ᠮᠠᠨ ᠤ ᠬᠤᠲᠠ ︽ᠮᠢᠨᠦ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ︾ ᠤᠨ ᠲᠣᠭᠤᠷᠢᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2021/8/2
     7 ᠰᠠᠷ᠎ᠠ ᠶᠢᠨ 28 ᠤ ᠡᠳᠦᠷ᠂ ︽ᠮᠢᠨᠦ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ︾ ᠤᠨ ᠲᠣᠭᠤᠷᠢᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠶᠠᠪᠤᠭᠳᠠᠪᠠ᠃      ᠮᠡᠳᠡᠭᠦᠯᠦᠯᠲᠡ ᠶᠢᠨ ᠬᠤᠷᠠᠯ ᠳᠡᠭᠡᠷ᠎ᠡ᠂ ᠶᠠᠩ ᠰᠢᠶᠠᠨ ᠵᠥᠩ᠂ ᠵᠠᠩ ᠬᠤᠩ ᠵᠡᠷᠭᠡ 6 ᠲᠥᠯᠥᠭᠡᠯᠡᠭᠴᠢ ︽ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠨᠡᠮᠡᠭᠳᠡᠭᠦᠯᠦᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠶ᠎ᠠ︾ ︽ᠨᠡᠩ ᠰᠠᠶᠢᠨ ᠠᠮᠢᠲᠤᠷᠠᠯ ᠶᠠᠭ ᠰᠠᠶ᠋ᠢᠬᠠᠨ ᠡᠬᠢᠯᠡᠵᠦ ᠪᠠᠶᠢᠨ᠎ᠠ︾ ᠭᠡᠬᠦ ᠵᠡᠷᠭᠡ ᠭᠤᠣᠯ ᠰᠡᠳᠦᠪ ᠤᠨ ᠲᠣᠭᠤᠷᠢᠨ ᠳᠤ ᠦᠨᠳᠦᠰᠦᠲᠡᠨ ᠤ ᠪᠦᠯᠬᠦᠮᠳᠡᠯ ᠤᠨ ᠬᠥᠮᠦᠵᠢᠯ᠂ ᠨᠡᠶᠢᠭᠡᠮ ᠲᠣᠭᠤᠷᠢᠭ ᠤᠨ ᠠᠵᠢᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠬᠡᠨᠠᠭᠤᠷ ᠤᠨ ᠲᠥᠪᠡᠳ ᠣᠷᠣᠨ ᠤ ᠠᠬ᠎ᠠ ᠳᠡᠭᠦᠦ ᠨᠡᠷ ᠢ ᠲᠤᠰᠠᠯᠠᠬᠤ ᠵᠡᠷᠭᠡ ᠲᠠᠯ᠎ᠠ ᠶᠢᠨ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠪᠣᠷᠣᠭᠵᠢᠭᠤᠨ ᠠᠮᠢᠳᠤᠯᠢᠭ ᠦᠭᠡ ᠪᠠᠷ ᠶᠠᠷᠢᠵᠤ᠂ ᠠᠭᠤᠯᠭ᠎ᠠ ᠨᠢ ᠦᠨᠡᠨ ᠪᠣᠳᠠᠲᠠᠢ ᠪᠠᠷ ᠬᠥᠮᠦᠰ ᠤᠨ ᠰᠡᠳᠬᠢᠯ ᠢ ᠬᠥᠳᠡᠯᠭᠡᠵᠦ᠂ ᠦᠢᠯᠡ ᠠᠵᠢᠯᠯᠠᠭ᠎ᠠ ᠨᠢ ᠬᠥᠮᠦᠰ ᠢ ᠤᠷᠮᠠᠰᠢᠭᠤᠯᠤᠨ ᠵᠣᠷᠢᠭᠵᠢᠭᠤᠯᠵᠤ᠂ ᠲᠤᠬᠠᠢ ᠶᠢᠨ ᠲᠠᠯᠠᠪᠠᠢ ᠳᠤ ᠪᠠᠶᠢᠨ ᠪᠠᠶᠢᠨ ᠠᠯᠠᠭ᠎ᠠ ᠲᠠᠰᠢᠯᠳᠠ ᠶᠢᠨ ᠲᠠᠭᠤᠨ ᠨᠢᠵᠢᠭᠢᠨᠡᠵᠦ ᠪᠠᠶᠢᠯ᠎ᠠ᠃      ᠬᠠᠶᠢᠨᠠᠨ ᠲᠤᠭᠤᠷᠢᠭ ᠤᠨ ᠨᠢᠭᠡᠳᠦᠮᠡᠯ ᠹᠷᠣᠨᠲ ᠤᠨ ᠬᠡᠯᠲᠡᠰ ᠤᠨ ᠠᠵᠢᠯᠲᠠᠨ ᠵᠠᠩ ᠵᠢᠩ ᠰᠤᠷᠪᠤᠯᠵᠢᠯᠠᠭᠴᠢ ᠳᠤ ᠬᠡᠯᠡᠭᠰᠡᠨ ᠨᠢ᠄ ︽ᠪᠢᠳᠡ ᠦᠨᠳᠦᠰᠦᠲᠡᠨ ᠤ ᠪᠦᠯᠬᠦᠮᠳᠡᠯ ᠢ ᠦᠪᠡᠷ ᠨᠢᠳᠦ ᠰᠢᠭ ᠬᠠᠶᠢᠷᠠᠯᠠᠵᠤ᠂ ᠦᠨᠳᠦᠰᠦᠲᠡᠨ ᠤ ᠪᠦᠯᠬᠦᠮᠳᠡᠯ ᠢ ᠥᠪᠡᠷ ᠤᠨ ᠠᠮᠢ ᠨᠠᠰᠤ ᠪᠠᠨ ᠰᠢᠭ᠋ ᠨᠠᠨᠳᠢᠩᠨᠠᠬᠤ ᠬᠡᠷᠡᠭᠲᠡᠢ᠃ ᠥᠨᠥᠳᠦᠷ ᠪᠢ ᠡᠯ᠎ᠡ ᠵᠦᠢᠯ ᠤᠨ ᠦᠨᠳᠦᠰᠦᠲᠡᠨ ᠤ ᠪᠦᠯᠬᠦᠮᠳᠡᠯ ᠤᠨ ᠦᠢᠯᠡ ᠠᠵᠢᠯᠯᠠᠭ᠎ᠠ ᠶᠢ ᠰᠣᠨᠣᠰᠤᠭᠠᠳ ᠶᠡᠬᠡᠳᠡ ᠰᠡᠳᠬᠢᠯ ᠬᠥᠳᠡᠯᠪᠡ᠂ ᠦᠨᠳᠦᠰᠦᠨ ᠱᠠᠲᠤᠨ ᠤ ᠨᠢᠭᠡᠳᠦᠮᠡᠯ ᠹᠷᠣᠨᠲ ᠤᠨ ᠠᠵᠢᠯᠲᠠᠨ ᠪᠣᠯᠤᠭᠰᠠᠨ ᠤ ᠬᠤᠪᠢ ᠳᠤ᠂ ᠬᠤᠶᠢᠰᠢᠳᠠ ᠪᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ ᠦᠨᠳᠦᠰᠦᠲᠡᠨ ᠤ ᠪᠦᠯᠬᠦᠮᠳᠡᠯ ᠤᠨ ᠭᠤᠣᠯ ᠬᠥᠭ ᠠᠶᠠᠰ ᠢ ᠢᠳᠡᠪᠬᠢᠲᠡᠶ ᠪᠠᠷ ᠴᠤᠤᠷᠢᠶᠠᠲᠤᠭᠤᠯᠵᠤ᠂ ᠦᠨᠳᠦᠰᠦᠲᠡᠨ ᠤ ᠪᠦᠯᠬᠦᠮᠳᠡᠯ ᠤᠨ ᠢᠳᠡᠪᠬᠢ ᠬᠦᠴᠦᠨ ᠢ ᠤᠯᠠᠮᠵᠢᠯᠠᠵᠤ᠂ ᠳᠡᠷᠭᠡᠳᠡᠬᠢ ᠬᠥᠮᠦᠰ ᠢᠶᠠᠨ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠲᠦᠯᠬᠢᠨ ᠠᠬᠢᠭᠤᠯᠬᠤ ᠦᠢᠯᠡᠳᠦᠯᠭᠡ ᠳᠤ ᠤᠬᠠᠮᠰᠠᠷ ᠠᠴᠠ ᠪᠠᠨ ᠣᠷᠣᠯᠴᠠᠭᠤᠯᠬᠤ ᠪᠣᠯᠤᠨ᠎ᠠ︾ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号