ᠲᠠᠩ ᠢ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 18 ᠳ᠋ᠤᠭᠠᠷ ᠤᠳᠠᠭᠠᠨ ᠤ ᠬᠤᠷᠠᠯ ᠵᠢᠴᠢ ᠵᠢᠯᠣᠭᠤᠳᠬᠤ ᠭᠠᠵᠠᠷ ᠤᠨ 29 ᠳ᠋ᠣᠭᠡᠷ ᠤᠳᠠᠭᠠᠨ ᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/2
     8 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 18 ᠳ᠋ᠤᠭᠠᠷ ᠤᠳᠠᠭᠠᠨ ᠤ ᠬᠤᠷᠠᠯ ᠵᠢᠴᠢ ᠵᠢᠯᠣᠭᠤᠳᠬᠤ ᠭᠠᠵᠠᠷ ᠤᠨ 29 ᠳ᠋ᠣᠭᠡᠷ ᠤᠳᠠᠭᠠᠨ ᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ᠂ ᠬᠤᠳᠠ ᠶᠢᠨ ᠨᠠᠮ ᠤᠨ ᠬᠤᠷᠢᠶᠠᠨ  ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ᠂ ᠬᠤᠳᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠬᠤᠳᠠ ᠶᠢᠨ ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠬᠤᠳᠠ ᠶᠢᠨ ᠳᠡᠳ᠋ ᠳᠠᠷᠤᠭ᠎ᠠ᠂ ᠬᠠᠳᠤᠨ ᠭᠤᠣᠯ ᠤᠨ ᠬᠠᠶᠢᠷᠤᠪ ᠤᠨ ᠲᠤᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠦᠢᠯᠡᠰ ᠤᠨ ᠬᠦᠭᠵᠢᠬᠦᠯᠦᠯᠳᠡ ᠶᠢᠨ ᠲᠥᠪ ᠤᠨ ᠡᠷᠬᠢᠯᠡᠭᠴᠢ ᠬᠤᠷᠠᠯ ᠳᠤ ᠣᠷᠣᠯᠴᠠᠪᠠ᠃      ᠲᠠᠩ ᠢ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠪᠥᠬᠦ ᠤᠯᠤᠰ ᠤᠨ ᠣᠯᠠᠨ ᠭᠠᠵᠠᠷ ᠲᠤ ᠲᠥᠪᠯᠡᠷᠡᠯ ᠤᠨ ᠴᠢᠨᠠᠷᠲᠠᠶ ᠬᠢᠵᠢᠭ ᠤᠨ ᠪᠠᠶᠢᠳᠠᠯ ᠡᠭᠦᠰᠴᠦ᠂ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠥᠭᠡᠳ ᠪᠤᠳᠤᠯᠢᠶᠠᠨᠲᠠᠶ ᠪᠠᠶᠢᠨ᠎ᠠ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠦᠳᠲᠡᠷ ᠲᠦᠷᠭᠡᠨ ᠬᠥᠳᠡᠯᠦᠯᠴᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠠᠯᠠᠨ ᠰᠡᠷᠭᠡᠶᠢᠯᠡᠬᠦ ᠬᠤᠯᠪᠣᠭᠠᠯᠠᠨ ᠵᠠᠰᠠᠬᠤ ᠲᠣᠭᠲᠠᠴᠠ ᠵᠢᠴᠢ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠠᠮᠤᠭ ᠤᠨ ᠰᠢᠨ᠎ᠡ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠤᠨᠢᠨ ᠳᠡᠭᠡᠷ᠎ᠡ ᠨᠢ ᠬᠠᠮᠢᠶᠠᠷᠤᠨ ᠡᠵᠡᠮᠳᠡᠵᠦ᠂ ᠬᠢᠵᠢᠭ ᠤᠨ ᠪᠠᠶᠢᠳᠠᠯ ᠤᠨ ᠥᠷᠭᠡᠵᠢᠨ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠬᠥᠪᠴᠢ ᠶᠢ ᠦᠨᠡᠨᠬᠦ ᠴᠢᠩᠭᠠᠷᠠᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠶᠢ ᠣᠳᠣᠬᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ ᠲᠤᠯᠭᠠᠮ᠎ᠠ ᠡᠭᠦᠷᠭᠡ ᠪᠣᠯᠭᠠᠨ ᠠᠳᠬᠤᠵᠤ᠂ ᠬᠠᠷᠢᠭᠤᠴᠠᠯᠭ᠎ᠠ ᠪᠠᠨ ᠪᠠᠲᠤ ᠰᠠᠬᠢᠬᠤ᠂ ᠬᠠᠷᠢᠭᠤᠴᠠᠯᠭ᠎ᠠ ᠪᠠᠨ ᠲᠠᠭᠠᠭᠠᠨ ᠡᠭᠦᠷᠭᠡᠯᠡᠬᠦ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠡᠷᠡᠰ ᠪᠡᠶᠡᠯᠡᠭᠦᠯᠬᠦ ᠬᠡᠷᠡᠭᠲᠡᠢ ᠬᠡᠵᠡᠢ᠃          ᠲᠠᠩ ᠢ ᠴᠢᠬᠤᠯᠠᠴᠢᠯᠠᠭᠰᠠᠨ ᠨᠢ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠲᠦᠷᠭᠡᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠡᠳ᠋ ᠪᠣᠳᠠᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠠᠮᠠᠷᠠᠯᠲᠠ ᠶᠢᠨ ᠬᠤᠭᠤᠴᠠᠭᠠᠨ ᠳᠤ ᠮᠠᠨ ᠤ ᠬᠤᠳᠠ ᠶᠢᠨ ᠬᠥᠮᠦᠨ ᠠᠮᠠ ᠲᠦᠪᠯᠡᠷᠡᠨ ᠣᠷᠣᠵᠤ ᠭᠠᠷᠬᠤ ᠶᠢ ᠠᠷᠭᠠᠴᠠᠭᠠᠬᠤ ᠡᠯ᠎ᠡ ᠵᠦᠢᠯ ᠤᠨ ᠪᠡᠯᠡᠳᠬᠡᠯ ᠢᠶᠠᠨ ᠭᠦᠢᠴᠡᠳ ᠰᠠᠶᠢᠲᠤᠷ ᠬᠢᠵᠦ᠂ ︽ᠲᠦᠷᠪᠡᠡ ᠣᠷᠣᠴᠠ︾ ︽ᠨᠢᠭᠡ ᠪᠣᠭᠤᠮᠲᠠ︾ ᠶᠢ ᠴᠢᠩᠭ᠎ᠠ ᠰᠡᠷᠭᠡᠶᠢᠯᠡᠨ ᠰᠠᠬᠢᠵᠤ᠂ ᠪᠦᠬᠦ ᠪᠢᠲᠡᠭᠦᠦ ᠴᠠᠭᠠᠷᠢᠭ᠂ ᠪᠦᠬᠦ ᠬᠡᠯᠬᠢᠶ᠎ᠡ᠂ ᠪᠦᠬᠦᠨ ᠢ ᠪᠦᠷᠬᠦᠬᠦᠯᠬᠦ ᠬᠠᠮᠢᠶᠠᠷᠤᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢᠶᠠᠨ ᠣᠨᠣᠪᠴᠢᠲᠠᠶ ᠪᠥᠭᠡᠳ ᠪᠦᠲᠦᠮᠵᠢᠲᠡᠶ ᠴᠠᠭ ᠲᠤᠬᠠᠶ ᠳᠤᠨᠢ ᠰᠠᠶᠢᠲᠤᠷ ᠬᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠣᠯᠭ᠎ᠠ᠂ ᠬᠠᠮᠲᠤᠷᠠᠨ ᠰᠢᠢᠳᠪᠦᠷᠢᠯᠡᠬᠦ ᠰᠣᠷᠢᠯᠲᠠ ᠶᠢ ᠭᠦᠨᠵᠡᠭᠡᠶ ᠥᠷᠨᠢᠭᠦᠯᠵᠦ᠂ ᠭᠡᠨᠡᠳᠲᠡ ᠶᠢᠨ ᠪᠠᠶᠢᠳᠠᠯ ᠤᠨ ᠡᠮᠦᠨ᠎ᠡ ᠬᠠᠮᠤᠭ ᠤᠨ ᠲᠡᠷᠢᠭᠦᠨ ᠳᠤ ᠬᠠᠷᠢᠭᠤ ᠲᠤᠰᠬᠠᠯ ᠭᠠᠷᠭᠠᠵᠤ᠂ ᠬᠠᠮᠤᠭ ᠤᠨ ᠲᠡᠷᠢᠭᠦᠨ ᠳᠤ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠬᠠᠮᠤᠭ ᠤᠨ ᠲᠡᠷᠢᠭᠦᠨ ᠳᠤ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠡᠷᠬᠡ᠂ ᠭᠤᠤᠯᠯᠠᠬᠤ ᠡᠷᠬᠡ ᠶᠢ ᠪᠠᠲᠤ ᠡᠵᠡᠮᠰᠢᠬᠦ ᠬᠡᠷᠡᠭᠲᠡᠶ᠃ ᠸᠠᠺᠼᠢᠨ ᠤ ᠲᠠᠷᠢᠯᠭ᠎ᠠ ᠶᠢᠨ ᠬᠤᠷᠳᠤᠴᠠ ᠪᠠᠨ ᠳᠡᠭᠡᠭᠰᠢᠯᠡᠭᠦᠯᠦᠨ ᠬᠡᠪᠴᠢᠶ᠎ᠡ ᠪᠠᠨ ᠥᠷᠭᠡᠳᠬᠡᠨ ᠦᠷ᠎ᠡ ᠠᠰᠢᠭ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠲᠠᠷᠢᠯᠭ᠎ᠠ ᠲᠠᠷᠢᠬᠤ ᠶᠣᠰᠣᠲᠠᠶ ᠬᠥᠮᠦᠰ ᠤᠨ ᠲᠠᠷᠢᠯᠭ᠎ᠠ ᠶᠢᠨ ᠠᠵᠢᠯ ᠤᠨ ᠲᠤᠭ᠎ᠠ ᠬᠡᠮᠵᠢᠶ᠎ᠡ ᠶᠢᠨ ᠪᠠᠶᠢᠳᠠᠯ ᠢ ᠯᠠᠪᠳᠠᠭᠤᠨ ᠪᠠᠲᠤᠲᠠᠶ ᠤᠶᠢᠯᠠᠭᠠᠨ᠂ ᠠᠯᠳᠠᠭᠳᠠᠯ ᠢᠶᠠᠨ ᠪᠠᠶᠢᠴᠠᠭᠠᠨ ᠳᠤᠲᠠᠭᠤ ᠪᠠᠨ ᠨᠥᠬᠦᠪᠥᠷᠢᠯᠡᠵᠦ᠂ ᠸᠠᠺᠼᠢᠨ ᠤ ᠬᠠᠩᠭᠠᠯᠭ᠎ᠠ ᠪᠠ ᠬᠤᠪᠢᠶᠠᠷᠢᠯᠠᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠴᠠᠭ᠂ ᠭᠠᠵᠠᠷ ᠣᠷᠣᠨ ᠵᠢᠴᠢ ᠠᠳᠠᠯᠢ ᠪᠤᠰᠤ ᠨᠠᠰᠤᠨ ᠤ ᠬᠥᠮᠦᠰ ᠤᠨ ᠲᠠᠷᠢᠯᠭ᠎ᠠ ᠶᠢᠨ ᠠᠵᠢᠯ ᠢ ᠵᠦᠶ ᠵᠣᠬᠢᠰᠲᠠᠶ ᠳᠣᠭᠢᠷᠠᠭᠤᠯᠤᠨ᠂ ᠬᠢᠵᠢᠭ ᠢ ᠰᠡᠷᠭᠡᠶᠢᠯᠡᠬᠦ ᠡᠷᠡᠭᠦᠯ ᠮᠡᠨᠳᠦ ᠶᠢᠨ ᠬᠠᠯᠬᠠᠪᠴᠢ ᠶᠢ ᠲᠦᠷᠭᠡᠪᠴᠢᠯᠡᠨ ᠪᠠᠶᠢᠭᠤᠯᠬᠤ ᠬᠡᠷᠡᠭᠲᠡᠶ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号