᠳᠡ᠂ ᠬᠤᠳᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠭᠠᠵᠠᠷ ᠳᠣᠣᠷᠠᠬᠢ ᠲᠡᠷᠭᠡᠨ ᠵᠣᠭᠰᠣᠭᠠᠯ ᠵᠡᠷᠭᠡ ᠭᠠᠵᠠᠷ ᠲᠤ ᠬᠦᠷᠴᠦ᠂ ᠬᠤᠯᠪᠤᠭᠳᠠᠯ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠬᠢᠨᠠᠮᠠᠭᠠᠶ ᠰᠣᠨᠣᠰᠴᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠵᠠᠮ ᠬᠠᠷᠢᠯᠴᠠᠭᠠᠨ ᠤ ᠲᠦᠭᠵᠢᠷᠡᠯ᠂ ᠲᠡᠷᠭᠡ ᠵᠣᠭᠰᠣᠬᠤ ᠳᠤ ᠬᠦᠴᠢᠷ᠂ ᠵᠠᠮ ᠬᠠᠷᠢᠯᠴᠠᠭᠠᠨ ᠤ ᠲᠡᠮᠳᠡᠭ ᠵᠢᠷᠤᠭᠠᠰᠤ ᠲᠣᠳᠣᠷᠬᠠᠶ ᠥᠬᠡᠶ᠂ ᠬᠡᠰᠡᠭ ᠵᠠᠮ ᠤᠨ ᠬᠡᠰᠡᠭ ᠲᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠵᠡᠷᠭᠡ ᠠᠰᠠᠭᠤᠳᠠᠯ ᠢ ᠨᠠᠷᠢᠨ ᠣᠶᠢᠯᠠᠭᠠᠪᠠ᠃ ᠶᠠᠷᠢᠯᠴᠠᠬᠤ ᠬᠤᠷᠠᠯ ᠳᠡᠭᠡᠷ᠎ᠡ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ︽ᠨᠢᠭᠡ ᠬᠠᠤᠯᠢ ᠨᠢᠭᠡ ᠠᠷᠭ᠎ᠠ︾ ᠶᠢ ᠬᠢᠨᠠᠨ ᠵᠥᠪᠯᠡᠭᠰᠡᠨ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠤᠳᠠ ᠶᠢᠨ ᠵᠠᠰᠠᠭ ᠤᠨ ᠣᠷᠳᠣᠨ ᠤ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠷᠪᠠᠨ ᠲᠤᠭᠤᠷᠢᠭ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠵᠠᠮ ᠬᠠᠷᠢᠯᠴᠠᠭᠠᠨ ᠤ ᠠᠮᠤᠷ ᠲᠦᠪᠰᠢᠨ ᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ ᠶᠠᠷᠢᠯᠴᠠᠬᠤ ᠬᠤᠷᠠᠯ ᠳᠡᠭᠡᠷ᠎ᠡ ᠪᠠᠰᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃      ᠬᠠᠨ ᠬᠦᠸᠧ ᠡᠣ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠭᠦᠨᠵᠡᠭᠡᠶ ᠲᠠᠨᠢᠵᠤ ᠰᠠᠶᠢᠲᠤᠷ ᠠᠳᠬᠤᠵᠤ᠂ ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠳᠠᠢ ᠵᠠᠰᠠᠯᠲᠠ ᠶᠢ ᠠᠬᠢᠭᠤᠯᠬᠤ ᠪᠣᠳᠠᠲᠤ ᠬᠡᠷᠡᠭᠴᠡᠭᠡ ᠮᠦᠨ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠭᠠᠷᠳᠠᠴᠠ ᠮᠥᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠪᠣᠳᠠᠲᠠᠶᠢᠵᠢᠭᠤᠯᠬᠤ ᠪᠣᠳᠠᠲᠠᠢ ᠦᠢᠯᠡᠳᠦᠯᠭᠡ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ᠂ ᠬᠤᠳᠠ ᠶᠢᠨ ᠪᠣᠯᠪᠠᠰᠤᠨ ᠤ ᠲᠦᠷᠢ ᠲᠥᠷᠬᠦ ᠶᠢ ᠳᠡᠭᠡᠭᠰᠢᠯᠡᠭᠦᠯᠬᠦ ᠴᠢᠬᠤᠯᠠ ᠢᠯᠡᠷᠡᠯ ᠮᠥᠨ︔ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠦᠭᠬᠦ︾ ᠲᠦᠷᠦᠯ ᠵᠦᠢᠯ ᠢ ᠤᠯᠠᠨ ᠲᠦᠮᠡᠨ ᠤ ᠨᠢᠳᠦᠨ ᠳᠤ ᠦᠵᠡᠭᠳᠡᠬᠦ᠂ ᠭᠠᠷ ᠲᠤ ᠪᠠᠷᠢᠭᠳᠠᠬᠤ᠂ ᠰᠡᠳᠭᠢᠯ ᠳᠤ ᠲᠦᠷᠦᠭᠳᠡᠬᠦ ᠰᠠᠶᠢᠨ ᠶᠠᠪᠤᠳᠠᠯ ᠪᠣᠯᠭᠠᠵᠦ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯᠳᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠢᠯ ᠤᠨ ᠳᠤᠮᠳᠠ ᠪᠠᠨ ᠢᠯᠡᠷᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠨ ᠴᠢᠩᠭ᠎ᠠ ᠪᠦᠭᠡᠳ ᠪᠣᠳᠠᠲᠠᠢ ᠠᠳᠬᠤᠵᠤ᠂ ᠰᠢᠨᠵᠢᠯᠡᠬᠦ ᠤᠬᠠᠭᠠᠨᠴᠢ ᠪᠣᠳᠠᠲᠠᠢ ᠶᠢ ᠡᠷᠬᠢᠮᠯᠡᠬᠦ ᠲᠥᠰᠦᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢᠶᠠᠨ ᠲᠣᠳᠣᠷᠬᠠᠶᠢᠯᠠᠵᠤ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠳ᠋ᠦᠩᠨᠡᠨ ᠳᠡᠭᠡᠭᠰᠢᠯᠡᠭᠦᠯᠬᠦ  ᠪᠠᠨ ᠴᠢᠬᠤᠯᠠᠴᠢᠯᠠᠵᠤ᠂ ᠦᠷᠭᠦᠯᠵᠢᠯᠡᠨ ᠮᠥᠷᠳᠡᠨ ᠦᠷ᠎ᠡ ᠪᠦᠲᠦᠮᠵᠢ ᠠᠰᠠᠭᠤᠵᠤ᠂ ᠠᠮᠤᠷ ᠲᠦᠪᠰᠢᠨ ᠰᠠᠭᠠᠳ ᠦᠭᠡᠢ ᠨᠡᠪᠲᠡᠷᠡᠬᠦ᠂ ᠥᠨᠳᠥᠷ ᠪᠦᠲᠦᠮᠵᠢᠲᠡᠢ ᠡᠮᠬᠢ ᠳᠢᠭᠯᠢᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号