ᠦᠬᠠᠶ ᠬᠤᠲᠠ ᠶᠢᠨ ︽ᠭᠡᠷᠡᠴᠢᠯᠡᠯ ᠥᠬᠡᠶ ᠬᠤᠲᠠ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠲᠥᠰᠦᠯ
ᠨᠡᠶᠢᠲᠡᠯᠡᠭᠰᠡᠨ ᠴᠠᠭ᠄
2021/8/26
          ᠦᠬᠠᠶ ᠵᠠᠰᠠᠭ ᠠᠯᠪᠠᠨ ᠲᠠᠷᠬᠠᠭᠠᠭᠰᠠᠨ︹2021︺14  ᠳ᠋ᠣᠭᠡᠷ ᠲᠣᠭᠠᠲᠤ       ︽ᠦᠬᠠᠶ ᠬᠤᠲᠠ ᠶᠢᠨ ︿ᠭᠡᠷᠡᠴᠢᠯᠡᠯ ᠥᠬᠡᠶ ᠬᠤᠲᠠ﹀ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ        ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠦᠬᠠᠶ ᠬᠤᠲᠠ ᠶᠢᠨ ︿ᠭᠡᠷᠡᠴᠢᠯᠡᠯ ᠥᠬᠡᠶ ᠬᠤᠲᠠ﹀ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠲᠥᠰᠦᠯ︾ ᠢ ᠨᠢᠭᠡᠨᠲᠡ ᠬᠤᠲᠠ ᠶᠢᠨ ᠵᠠᠰᠠᠭ ᠤᠨ ᠣᠷᠳᠣᠨ ᠤ 2021 ᠣᠨ ᠤ 10 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠬᠢᠨᠠᠨ ᠵᠦᠪᠯᠡᠵᠦ ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ ᠲᠡᠷᠬᠠᠭᠠᠪᠠ᠂ ᠬᠢᠨᠠᠮᠠᠭᠠᠶ ᠰᠠᠶᠢᠲᠤᠷ ᠠᠳᠬᠤᠵᠦ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃                      2021 ᠣᠨ ᠤ 6 ᠰᠠᠷ᠎ᠠ ᠶᠢᠨ 21ᠦᠬᠠᠶ ᠬᠤᠲᠠ ᠶᠢᠨ ︽ᠭᠡᠷᠡᠴᠢᠯᠡᠯ ᠥᠬᠡᠶ ᠬᠤᠲᠠ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠲᠥᠰᠦᠯ        ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠬᠡᠷᠡᠴᠢᠯᠡᠯ ᠢ ᠬᠠᠰᠤᠵᠤ ᠠᠷᠠᠳ ᠲᠤ ᠳᠥᠭᠦᠮ ᠦᠵᠡᠭᠦᠯᠬᠦ︾ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 722 ᠳ᠋ᠤᠭᠠᠷ ᠲᠣᠭᠠᠲᠤ︶ ︽ᠬᠡᠷᠡᠴᠢᠯᠡᠯ ᠤᠨ ᠵᠦᠢᠯᠡᠰ ᠢ ᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ︹2018︺47 ᠳ᠋ᠤᠭᠠᠷ ᠲᠣᠭᠠᠲᠤ︶ ᠪᠠ ︽ᠬᠡᠷᠡᠴᠢᠯᠡᠯ ᠤᠨ ᠵᠦᠢᠯᠡᠰ ᠪᠠ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠤᠨ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ︹2020︺42 ᠳ᠋ᠤᠭᠠᠷ ᠲᠣᠭᠠᠲᠤ︶ ᠢ ᠦᠨᠳᠦᠰᠦᠯᠡᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠮᠠᠨ ᠤ ᠬᠤᠲᠠ ᠶᠢᠨ ᠠᠵᠤ ᠠᠬᠤᠶᠢᠯᠠᠯ ᠪᠠ ᠣᠯᠠᠨ ᠲᠦᠮᠡᠨ ᠤ ᠭᠦᠢᠴᠡᠳᠬᠡᠬᠦ ᠦᠨᠡᠮᠯᠡᠯ ᠣᠯᠠᠨ᠂ ᠤᠴᠢᠷ ᠶᠠᠪᠤᠳᠠᠯ ᠪᠦᠲᠦᠭᠡᠬᠦ ᠳᠤ ᠬᠦᠴᠢᠷ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠤᠴᠢᠷ ᠶᠠᠪᠤᠳᠠᠯ ᠪᠦᠲᠦᠭᠡᠬᠦ ᠳᠤ ᠳᠥᠭᠦᠮ ᠦᠵᠡᠭᠦᠯᠬᠦ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠮᠠᠨ ᠤ ᠬᠤᠲᠠ ᠶᠢᠨ ︽ᠬᠡᠷᠡᠴᠢᠯᠡᠯ ᠦᠭᠡᠢ ᠬᠤᠲᠠ︾ ᠶᠢ ᠡᠭᠦᠳᠦᠨ ᠪᠠᠶᠢᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠦᠯᠦᠭᠡ᠂ ᠲᠤᠰ ᠲᠥᠰᠦᠯ ᠢ ᠲᠣᠭᠲᠠᠭᠠᠪᠠ᠃     ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠬᠠᠮᠤᠭ ᠤᠯᠠᠨ ᠳᠠᠭᠠᠨ ᠨᠢᠭᠡ ᠤᠳᠠᠭ᠎ᠠ ᠬᠦᠶᠦᠯᠭᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠬᠡᠷᠡᠴᠢᠯᠡᠯ ᠢ ᠪᠠᠭᠠᠰᠬᠠᠵᠤ ᠠᠷᠠᠳ ᠲᠤ ᠲᠦᠬᠦᠮ ᠦᠵᠡᠭᠦᠯᠬᠦ︾︽ᠬᠡᠷᠡᠴᠢᠯᠡᠯ ᠦᠭᠡᠢ ᠪᠠᠷ ᠠᠷᠠᠳ ᠲᠤ ᠠᠰᠢᠭ ᠬᠦᠷᠲᠡᠭᠡᠬᠦ︾ ᠶᠢ ᠠᠬᠢᠭᠤᠯᠬᠤ᠂ ︽ᠭᠡᠷᠡᠴᠢᠯᠡᠯ ᠦᠭᠡᠢ ᠬᠤᠳᠠ︾ ᠶᠢ ᠡᠭᠦᠳᠦᠨ ᠪᠠᠶᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠳᠥᠭᠦᠮ ᠳᠥᠲᠡ ᠥᠨᠳᠥᠷ ᠪᠦᠲᠦᠮᠵᠢᠲᠡᠢ᠂ ᠡᠷᠬᠡ ᠲᠡᠭᠰᠢ ᠪᠠᠷ ᠦᠷᠢᠰᠦᠯᠳᠦᠬᠦ᠂ ᠲᠣᠭᠲᠠᠭᠤᠨ ᠪᠥᠭᠡᠳ ᠢᠯᠡ ᠲᠣᠳᠣ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠠᠯᠬᠤᠮ ᠠᠯᠬᠤᠮ ᠢᠶᠠᠷ ᠪᠤᠢ ᠪᠣᠯᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠣᠷᠴᠢᠨ ᠲᠣᠭᠤᠷᠢᠨ ᠢ ᠡᠭᠦᠳᠴᠦ᠂ ᠨᠡᠩ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠮᠠᠨ ᠤ ᠬᠤᠲᠠ ᠶᠢᠨ ᠡᠭᠦᠳᠦᠨ ᠪᠠᠶᠢᠭᠤᠯᠬᠤ ᠬᠡᠵᠦ ᠪᠠᠶᠢᠭ᠎ᠠ ︽ᠬᠡᠷᠡᠴᠢᠯᠡᠯ ᠥᠬᠡᠶ ᠬᠤᠲᠠ︾ ᠶᠢᠨ ︽ᠬᠡᠷᠡᠴᠢᠯᠡᠯ ᠦᠭᠡᠢ︾ ᠭᠡᠳᠡᠭ ᠨᠢ ︽ᠭᠡᠷᠡᠴᠢ ᠬᠡᠷᠡᠭᠰᠡᠬᠦ ᠥᠬᠡᠶ︾ ᠪᠤᠶᠤ ᠭᠡᠷᠡᠴᠢᠯᠡᠬᠦ ᠴᠢᠬᠤᠯᠠ ᠥᠬᠡᠶ ᠭᠡᠰᠡᠨ ᠶᠠᠪᠤᠳᠠᠯ ᠪᠢᠰᠢ᠂ ᠠᠵᠤ ᠠᠬᠤᠶᠢᠯᠠᠯ ᠪᠠ ᠣᠯᠠᠨ ᠲᠦᠮᠡᠨ ᠵᠠᠰᠠᠭ ᠤᠨ ᠣᠷᠳᠣᠨ ᠤ ᠪᠠᠶᠢᠭᠤᠯᠭ᠎ᠠ᠂ ᠣᠯᠠᠨ ᠨᠡᠶᠢᠲᠡ ᠶᠢᠨ ᠠᠵᠢᠯ ᠦᠢᠯᠡᠰ ᠤᠨ ᠨᠢᠭᠡᠴᠡ᠂ ᠦᠢᠯᠡᠴᠢᠯᠡᠭᠡᠨ ᠤ ᠪᠠᠶᠢᠭᠤᠯᠤᠮᠵᠢ ᠳᠤ ᠣᠴᠢᠵᠤ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠬᠦᠢᠴᠡᠳᠬᠡᠬᠦ ᠳᠡᠭᠡᠨ᠂ ᠥᠪᠡᠷ ᠢᠶᠠᠨ ᠣᠴᠢᠵᠤ ᠭᠡᠷᠡᠴᠢᠯᠡᠬᠦ ᠮᠠᠲ᠋ᠧᠷᠢᠶᠠᠯ ᠭᠠᠷᠭᠠᠬᠤ ᠴᠢᠬᠤᠯᠠ ᠥᠬᠡᠶ ᠬᠤᠲᠠ ᠶᠢ ᠵᠢᠭᠠᠵᠤ ᠪᠣᠶ᠃      ᠬᠤᠶᠠᠷ᠂ ᠠᠵᠢᠯ ᠤᠨ ᠡᠭᠦᠷᠭᠡ      ᠠᠵᠤ ᠠᠬᠤᠶᠢᠯᠠᠯ ᠪᠠ ᠣᠯᠠᠨ ᠲᠦᠮᠡᠨ ᠤ ᠤᠰᠤ᠂ ᠴᠠᠬᠢᠯᠭᠠᠨ᠂ ᠪᠠᠶᠢᠭᠠᠯᠢ ᠶᠢᠨ ᠰᠢᠲᠠᠮᠠᠬᠠᠶ ᠬᠡᠢ᠂ ᠳᠤᠯᠠᠭᠠᠯᠠᠭ᠎ᠠ᠂ ᠴᠢᠮᠡᠭᠡ ᠬᠤᠯᠪᠣᠭᠠᠨ ᠤ ᠡᠵᠡᠩᠨᠡᠯᠲᠡ᠂ ᠤᠲᠠᠰᠤᠲᠤ ᠲᠧᠯᠸᠢᠰ᠂ ᠰᠤᠷᠭᠠᠨ ᠬᠥᠮᠦᠵᠢᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠱᠠᠭᠠᠷᠳᠠᠯᠭ᠎ᠠ ᠳᠤ ᠬᠠᠩᠭᠠᠭᠰᠠᠨ ᠭᠡᠷᠡᠴᠢ ᠮᠠᠲ᠋ᠧᠷᠢᠶᠠᠯ ᠤᠨ ᠨᠠᠷᠢᠨ ᠳᠠᠩᠰᠠ ᠶᠢ ᠪᠦᠬᠦ ᠲᠠᠯ᠎ᠠ ᠪᠠᠷ ᠢᠯᠭᠠᠷᠠᠭᠤᠯᠤᠨ ᠳᠢᠭᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠪᠦᠲᠦᠭᠡᠵᠦ ᠠᠳᠠᠯ ᠦᠢᠯᠡᠰ ᠴᠣᠭᠴᠠᠯᠠᠬᠤ ᠳᠤ ᠲᠥᠬᠦᠮ ᠦᠵᠡᠭᠦᠯᠬᠦ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠬᠦᠢᠴᠡᠳᠬᠡᠬᠦ ᠶᠢᠨ ︽ᠬᠦᠴᠢᠷ ᠠᠰᠠᠭᠤᠳᠠᠯ᠂ ᠪᠡᠷᠬᠡ ᠠᠰᠠᠭᠤᠳᠠᠯ᠂ ᠡᠪᠡᠷᠰᠢᠶᠡᠯ ᠲᠠᠢ ᠠᠰᠠᠭᠤᠳᠠᠯ︾ ᠳᠤ ᠠᠩᠬᠠᠷᠤᠯ ᠢᠶᠠᠨ ᠲᠥᠪᠯᠡᠷᠡᠭᠦᠯᠦᠨ᠂ 2021 ᠣᠨ ᠤ 8 ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠬᠠᠴᠢᠨ ᠵᠢᠭᠲᠡᠶ︾ ᠭᠡᠷᠡᠴᠢᠯᠡᠯ᠂ ᠣᠷᠴᠢᠯ ᠭᠡᠷᠡᠴᠢᠯᠡᠯ᠂ ᠳᠠᠪᠬᠤᠷᠳᠠᠭᠰᠠᠨ ᠭᠡᠷᠡᠴᠢᠯᠡᠯ ᠵᠡᠷᠭᠡ ᠡᠯ᠎ᠡ ᠲᠥᠷᠥᠯ ᠤᠨ ᠬᠡᠷᠡᠭ ᠥᠬᠡᠶ ᠭᠡᠷᠡᠴᠢᠯᠡᠯ ᠢ ᠪᠥᠬᠦ ᠲᠠᠯ᠎ᠠ ᠪᠠᠷ ᠦᠭᠡᠶᠢᠰᠬᠡᠵᠦ᠂ ᠭᠡᠷᠡᠴᠢᠯᠡᠬᠦ ᠮᠠᠲ᠋ᠧᠷᠢᠶᠠᠯ ᠬᠡᠲᠦ ᠣᠯᠠᠨ ᠬᠡᠲᠦ ᠡᠷᠦᠶ ᠬᠤᠷᠤᠶ ᠥᠬᠡᠶ ᠪᠠᠶᠢᠬᠤ ᠵᠡᠷᠭᠡ ᠲᠣᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ 2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠢᠯᠭᠠᠷᠠᠭᠤᠯᠤᠨ ᠳᠢᠭᠯᠡᠵᠦ ᠬᠦᠴᠦᠨ ᠥᠬᠡᠶ ᠪᠣᠯᠭᠠᠬᠤ᠂ ᠠᠮᠠᠯᠠᠯᠲᠠ ᠪᠠᠨ ᠮᠡᠳᠡᠭᠳᠡᠬᠦ᠂ ᠲᠤᠭ᠎ᠠ ᠪᠠᠷᠢᠮᠲᠠ ᠶᠢ ᠴᠤᠭᠯᠠᠭᠤᠯᠤᠨ ᠬᠠᠮᠲᠤ ᠪᠠᠷ ᠡᠳ᠋ᠯᠡᠬᠦ᠂ ᠰᠠᠯᠠᠭ᠎ᠠ ᠮᠥᠴᠢᠷ ᠤᠨ ᠳᠣᠲᠣᠭᠠᠳᠤ ᠳᠠᠭᠠᠨ ᠬᠠᠷᠭᠤᠭᠤᠯᠤᠨ ᠪᠠᠶᠢᠴᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠬᠦᠢᠴᠡᠳᠬᠡᠬᠦ ᠳᠡᠭᠡᠨ᠂ ᠥᠪᠡᠷ ᠢᠶᠠᠨ ᠣᠴᠢᠵᠤ ᠭᠡᠷᠡᠴᠢᠯᠡᠬᠦ ᠮᠠᠲ᠋ᠧᠷᠢᠶᠠᠯ ᠭᠠᠷᠭᠠᠬᠤ ᠴᠢᠬᠤᠯᠠ ᠥᠬᠡᠶ ᠪᠣᠯᠭᠠᠵᠤ᠂ ︽ᠬᠡᠷᠡᠴᠢᠯᠡᠯ ᠢ ᠪᠠᠭᠠᠰᠬᠠᠵᠤ ᠠᠷᠠᠳ ᠲᠤ ᠲᠦᠬᠦᠮ ᠦᠵᠡᠭᠦᠯᠬᠦ︾ ᠪᠠᠶᠢᠭᠰᠠᠨ ᠠᠴᠠ ︽ᠬᠡᠷᠡᠴᠢᠯᠡᠯ ᠦᠭᠡᠢ ᠪᠠᠷ ᠠᠷᠠᠳ ᠲᠤ ᠠᠰᠢᠭ ᠬᠦᠷᠲᠡᠭᠡᠬᠦ︾ ᠳᠠᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃     ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ      ︵ᠨᠢᠭᠡ︶ ᠡᠮᠬᠢᠯᠡᠨ ᠨᠡᠶᠢᠲᠡᠯᠡᠬᠦ ᠱᠠᠲᠤ ᠦᠶ᠎ᠡ ︵2021 ᠣᠨ ᠤ 7 ᠰᠠᠷ᠎ᠠ ᠶᠢᠨ 1 ᠤ ᠡᠳᠦᠷ — 7 ᠰᠠᠷ᠎ᠠ ᠶᠢᠨ 31 ᠤ ᠡᠳᠦᠷ︶      ᠨᠢᠭᠡ ᠳᠤ᠂ ᠰᠠᠯᠠᠭ᠎ᠠ ᠮᠥᠴᠢᠷ ᠤᠳ ᠭᠡᠷᠡᠴᠢᠯᠡᠬᠦ ᠵᠦᠢᠯᠡᠰ ᠢ ᠥᠪᠡᠰᠦᠪᠡᠨ ᠪᠠᠶᠢᠴᠠᠭᠠᠵᠤ᠂ ᠡᠮᠬᠢᠯᠡᠨ ᠳᠢᠭᠯᠡᠬᠦ ᠶᠢᠨ ᠬᠠᠮᠲᠤ ᠬᠦᠴᠦᠨ ᠥᠬᠡᠶ ᠪᠣᠯᠭᠠᠬᠤ ᠪᠤᠶᠤ ᠦᠯᠡᠳᠡᠭᠡᠬᠦ ᠰᠠᠨᠠᠯ ᠢᠶᠠᠨ ᠳᠤᠷᠠᠳᠤᠨ᠎ᠠ᠃ ᠬᠤᠶᠠᠷ ᠲᠤ᠂ ᠬᠢᠨᠠᠨ ᠬᠠᠷᠭᠤᠭᠤᠯᠵᠤ ᠨᠤᠲᠠᠯᠠᠬᠤ ᠠᠵᠢᠯ ᠢ ᠵᠣᠬᠢᠶᠠᠨ ᠪᠠᠶᠢᠭᠤᠯᠵᠤ᠂ ᠬᠦᠴᠦᠨ ᠥᠬᠡᠶ ᠪᠣᠯᠭᠠᠬᠤ ᠪᠠ ᠦᠯᠡᠳᠡᠭᠡᠬᠦ ᠵᠦᠢᠯᠡᠰ ᠢ ᠲᠣᠭᠲᠠᠭᠠᠨ᠎ᠠ᠃ ᠭᠤᠷᠪᠠ ᠳᠤ᠂ ᠡᠮᠬᠢᠯᠡᠨ ᠳᠢᠭᠯᠡᠭᠰᠡᠨ ᠦᠷ᠎ᠡ ᠳ᠋ᠦᠩ ᠢᠶᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃      1. ᠰᠠᠯᠠᠭ᠎ᠠ ᠮᠥᠴᠢᠷ ᠤᠳ ᠥᠪᠡᠷ ᠢᠶᠠᠨ ᠪᠠᠶᠢᠴᠠᠭᠠᠵᠤ ᠡᠮᠬᠢᠯᠡᠨ᠎ᠡ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠲᠡᠭᠦᠨ ᠤ ᠬᠡᠷᠡᠭᠵᠢᠭᠦᠯᠵᠦ ᠪᠠᠶᠢᠭ᠎ᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠭᠤᠶᠤᠴᠢᠯᠠᠬᠤ ᠳᠤ ᠭᠤᠶᠤᠴᠢᠯᠠᠭᠴᠢ ᠶᠢᠨ ᠥᠪᠡᠷ ᠤᠨ ᠪᠡᠶ᠎ᠡ ᠳᠤᠨᠢ ᠪᠠᠶᠢᠬᠤ ᠥᠬᠡᠶ᠂ ᠬᠤᠯᠪᠤᠭᠳᠠᠯ ᠪᠥᠬᠦᠶ ᠰᠠᠯᠠᠭ᠎ᠠ ᠮᠥᠴᠢᠷ ᠠᠴᠠ ᠭᠠᠷᠭᠠᠵᠤ ᠥᠭᠭᠦᠭᠰᠡᠨ᠂ ᠣᠨᠴᠠ ᠲᠣᠭᠲᠠᠭᠰᠠᠨ ᠵᠦᠢᠯᠡᠰ ᠲᠤ ᠴᠢᠭᠯᠡᠭᠦᠯᠦᠨ ᠭᠡᠷᠡᠴᠢ ᠳᠤᠷᠠᠳᠬᠤ ᠠᠴᠢ ᠬᠤᠯᠪᠣᠭᠳᠠᠯ ᠲᠠᠢ ᠭᠡᠷᠡᠴᠢ ᠳᠤᠷᠠᠳᠬᠤ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠬᠦᠴᠦᠨ ᠥᠬᠡᠶ ᠪᠣᠯᠭᠠᠬᠤ ᠪᠤᠶᠤ ᠦᠯᠡᠳᠡᠭᠡᠬᠦ ᠰᠠᠨᠠᠯ ᠳᠤᠷᠠᠳᠴᠤ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠪᠤᠶᠤ ᠦᠢᠯᠡᠴᠢᠯᠡᠬᠦ ᠡᠲᠡᠭᠡᠳ ᠢᠶᠠᠷ ᠬᠠᠩᠭᠠᠯᠭᠠᠬᠤ ᠪᠠᠷ ᠱᠠᠭᠠᠷᠳᠠᠭᠰᠠᠨ ᠭᠡᠷᠡᠴᠢᠯᠡᠬᠦ ᠮᠠᠲ᠋ᠧᠷᠢᠶᠠᠯ ᠢ ᠪᠤᠢ ᠪᠤᠯᠭᠠᠵᠤ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ᠎ᠡ᠃      ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠪᠦᠷᠢᠯᠳᠦᠬᠦᠨ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ      ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 7 ᠰᠠᠷ᠎ᠠ ᠶᠢᠨ 10 ᠤ ᠡᠳᠦᠷ ᠠᠴᠠ ᠡᠮᠦᠨ᠎ᠡ      2. ᠬᠢᠨᠠᠨ ᠬᠠᠷᠭᠤᠭᠤᠯᠵᠤ ᠨᠤᠲᠠᠯᠠᠬᠤ ᠶᠢ ᠵᠤᠬᠢᠶᠠᠨ ᠪᠠᠶᠢᠭᠤᠯᠤᠨ᠎ᠠ᠃ ᠬᠢᠨᠠᠨ ᠬᠠᠷᠭᠤᠭᠤᠯᠵᠤ ᠨᠤᠲᠠᠯᠠᠬᠤ ᠬᠤᠷᠠᠯ ᠢ ᠵᠣᠬᠢᠶᠠᠨ ᠪᠠᠶᠢᠭᠤᠯᠵᠤ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠮᠡᠳᠡᠭᠦᠯᠦᠨ ᠬᠦᠷᠭᠡᠭᠰᠡᠨ ᠢᠯᠭᠠᠷᠠᠭᠤᠯᠤᠨ ᠳᠢᠭᠯᠡᠵᠦ ᠭᠡᠷᠡᠴᠢᠯᠡᠬᠦ ᠵᠦᠢᠯᠡᠰ ᠲᠤ ᠵᠦᠢᠯ ᠳᠠᠷᠠᠭᠠᠯᠠᠨ ᠰᠤᠳᠤᠯᠤᠯᠲᠠ ᠬᠢᠵᠦ᠂ ᠬᠢᠨᠠᠨ ᠬᠠᠷᠭᠤᠭᠤᠯᠵᠤ ᠨᠤᠲᠠᠯᠠᠬᠤ ᠰᠠᠨᠠᠯ ᠬᠦᠢᠴᠡᠳ ᠳᠤᠷᠠᠳᠤᠨ ᠭᠠᠷᠭᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠭᠡᠷᠡᠴᠢᠯᠡᠬᠦ ᠵᠦᠢᠯᠡᠰ ᠤᠨ ᠲᠤᠲᠤᠷᠬᠠᠢ ᠬᠠᠭᠤᠳᠠᠰᠤ ᠶᠢ ᠪᠤᠢ ᠪᠤᠯᠭᠠᠬᠤ ᠭᠡᠷᠡᠭᠳᠡᠢ᠃ ᠲᠤᠲᠤᠷᠬᠠᠢ ᠬᠠᠭᠤᠳᠠᠰᠤᠨ ᠳᠤ ᠭᠤᠶᠤᠴᠢᠯᠠᠭᠴᠢ ᠶᠢᠨ ᠭᠡᠷᠡᠴᠢᠯᠡᠬᠦ ᠮᠠᠲ᠋ᠧᠷᠢᠶᠠᠯ ᠲᠤᠰᠢᠶᠠᠬᠤ ᠴᠢᠬᠤᠯᠠ ᠦᠭᠡᠢ ᠠᠷᠭ᠎ᠠ ᠬᠡᠮᠵᠢᠶ᠎ᠡ ᠪᠠᠨ ᠲᠣᠳᠣᠷᠬᠠᠶ ᠲᠣᠳᠣᠷᠬᠠᠶᠢᠯᠠᠭᠰᠠᠨ ᠪᠠᠶᠢᠬᠤ ᠬᠡᠷᠡᠭᠲᠡᠶ᠃      ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 7 ᠰᠠᠷ᠎ᠠ ᠶᠢᠨ 20 ᠤ ᠡᠳᠦᠷ ᠠᠴᠠ ᠡᠮᠦᠨ᠎ᠡ      3. ᠡᠮᠬᠢᠯᠡᠨ ᠳᠢᠭᠯᠡᠭᠰᠡᠨ ᠦᠷ᠎ᠡ ᠳ᠋ᠦᠩ ᠢᠶᠠᠨ ᠨᠡᠶᠢᠲᠡᠯᠡᠨ᠎ᠡ᠃ ᠬᠢᠨᠠᠨ ᠬᠠᠷᠭᠤᠭᠤᠯᠵᠤ ᠨᠤᠲᠠᠯᠠᠭᠰᠠᠨ ᠤ ᠳᠠᠷᠠᠭ᠎ᠠ ᠪᠣᠶ ᠪᠣᠯᠤᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠭᠡᠷᠡᠴᠢᠯᠡᠬᠦ ᠵᠦᠢᠯᠡᠰ ᠤᠨ ᠲᠤᠲᠤᠷᠬᠠᠢ ᠬᠠᠭᠤᠳᠠᠰᠤ ᠶᠢ ᠠᠯᠪᠠᠨ ᠤ ᠰᠦᠯᠵᠢᠶ᠎ᠡ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠭᠥᠯᠢᠶᠡᠨ ᠠᠪᠴᠤ᠂ ᠵᠦᠶ ᠵᠣᠬᠢᠰᠲᠠᠶ ᠰᠠᠨᠠᠯ ᠰᠠᠨᠠᠭᠤᠯᠭ᠎ᠠ ᠶᠢ ᠭᠥᠯᠢᠶᠡᠨ ᠠᠪᠤᠭᠰᠠᠨ ᠤ ᠳᠠᠷᠠᠭ᠎ᠠ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠲᠤ ᠳᠠᠷᠤᠮᠠᠯᠯᠠᠨ ᠲᠠᠷᠬᠠᠭᠠᠨ᠎ᠠ᠃      ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ      ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 7 ᠰᠠᠷ᠎ᠠ ᠶᠢᠨ 31 ᠤ ᠡᠳᠦᠷ ᠠᠴᠠ ᠡᠮᠦᠨ᠎ᠡ      ︵ᠬᠤᠶᠠᠷ︶ ᠲᠥᠷᠥᠯ ᠬᠤᠪᠢᠶᠠᠨ ᠬᠡᠷᠡᠭᠵᠢᠭᠦᠯᠬᠦ ᠱᠠᠲᠤ ᠦᠶ᠎ᠡ ︵2021 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠨ᠎ᠡ︶      ᠣᠯᠠᠨ ᠨᠡᠶᠢᠲᠡ ᠶᠢᠨ ᠦᠢᠯᠡᠴᠢᠯᠡᠭᠡᠨ ᠤ ᠭᠡᠷᠡᠴᠢᠯᠡᠬᠦ ᠵᠦᠢᠯᠡᠰ ᠤᠨ ᠲᠣᠳᠣᠷᠬᠠᠶ ᠬᠠᠭᠤᠳᠠᠰᠤᠨ ᠳᠤ ᠵᠢᠭᠰᠠᠭᠠᠨ ᠣᠷᠣᠭᠤᠯᠤᠭᠰᠠᠨ ᠵᠦᠢᠯᠡᠰ ᠲᠤ᠂ ᠨᠢᠭᠡ ᠳᠤ ᠢᠯᠭᠠᠷᠠᠭᠤᠯᠤᠨ ᠳᠢᠭᠯᠡᠵᠦ ᠬᠦᠴᠦᠨ ᠥᠬᠡᠶ ᠪᠣᠯᠭᠠᠬᠤ ᠠᠷᠭ᠎ᠠ ᠶᠢ ᠠᠪᠴᠤ᠂ ᠨᠢᠭᠡ ᠪᠦᠯᠦᠭ ᠬᠡᠷᠡᠴᠢᠯᠡᠯ ᠢ ᠬᠦᠴᠦᠨ ᠥᠬᠡᠶ ᠪᠣᠯᠭᠠᠨ᠎ᠠ᠃ ᠬᠤᠶᠠᠷ ᠲᠤ ᠠᠮᠠᠯᠠᠯᠲᠠ ᠪᠠᠨ ᠮᠡᠳᠡᠭᠳᠡᠬᠦ᠂ ᠲᠤᠭ᠎ᠠ ᠪᠠᠷᠢᠮᠲᠠ ᠶᠢ ᠴᠤᠭᠯᠠᠭᠤᠯᠤᠨ ᠬᠠᠮᠲᠤ ᠪᠠᠷ ᠡᠳ᠋ᠯᠡᠬᠦ᠂ ᠰᠠᠯᠠᠭ᠎ᠠ ᠮᠥᠴᠢᠷ ᠤᠨ ᠳᠣᠲᠣᠭᠠᠳᠤ ᠳᠠᠭᠠᠨ ᠬᠠᠷᠭᠤᠭᠤᠯᠤᠨ ᠪᠠᠶᠢᠴᠠᠭᠠᠬᠤ ᠭᠤᠷᠪᠠᠨ ᠠᠷᠭ᠎ᠠ ᠬᠡᠮᠵᠢᠶ᠎ᠡ ᠠᠪᠴᠤ᠂ ᠨᠢᠭᠡ ᠪᠦᠯᠦᠭ ᠢ ︽ᠭᠡᠷᠡᠴᠢᠯᠡᠯ ᠥᠬᠡᠶ︾ ᠪᠠᠷ ᠰᠢᠢᠳᠪᠦᠷᠢᠯᠡᠨ᠎ᠡ᠃      1. ᠢᠯᠭᠠᠷᠠᠭᠤᠯᠤᠨ ᠳᠢᠭᠯᠡᠵᠦ ᠬᠦᠴᠦᠨ ᠥᠬᠡᠶ ᠪᠣᠯᠭᠠᠬᠤ ᠠᠷᠭ᠎ᠠ ᠶᠢ ᠠᠪᠴᠤ᠂ ᠨᠢᠭᠡ ᠪᠦᠯᠦᠭ ᠬᠡᠷᠡᠴᠢᠯᠡᠯ ᠢ ᠬᠦᠴᠦᠨ ᠥᠬᠡᠶ ᠪᠣᠯᠭᠠᠨ᠎ᠠ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠦᠢᠯᠡᠴᠢᠯᠡᠭᠡᠨ ᠤ ᠭᠡᠷᠡᠴᠢᠯᠡᠬᠦ ᠵᠦᠢᠯᠡᠰ ᠤᠨ ᠲᠤᠲᠤᠷᠬᠠᠢ ᠬᠠᠭᠤᠳᠠᠰᠣᠨ ᠳᠤ ᠲᠣᠳᠣᠷᠬᠠᠶᠢᠯᠠᠭᠰᠠᠨ ᠬᠦᠴᠦᠨ ᠥᠬᠡᠶ ᠪᠣᠯᠭᠠᠬᠤ ᠵᠦᠢᠯᠡᠰ ᠢ ᠲᠣᠭᠲᠠᠭᠠᠭᠰᠠᠨ ᠤ ᠳᠠᠷᠠᠭ᠎ᠠ᠂ ᠬᠦᠴᠦᠨ ᠥᠬᠡᠶ ᠪᠣᠯᠭᠠᠬᠤ ᠭᠠᠷᠴᠠᠭ ᠢ ᠨᠡᠶᠢᠭᠡᠮ ᠨᠡᠶᠢᠲᠡ ᠳᠤ ᠨᠡᠶᠢᠲᠡᠯᠡᠨ᠎ᠡ᠃      ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ      ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 8 ᠰᠠᠷ᠎ᠠ ᠶᠢᠨ 31 ᠤ ᠡᠳᠦᠷ ᠠᠴᠠ ᠡᠮᠦᠨ᠎ᠡ      2.ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠨᠢᠭᠡ ᠪᠦᠯᠦᠭ ᠢ ︽ᠬᠡᠷᠡᠴᠢ ᠦᠬᠡᠢ︾ ᠪᠠᠷ ᠰᠢᠢᠳᠪᠦᠷᠢᠯᠡᠨ᠎ᠡ      ︵1︶ ᠮᠡᠳᠡᠭᠳᠡᠬᠦ ᠠᠮᠠᠯᠠᠯᠲᠠ ᠪᠠᠨ ᠨᠠᠶᠢᠳᠠᠪᠤᠷᠢᠵᠢᠭᠤᠯᠤᠨ᠎ᠠ᠃ ︽ᠦᠬᠠᠶ ᠬᠤᠲᠠ ᠶᠢᠨ ᠬᠠᠤᠯᠢ ᠴᠠᠭᠠᠵᠠ ᠶᠢᠨ ᠲᠤᠪᠴᠢᠶᠠᠨ ᠤ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠤᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ ᠤᠨ ᠲᠤᠬᠠᠶ ᠮᠡᠳᠡᠭᠳᠡᠯ︾ ︵ᠦᠬᠠᠢ ᠬᠠᠤᠯᠢ ᠮᠡᠳᠡᠭᠳᠡᠯ︹2020︺47 ᠳ᠋ᠤᠭᠠᠷ ᠲᠣᠭᠠᠲᠤ︶ ᠪᠠ ︽ᠦᠬᠠᠶ ᠬᠤᠲᠠ ᠶᠢᠨ ᠬᠠᠤᠯᠢ ᠴᠠᠭᠠᠵᠠ ᠶᠢᠨ ᠲᠤᠪᠴᠢᠶᠠᠨ ᠤ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠦᠬᠠᠢ ᠬᠠᠤᠯᠢ ᠮᠡᠳᠡᠭᠳᠡᠯ︹2021︺8 ᠳ᠋ᠤᠭᠠᠷ ᠲᠣᠭᠠᠲᠤ︶ ᠶᠣᠰᠣᠭᠠᠷ᠂ ᠬᠡᠷᠡᠭᠵᠢᠭᠦᠯᠬᠦ ᠪᠠᠷ ᠪᠠᠶᠢᠭ᠎ᠠ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠳᠤ ᠵᠢᠭᠰᠠᠭᠠᠨ ᠣᠷᠣᠭᠤᠯᠤᠭᠰᠠᠨ ᠵᠦᠢᠯᠡᠰ ᠢ ᠪᠦᠯᠦᠭ ᠬᠤᠪᠢᠶᠠᠨ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ᠠᠵᠤ ᠠᠬᠤᠶᠢᠯᠠᠯ ᠪᠠ ᠣᠯᠠᠨ ᠲᠦᠮᠡᠨ ᠮᠡᠳᠡᠭᠳᠡᠵᠦ ᠠᠮᠠᠯᠠᠭᠤᠯᠬᠤ ᠲᠦᠷᠢᠮ ᠤᠨ ᠬᠡᠪᠴᠢᠶᠡᠨ ᠳᠤ ᠣᠷᠣᠭᠤᠯᠤᠭᠰᠠᠨ ᠵᠦᠢᠯᠡᠰ ᠢ ᠬᠦᠢᠴᠡᠳᠬᠡᠬᠦ ᠳᠡᠭᠡᠨ᠂ ᠭᠡᠷᠡᠴᠢᠯᠡᠬᠦ ᠮᠠᠲ᠋ᠧᠷᠢᠶᠠᠯ ᠬᠠᠩᠭᠠᠬᠤ ᠪᠤᠶᠤ ᠮᠡᠳᠡᠭᠳᠡᠵᠦ ᠠᠮᠠᠯᠠᠭᠤᠯᠬᠤ ᠪᠢᠴᠢᠭ ᠢ ᠲᠠᠭᠯᠠᠬᠤ ᠶᠢ ᠰᠣᠩᠭᠤᠵᠤ ᠪᠣᠯᠤᠨ᠎ᠠ᠃      ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ ᠶᠢᠨ ᠰᠡᠭᠦᠯᠴᠢ ᠪᠣᠯᠬᠤ ᠳᠤ᠂ ᠬᠡᠷᠡᠭᠵᠢᠭᠦᠯᠬᠦ  ᠪᠠᠷ ᠪᠠᠶᠢᠭ᠎ᠠ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠤᠨ ᠵᠦᠢᠯᠡᠰ ᠤᠨ ᠬᠡᠷᠡᠭᠯᠡᠬᠦ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠦᠨ᠎ᠡ᠃ 2022 ᠣᠨ ᠤ 6 ᠰᠠᠷ᠎ᠠ ᠶᠢᠨ ᠰᠡᠭᠦᠯᠴᠢ ᠪᠣᠯᠬᠤ ᠳᠤ 80% ᠠᠴᠠ ᠳᠡᠭᠡᠭᠰᠢ ᠳᠤ ᠬᠦᠷᠦᠭᠦᠯᠦᠨ᠎ᠡ᠃ 2022 ᠣᠨ ᠤ 12 ᠰᠠᠷ᠎ᠠ ᠶᠢᠨ ᠰᠡᠭᠦᠯᠴᠢ ᠪᠣᠯᠬᠤ ᠳᠤ 100% ᠳᠤ ᠬᠦᠷᠦᠭᠦᠯᠦᠨ᠎ᠡ᠃      ︵2︶ ᠲᠤᠭ᠎ᠠ ᠪᠠᠷᠢᠮᠳᠠ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠲᠤᠭ᠎ᠠ ᠪᠠᠷᠢᠮᠳᠠ ᠶᠢ ᠬᠠᠮᠲᠤᠪᠠᠷ ᠡᠳ᠋ᠯᠡᠬᠦ ᠪᠠᠷᠢᠮᠵᠢᠶᠠᠵᠢᠭᠤᠯᠤᠭᠰᠠᠨ ᠵᠠᠭᠪᠤᠷ ᠢ ᠪᠠᠶᠢᠭᠤᠯᠵᠤ᠂ ᠲᠤᠭ᠎ᠠ ᠪᠠᠷᠢᠮᠳᠠ ᠶᠢᠨ ᠪᠠᠷᠢᠮᠵᠢᠶ᠎ᠠ ᠶᠢ ᠵᠢᠷᠤᠮᠵᠢᠭᠤᠯᠬᠤ ᠶᠢᠨ ᠬᠠᠮᠲᠤ ᠲᠤᠭ᠎ᠠ ᠪᠠᠷᠢᠮᠳᠠ ᠶᠢ ᠴᠤᠭᠯᠠᠭᠤᠯᠬᠤ ᠪᠠᠨ ᠲᠦᠷᠭᠡᠳᠬᠡᠨ᠂ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠬᠢᠭᠡᠳ ᠬᠤᠲᠠ ᠶᠢᠨ ᠬᠠᠮᠲᠤᠪᠠᠷ ᠡᠳ᠋ᠯᠡᠬᠦ ᠰᠣᠯᠢᠯᠴᠠᠭᠠᠨ ᠤ ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠡᠯᠧᠺᠲᠷᠣᠨ ᠲᠠᠮᠠᠭ᠎ᠠ ᠶᠢᠨ ᠬᠡᠷᠡᠭᠯᠡᠯᠲᠡ ᠪᠠᠨ ᠲᠦᠷᠭᠡᠳᠬᠡᠨ᠂ ᠭᠡᠷᠡᠴᠢᠯᠡᠬᠦ ᠮᠠᠲ᠋ᠧᠷᠢᠶᠠᠯ ᠤᠨ ᠲᠤᠭ᠎ᠠ ᠪᠠᠷᠢᠮᠳᠠ ᠶᠢ ᠴᠠᠭ ᠲᠤᠬᠠᠶ ᠳᠤᠨᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃      ᠲᠦᠷᠦᠭᠦᠯᠡᠨ ᠬᠢᠬᠦ ᠨᠢᠭᠡᠴᠡ᠄ ᠬᠤᠲᠠ ᠶᠢᠨ ᠶᠡᠭᠡ ᠳ᠋ᠠᠶᠢᠲ᠋ᠠ ᠶᠢᠨ ᠲᠥᠪ      ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 6 ᠰᠠᠷ᠎ᠠ ᠶᠢᠨ ᠰᠡᠭᠦᠯᠴᠢ ᠪᠣᠯᠬᠤ ᠳᠤ᠂ ᠬᠡᠷᠡᠭᠵᠢᠭᠦᠯᠬᠦ ᠪᠠᠷ ᠪᠠᠶᠢᠭ᠎ᠠ ᠲᠤᠭ᠎ᠠ ᠪᠠᠷᠢᠮᠲᠠ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠵᠦᠢᠯᠡᠰ ᠲᠤ᠂ ᠲᠤᠭ᠎ᠠ ᠪᠠᠷᠢᠮᠲᠠ ᠶᠢ ᠴᠤᠭᠯᠠᠭᠤᠯᠬᠤ ᠨᠣᠷᠮ᠎ᠠ ᠶᠢ 30% ᠠᠴᠠ ᠳᠡᠭᠡᠭᠰᠢ ᠳᠤ ᠬᠦᠷᠦᠭᠦᠯᠦᠨ᠎ᠡ᠃ 2022 ᠣᠨ ᠤ 12 ᠰᠠᠷ᠎ᠠ ᠶᠢᠨ ᠰᠡᠭᠦᠯᠴᠢ ᠪᠣᠯᠬᠤ ᠳᠤ 100% ᠳᠤ ᠬᠦᠷᠦᠭᠦᠯᠦᠨ᠎ᠡ᠃      ︵3︶ ᠬᠡᠷᠡᠭᠵᠢᠭᠦᠯᠬᠦ ᠰᠠᠯᠠᠭ᠎ᠠ ᠮᠥᠴᠢᠷ ᠤᠨ ᠳᠣᠲᠣᠭᠠᠳᠤ ᠳᠠᠭᠠᠨ ᠬᠠᠷᠭᠤᠭᠤᠯᠤᠨ ᠪᠠᠶᠢᠴᠠᠭᠠᠨ᠎ᠠ᠃ ᠬᠠᠷᠭᠤᠭᠤᠯᠤᠨ ᠪᠠᠶᠢᠴᠠᠭᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠲᠣᠭᠲᠠᠮᠠᠯ ᠬᠠᠷᠢᠯᠴᠠᠬᠤ ᠬᠥᠮᠦᠨ ᠢᠶᠠᠨ ᠲᠣᠳᠣᠷᠬᠠᠶᠢᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠠᠴᠠ ᠰᠠᠯᠠᠭ᠎ᠠ ᠮᠥᠴᠢᠷ ᠤᠨ ᠳᠣᠲᠣᠭᠠᠳᠤ ᠳᠤ ᠵᠢᠭᠰᠠᠭᠠᠨ ᠣᠷᠣᠭᠤᠯᠤᠭᠰᠠᠨ ᠬᠠᠷᠭᠤᠭᠤᠯᠤᠨ ᠪᠠᠶᠢᠴᠠᠭᠠᠬᠤ ᠵᠦᠢᠯᠡᠰ ᠢ ᠬᠦᠢᠴᠡᠳᠬᠡᠬᠦ ᠳᠡᠭᠡᠨ᠂ ᠰᠦᠯᠵᠢᠶᠡᠨ ᠳᠡᠭᠡᠷ᠎ᠡ ᠰᠢᠯᠭᠠᠨ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠵᠠᠬᠢᠳᠠᠯ ᠢᠶᠠᠷ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠬᠡᠷᠡᠴᠢᠯᠡᠯ ᠥᠬᠡᠶ︾ ᠪᠠᠷ ᠠᠵᠢᠯ ᠶᠠᠪᠤᠳᠠᠯ ᠬᠦᠢᠴᠡᠳᠬᠡᠬᠦ ᠶᠢ ᠪᠡᠶᠡᠯᠡᠭᠦᠯᠬᠦ ᠬᠡᠷᠡᠭᠲᠡᠶ᠃ ᠠᠵᠤ ᠠᠬᠤᠶᠢᠯᠠᠯ ᠪᠠ ᠣᠯᠠᠨ ᠲᠦᠮᠡᠨ ᠰᠠᠯᠠᠭ᠎ᠠ ᠮᠥᠴᠢᠷ ᠤᠨ ᠳᠣᠲᠣᠭᠠᠳᠤ ᠳᠠᠭᠠᠨ ᠬᠠᠷᠭᠤᠭᠤᠯᠤᠨ ᠪᠠᠶᠢᠴᠠᠭᠠᠬᠤ ᠳᠤ ᠵᠢᠭᠰᠠᠭᠠᠨ ᠣᠷᠣᠭᠤᠯᠤᠭᠰᠠᠨ ᠵᠦᠢᠯᠡᠰ ᠢ ᠬᠦᠢᠴᠡᠳᠬᠡᠬᠦ ᠳᠡᠭᠡᠨ᠂ ᠭᠡᠷᠡᠴᠢᠯᠡᠬᠦ ᠮᠠᠲ᠋ᠧᠷᠢᠶᠠᠯ ᠬᠠᠩᠭᠠᠬᠤ ᠪᠤᠶᠤ ᠰᠠᠯᠠᠭ᠎ᠠ ᠮᠥᠴᠢᠷ ᠠᠴᠠ ᠳᠣᠲᠣᠭᠠᠳᠤ ᠳᠠᠭᠠᠨ ᠬᠠᠷᠭᠤᠭᠤᠯᠤᠨ ᠪᠠᠶᠢᠴᠠᠭᠠᠬᠤ ᠶᠢ ᠰᠣᠩᠭᠤᠵᠤ ᠪᠣᠯᠤᠨ᠎ᠠ᠃      ᠲᠦᠷᠦᠭᠦᠯᠡᠨ ᠬᠢᠬᠦ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ ᠶᠢᠨ ᠰᠡᠭᠦᠯᠴᠢ ᠪᠣᠯᠲᠠᠯ᠎ᠠ᠂ ᠬᠡᠷᠡᠭᠵᠢᠭᠦᠯᠬᠦ ᠰᠠᠯᠠᠭ᠎ᠠ ᠮᠥᠴᠢᠷ ᠤᠨ ᠳᠣᠲᠣᠭᠠᠳᠤ ᠳᠠᠭᠠᠨ ᠬᠠᠷᠭᠤᠭᠤᠯᠤᠨ ᠪᠠᠶᠢᠴᠠᠭᠠᠬᠤ ᠵᠦᠢᠯᠡᠰ ᠤᠨ ᠬᠡᠷᠡᠭᠯᠡᠬᠦ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠦᠨ᠎ᠡ᠃ 2022 ᠣᠨ ᠤ 6 ᠰᠠᠷ᠎ᠠ ᠶᠢᠨ ᠰᠡᠭᠦᠯᠴᠢ ᠪᠣᠯᠬᠤ ᠳᠤ 80% ᠠᠴᠠ ᠳᠡᠭᠡᠭᠰᠢ ᠳᠤ ᠬᠦᠷᠦᠭᠦᠯᠦᠨ᠎ᠡ᠃ 2022 ᠣᠨ ᠤ 12 ᠰᠠᠷ᠎ᠠ ᠶᠢᠨ ᠰᠡᠭᠦᠯᠴᠢ ᠪᠣᠯᠬᠤ ᠳᠤ 100% ᠳᠤ ᠬᠦᠷᠦᠭᠦᠯᠦᠨ᠎ᠡ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ      ᠡᠯ᠎ᠡ ᠲᠣᠭᠤᠷᠢᠭ᠂ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠭᠤᠤᠯ ᠤᠳᠤᠷᠢᠳᠤᠯᠭ᠎ᠠ ᠶᠡᠷᠦᠩᠬᠡᠶᠢᠯᠡᠨ ᠬᠠᠷᠢᠭᠤᠴᠠᠬᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠠᠴᠠ ᠪᠣᠳᠠᠲᠠᠶ ᠠᠳᠬᠤᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠲᠤᠰᠬᠠᠶ ᠬᠥᠮᠦᠨ ᠢᠶᠠᠨ ᠲᠣᠳᠣᠷᠬᠠᠶᠢᠯᠠᠨ᠂ ᠲᠤᠰᠬᠠᠶ ᠪᠠᠭ ᠪᠠᠶᠢᠭᠤᠯᠵᠤ᠂ ᠠᠵᠢᠯ ᠤᠨ ᠲᠥᠰᠦᠯ ᠢᠶᠠᠨ ᠨᠠᠷᠢᠯᠢᠬᠵᠢᠭᠤᠯᠤᠨ᠂ ᠡᠯ᠎ᠡ ᠱᠠᠲᠤ ᠦᠶ᠎ᠡ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ︽ᠭᠡᠷᠡᠴᠢᠯᠡᠯ ᠥᠬᠡᠶ ᠬᠤᠲᠠ︾ ᠶᠢ ᠡᠭᠦᠳᠦᠨ ᠪᠠᠶᠢᠭᠤᠯᠬᠤ ᠠᠵᠢᠯ ᠤᠨ ᠭᠤᠤᠯ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠵᠤ᠂ ᠲᠣᠰ ᠨᠢᠭᠡᠴᠡ᠂ ᠲᠣᠰ ᠰᠢᠰᠲ᠋ᠧᠮ ᠤᠨ ᠢᠶᠠᠨ ᠭᠡᠷᠡᠴᠢᠯᠡᠬᠦ ᠵᠦᠢᠯᠡᠰ ᠢ ᠢᠯᠭᠠᠷᠠᠭᠤᠯᠬᠤ ᠠᠵᠢᠯ ᠢᠶᠠᠨ ᠰᠠᠶᠢᠲᠤᠷ ᠬᠢᠬᠦ ᠬᠡᠷᠡᠭᠲᠡᠶ᠃      ︵ᠬᠤᠶᠠᠷ︶ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠳᠡᠢ      ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠮᠠᠨ ᠤ ᠬᠤᠲᠠ ᠶᠢᠨ ︽ᠭᠡᠷᠡᠴᠢᠯᠡᠯ ᠥᠬᠡᠶ ᠬᠤᠲᠠ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠲᠥᠰᠦᠯ ᠢ ᠲᠤᠭᠤᠷᠪᠢᠬᠤ ᠠᠵᠢᠯ ᠢ ᠬᠠᠷᠢᠭᠤᠴᠠᠵᠤ᠂ ᠡᠭᠦᠳᠦᠨ ᠪᠠᠶᠢᠭᠤᠯᠬᠤ ᠠᠵᠢᠯ ᠢ ᠶᠡᠷᠦᠩᠬᠡᠶ ᠳᠤᠨᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ ᠡᠭᠦᠳᠦᠨ ᠪᠠᠶᠢᠭᠤᠯᠬᠤ ᠠᠵᠢᠯ ᠤᠨ ᠳᠤᠮᠳᠠ ᠲᠤᠯᠭᠠᠷᠠᠭᠰᠠᠨ ᠴᠢᠬᠤᠯᠠ ᠶᠡᠭᠡ ᠬᠦᠴᠢᠷᠳᠡᠯ ᠲᠠᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠳᠡᠢ᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠨᠢ ᠬᠢᠨᠠᠨ ᠬᠠᠷᠭᠤᠭᠤᠯᠵᠤ ᠨᠤᠲᠠᠯᠠᠬᠤ ᠪᠠ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠤᠨ ᠬᠤᠯᠪᠤᠭᠳᠠᠯ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠬᠠᠷᠢᠭᠤᠴᠠᠬᠤ ᠬᠡᠷᠡᠭᠳᠡᠢ᠃ ᠬᠤᠲᠠ ᠶᠢᠨ ᠶᠡᠭᠡ ᠳ᠋ᠠᠶᠢᠲ᠋ᠠ ᠶᠢᠨ ᠲᠥᠪ ᠨᠢ ᠲᠤᠭ᠎ᠠ ᠪᠠᠷᠢᠮᠳᠠ ᠶᠢ ᠬᠠᠮᠲᠤᠪᠠᠷ ᠡᠳ᠋ᠯᠡᠬᠦ ᠪᠠᠷᠢᠮᠵᠢᠶᠠᠵᠢᠭᠤᠯᠤᠭᠰᠠᠨ ᠵᠠᠭᠪᠤᠷ᠂ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠬᠢᠭᠡᠳ ᠬᠤᠲᠠ ᠶᠢᠨ ᠬᠠᠮᠲᠤᠪᠠᠷ ᠡᠳ᠋ᠯᠡᠬᠦ ᠰᠣᠯᠢᠯᠴᠠᠭᠠᠨ ᠤ ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠵᠡᠷᠭᠡ ᠠᠵᠢᠯ ᠢ ᠬᠠᠷᠢᠭᠤᠴᠠᠬᠤ ᠬᠡᠷᠡᠭᠳᠡᠢ᠃ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠰᠠᠯᠠᠭ᠎ᠠ ᠮᠥᠴᠢᠷ ᠤᠨ ᠳᠣᠲᠣᠭᠠᠳᠤ ᠶᠢᠨ ᠬᠢᠨᠠᠨ ᠰᠢᠯᠭᠠᠬᠤ ᠬᠤᠯᠪᠤᠭᠳᠠᠯ ᠪᠥᠬᠦᠶ ᠠᠵᠢᠯ ᠢ ᠬᠠᠷᠢᠭᠤᠴᠠᠬᠤ ᠬᠡᠷᠡᠭᠳᠡᠢ᠃      ︵ᠭᠤᠷᠪᠠ︶ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ      ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠬᠦᠢᠴᠡᠳᠬᠡᠭᠴᠢ ᠶᠢᠨ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠤᠬᠢᠷᠠᠯ ᠢ ᠵᠣᠭᠰᠣᠭᠠᠵᠤ ᠬᠤᠬᠢᠷᠠᠯ ᠢ ᠨᠡᠬᠡᠮᠵᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠬᠠᠷᠭᠤᠭᠤᠯᠤᠨ ᠪᠠᠶᠢᠴᠠᠭᠠᠬᠤ ᠪᠤᠶᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠠᠮᠠᠯᠠᠯᠲᠠ ᠨᠢ ᠦᠨᠡᠨ ᠪᠣᠳᠠᠲᠠᠶ ᠪᠢᠰᠢ ᠪᠠᠶᠢᠬᠤ ᠶᠢ ᠣᠯᠵᠤ ᠮᠡᠳᠡᠪᠡᠯ᠂ ᠬᠤᠯᠪᠤᠭᠳᠠᠯ ᠪᠥᠬᠦᠶ ᠰᠠᠯᠠᠭ᠎ᠠ ᠮᠥᠴᠢᠷ ᠨᠢ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠤᠨ ᠶᠣᠰᠣᠭᠠᠷ ᠰᠢᠢᠳᠪᠦᠷᠢᠯᠡᠬᠦ ᠬᠡᠷᠡᠭᠳᠡᠢ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠡᠯ᠎ᠡ ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠬᠠᠷᠢᠭᠤᠴᠠᠨ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠦᠷᠢᠮ︾ ᠤᠨ ᠲᠣᠭᠲᠠᠭᠠᠯ ᠶᠣᠰᠣᠭᠠᠷ᠂ ᠢᠲᠡᠭᠡᠮᠵᠢ ᠲᠠᠢ ᠭᠤᠤᠯ ᠴᠣᠭᠴᠠ ᠳᠤ ᠤᠷᠮᠠᠰᠢᠭᠤᠯᠬᠤ ᠠᠷᠭ᠎ᠠ ᠬᠡᠮᠵᠢᠶ᠎ᠡ ᠠᠪᠴᠤ᠂ ᠢᠲᠡᠭᠡᠯ ᠠᠯᠳᠠᠭᠰᠠᠨ ᠭᠤᠤᠯ ᠴᠣᠭᠴᠠ ᠳᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠬᠡᠷᠡᠭᠳᠡᠢ᠃ ᠢᠲᠡᠭᠡᠮᠵᠢ ᠶᠢᠨ ᠲᠠᠩᠰᠠ ᠡᠪᠬᠡᠮᠡᠯ ᠪᠠ ᠬᠤᠳᠠᠯ ᠬᠠᠭᠤᠷᠮᠠᠭ ᠠᠮᠠᠯᠠᠯᠲᠠ ᠶᠢᠨ ︽ᠨᠡᠷ᠎ᠡ ᠶᠢᠨ ᠬᠠᠷ᠎ᠠ ᠲᠠᠩᠰᠠ︾ ᠶᠢ ᠬᠠᠤᠯᠢ ᠲᠣᠭᠲᠠᠭᠠᠯ ᠶᠣᠰᠣᠭᠠᠷ ᠪᠠᠶᠢᠭᠤᠯᠵᠤ᠂ ᠬᠤᠯᠪᠤᠭᠳᠠᠯ ᠪᠥᠬᠦᠶ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠤᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠳᠤ ᠴᠤᠭᠯᠠᠭᠤᠯᠬᠤ ᠬᠡᠷᠡᠭᠳᠡᠢ᠃      ︵ᠲᠥᠷᠪᠡ︶ ᠤᠬᠠᠭᠤᠯᠭ᠎ᠠ ᠪᠠ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠶ      ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠠᠷᠭ᠎ᠠ ᠬᠢᠳᠡᠯ ᠢᠶᠠᠨ ᠬᠢᠨᠠᠮᠠᠭᠠᠶ ᠳ᠋ᠦᠩᠨᠡᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠴᠠᠭ ᠲᠤᠬᠠᠶ ᠳᠤᠨᠢ ᠳᠡᠯᠭᠡᠷᠡᠭᠦᠯᠬᠦ ᠬᠡᠷᠡᠭᠲᠡᠶ᠃ ᠤᠬᠠᠭᠤᠯᠭ᠎ᠠ ᠶᠢᠨ ᠠᠭᠤᠯᠭ᠎ᠠ ᠪᠠᠨ ᠪᠠᠶᠠᠯᠢᠭᠵᠢᠭᠤᠯᠵᠤ᠂ ᠤᠬᠠᠭᠤᠯᠭ᠎ᠠ ᠶᠢᠨ ᠠᠷᠭ᠎ᠠ ᠵᠠᠮ  ᠢᠶᠠᠨ ᠥᠷᠭᠡᠳᠬᠡᠵᠦ᠂ ᠳᠡᠭᠡᠳᠦ ᠳᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠬᠥᠮᠦᠨ ᠪᠦᠬᠦᠨ ᠬᠠᠷᠢᠭᠤᠴᠠᠯᠭ᠎ᠠ ᠡᠭᠦᠷᠭᠡᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠬᠤᠲᠠ ᠶᠢᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠨᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠯ᠎ᠡ ᠰᠠᠯᠠᠭ᠎ᠠ ᠮᠥᠴᠢᠷ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠪᠠᠶᠢᠭ᠎ᠠ ᠠᠵᠢᠯ ᠤᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠠᠬᠢᠭᠤᠯᠤᠭᠰᠠᠨ ᠨᠢ ᠪᠣᠳᠠᠲᠠᠶ ᠪᠢᠰᠢ᠂ ᠦᠷ᠎ᠡ ᠪᠦᠲᠦᠮᠵᠢ ᠪᠠᠷ ᠮᠠᠭᠤ ᠨᠢᠭᠡᠴᠡ ᠶᠢ ᠰᠢᠮᠳᠠᠭᠤᠯᠤᠨ ᠰᠢᠢᠳᠪᠦᠷᠢᠯᠡᠭᠦᠯᠬᠦ ᠪᠤᠶᠤ ᠵᠠᠷᠯᠠᠨ ᠮᠡᠳᠡᠭᠳᠡᠵᠦ᠂ ᠠᠵᠢᠯ ᠤᠨ ᠬᠤᠷᠳᠤᠴᠠ ᠪᠠᠨ ᠲᠦᠷᠭᠡᠳᠬᠡᠵᠦ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠭᠡᠳᠡᠷᠭᠦ ᠰᠢᠬᠠᠮᠳᠠᠭᠤᠯᠬᠤ ᠬᠡᠷᠡᠭᠲᠡᠶ᠃        ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠤᠭᠤᠷᠢᠭ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃        ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃                   ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                   2021 ᠣᠨ ᠤ 6 ᠰᠠᠷ᠎ᠠ ᠶᠢᠨ 21 ᠤ ᠡᠳᠦᠷ ᠲᠠᠷᠣᠮᠠᠯᠯᠠᠨ ᠲᠠᠷᠬᠠᠭᠠᠪᠠ
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号