ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/2
     7 ᠰᠠᠷ᠎ᠠ ᠶᠢᠨ 31 ᠤ ᠡᠳᠦᠷ᠂ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ ᠬᠤᠤ ᠰᠢ ᠬᠤᠩ᠂ ᠮᠤᠤ ᠵᠧᠨ ᠬᠠᠶ ᠬᠤᠷᠠᠯ ᠳᠤ ᠣᠷᠣᠯᠴᠠᠵᠠᠶ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠬᠤᠳᠠ ᠶᠢᠨ ᠨᠡᠶᠢᠭᠡᠮ ᠤᠨ ᠬᠠᠮᠢᠶᠠᠷᠤᠨ ᠡᠵᠡᠮᠳᠡᠬᠦ ᠠᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠡᠢ᠃      ᠵᠢᠶᠠ ᠴᠢᠩ ᠳ᠋ᠦᠩ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠰᠡᠷᠭᠡᠶᠢᠯᠡᠨ ᠡᠵᠡᠮᠳᠡᠬᠦ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠦᠵᠡᠯ ᠰᠠᠨᠠᠭᠠᠨ ᠤ ᠲᠠᠯ᠎ᠠ ᠪᠠᠷ ᠤᠯᠠᠮ ᠴᠢᠩᠭ᠎ᠠ ᠪᠠᠶᠢᠵᠤ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠤᠯᠠᠮ ᠴᠢᠩᠭ᠎ᠠ ᠪᠠᠶᠢᠵᠤ᠂ ᠬᠠᠷᠢᠭᠤᠴᠠᠯᠭ᠎ᠠ ᠶᠢᠨ ᠲᠠᠯ᠎ᠠ ᠪᠠᠷ ᠤᠯᠠᠮ ᠲᠣᠳᠣᠷᠬᠠᠶ ᠪᠠᠶᠢᠵᠤ᠂ ᠡᠯ᠎ᠡ ᠵᠦᠶ᠋ᠯ ᠤᠨ ᠪᠠᠶᠢᠩᠭᠤ ᠶᠢᠨ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠴᠢᠩᠭ᠎ᠠ ᠰᠡᠷᠭᠡᠶᠢᠯᠡᠬᠦ ᠬᠡᠷᠡᠭᠲᠡᠶ ︔ ᠡᠯ᠎ᠡ ᠲᠣᠭᠤᠷᠢᠭ᠂ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠠᠵᠢᠯ ᠲᠥᠷᠥᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠯᠳᠤᠭᠠᠨ ᠳᠤ ᠪᠦᠬᠦ ᠲᠠᠯ᠎ᠠ ᠪᠠᠷ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠬᠤ ᠬᠡᠷᠡᠭᠲᠡᠶ︔ ᠴᠢᠩᠭ᠎ᠠ ᠪᠥᠭᠡᠳ ᠲᠦᠷᠭᠡᠨ᠂ ᠭᠤᠤᠯᠳᠠᠯᠭ᠎ᠠ ᠲᠠᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠤᠨ ᠬᠠᠮᠢᠶᠠᠷᠤᠯᠲᠠ ᠡᠵᠡᠮᠳᠡᠯ ᠢᠶᠠᠨ ᠴᠢᠩᠳᠠᠯᠠᠵᠤ᠂ ᠭᠤᠤᠯᠳᠠᠯᠭ᠎ᠠ ᠲᠠᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠤᠨ ᠵᠢᠭᠰᠠᠭᠠᠨ ᠪᠠᠶᠢᠴᠠᠭᠠᠯᠲᠠ  ᠪᠠᠨ ᠴᠢᠩᠭᠠᠳᠬᠠᠨ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ ᠲᠤᠲᠤᠷ᠎ᠠ ᠬᠠᠯᠳᠠᠪᠤᠷᠢᠯᠠᠬᠤ ᠶᠢ ᠰᠡᠷᠭᠡᠶᠢᠯᠡᠨ ᠡᠵᠡᠮᠳᠡᠬᠦ ᠪᠠᠨ ᠴᠢᠩᠭ᠎ᠠ ᠰᠠᠶᠢᠲᠤᠷ ᠬᠢᠵᠦ᠂ ᠸᠠᠺᠼᠢᠨ ᠤ ᠲᠠᠷᠢᠯᠭ᠎ᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠠᠯᠢᠪᠠ ᠴᠢᠬᠤᠯᠠ ᠶᠡᠭᠡ᠂ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠪᠠᠭᠠᠰᠬᠠᠵᠤ᠂ ᠵᠢᠯᠣᠭᠤᠳᠬᠤ ᠪᠠ ᠠᠵᠢᠯ ᠤᠨ ᠰᠢᠰᠲ᠋ᠧᠮ ᠢᠶᠠᠨ ᠳᠠᠷᠤᠢ ᠲᠦᠷᠭᠡᠨ ᠠᠵᠢᠯᠯᠠᠭᠤᠯᠵᠤ᠂ ᠬᠤᠯᠪᠣᠭᠳᠠᠯ ᠪᠦᠬᠦᠢ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮ ᠢᠶᠠᠨ ᠲᠡᠭᠦᠯᠳᠡᠷᠵᠢᠭᠦᠯᠵᠦ᠂ 24 ᠴᠠᠭ ᠢᠶᠠᠷ ᠵᠢᠵᠢᠭᠦᠷᠯᠡᠨ ᠰᠠᠬᠢᠬᠤ ᠶᠢ ᠰᠠᠶᠢᠲᠤᠷ ᠬᠢᠵᠦ᠂ ᠦᠳᠲᠡᠷ ᠲᠦᠷᠭᠡᠨ ᠬᠥᠳᠡᠯᠦᠯᠴᠡᠵᠦ ᠥᠪᠡᠷ ᠢ ᠪᠠᠨ ᠰᠢᠯᠭᠠᠵᠤ ᠥᠪᠡᠷ ᠢ ᠪᠠᠨ ᠪᠠᠶᠢᠴᠠᠭᠠᠬᠤ ᠶᠢ ᠥᠷᠨᠢᠭᠦᠯᠬᠦ ᠬᠡᠷᠡᠭᠲᠡᠢ︔ ᠬᠤᠳᠠ᠂ ᠲᠣᠭᠤᠷᠢᠭ ᠬᠤᠶᠠᠷ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠬᠤ ᠺᠠᠳ᠋ᠷ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠣᠳᠠᠲᠤ ᠪᠠᠶᠢᠳᠠᠯ ᠢ ᠣᠶᠢᠯᠠᠭᠠᠵᠤ᠂ ᠠᠰᠠᠭᠤᠳᠠᠯ ᠢ ᠰᠢᠢᠳᠪᠦᠷᠢᠯᠡᠵᠦ᠂ ᠨᠠᠷᠢᠨ ᠵᠦᠢᠯᠡᠰ ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠵᠢᠯ ᠤᠨ ᠠᠯᠳᠠᠰᠢ ᠭᠠᠷᠬᠤ ᠶᠢ ᠴᠠᠭ ᠲᠤᠬᠠᠢ ᠳᠤᠨᠢ ᠬᠤᠷᠢᠭᠯᠠᠬᠤ ᠬᠡᠷᠡᠭᠲᠡᠢ︔ ᠬᠤᠲᠠ᠂ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠨᠢ ᠡᠯ᠎ᠡ ᠨᠢᠭᠡᠴᠡ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠠᠵᠢᠯᠯᠠᠭᠠᠨ ᠤ ᠲᠣᠭᠲᠠᠴᠠ᠂ ᠰᠡᠷᠭᠡᠶᠢᠯᠡᠨ ᠡᠵᠡᠮᠳᠡᠬᠦ ᠡᠩᠨᠡᠭᠡ ᠶᠢᠨ ᠪᠠᠶᠢᠭᠤᠯᠤᠯᠲᠠ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠵᠡᠷᠭᠡ ᠳᠤ ᠲᠤᠰᠬᠠᠶ ᠰᠢᠮᠳᠠᠭᠤᠯᠤᠨ ᠪᠠᠶᠢᠴᠠᠭᠠᠯᠲᠠ ᠥᠷᠨᠢᠭᠦᠯᠵᠦ᠂ ᠠᠰᠠᠭᠤᠳᠠᠯ ᠢ ᠡᠷᠢᠵᠦ᠂ ᠴᠡᠭᠴᠡᠯᠡᠨ ᠰᠠᠶᠢᠵᠢᠷᠠᠭᠤᠯᠬᠤ ᠶᠢ ᠠᠳᠬᠤᠨ᠂ ᠠᠯᠳᠠᠰᠢ ᠭᠠᠷᠬᠤ ᠶᠢ ᠬᠤᠷᠢᠭᠯᠠᠵᠤ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤ ᠰᠠᠬᠢᠬᠤ ᠬᠡᠷᠡᠭᠲᠡᠶ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号