ᠮᠠᠨ ᠤ ᠬᠤᠲᠠ ᠶᠢᠨ 2021 ᠣᠨ ᠤ ᠭᠤᠷᠪᠠᠳᠤᠭᠠᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠲᠥᠪᠯᠡᠷᠡᠩᠭᠦᠶ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2021/8/3
     7 ᠰᠠᠷ᠎ᠠ ᠶᠢᠨ 28 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠳᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ 2021 ᠣᠨ ᠤ ᠭᠤᠷᠪᠠᠳᠤᠭᠠᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠲᠥᠪᠯᠡᠷᠡᠩᠭᠦᠢ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠵᠤ᠂ ᠮᠠᠨ ᠤ ᠬᠤᠳᠠ ᠶᠢᠨ ᠬᠤᠶᠠᠳᠤᠭᠠᠷ ᠪᠦᠯᠦᠭ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ — ᠬᠠᠶᠢᠷᠤᠪ ᠤᠨ ᠲᠤᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤᠨ ᠤ ᠰᠢᠨ ᠹᠧᠩ ᠲᠣᠰᠬᠤᠨ ᠤ ᠤᠬ ᠰᠠᠨᠠᠭ᠎ᠠ ᠲᠠᠷᠢᠶᠠᠨ ᠭᠠᠵᠠᠷ ᠤᠨ ᠫᠠᠶᠢᠰᠠ ᠶᠢ ᠰᠡᠬᠦᠭᠰᠡᠨ ᠪᠥᠭᠡᠳ ᠰᠢᠨ ᠹᠧᠩ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠨᠣᠮ ᠪᠢᠴᠢᠭ ᠪᠣᠯᠤᠨ ᠬᠡᠷᠡᠯᠯᠢᠭ ᠳ᠋ᠢᠰᠺ ᠬᠦᠷᠭᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ︽ᠥᠨᠢ ᠡᠭᠦᠷᠢᠳᠡ ᠨᠠᠮ ᠢᠶᠠᠨ ᠳᠠᠭᠠᠵᠤ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠵᠠᠮ︾ — ᠶᠡᠷᠦᠩᠬᠡᠶ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠰᠬᠠᠶ ᠰᠡᠳᠦᠪᠲᠦ ᠲᠠᠶᠢᠯᠤᠮᠵᠢ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ᠂ ᠭᠤᠤᠯ ᠴᠢᠬᠤᠯᠠ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠠᠳᠠᠯᠢ ᠪᠤᠰᠤ ᠲᠠᠯ᠎ᠠ ᠠᠴᠠ ᠲᠣᠳᠣᠷᠬᠠᠶᠢᠯᠠᠨ ᠥᠭᠦᠯᠡᠪᠡ︔ ︽ᠪᠢ ᠲᠠᠨ ᠢ ᠬᠠᠪᠰᠣᠷᠣᠶ᠎ᠠ︾ ᠬᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠤᠬ ᠰᠠᠨᠠᠭ᠎ᠠ ᠲᠠᠷᠢᠶᠠᠨ ᠭᠠᠵᠠᠷ ᠤᠨ ᠲᠠᠷᠢᠮᠠᠯ ᠤᠨ ᠰᠠᠭᠤᠷᠢᠨ ᠭᠠᠵᠠᠷ ᠤᠨ ᠲᠠᠷᠢᠶᠠᠴᠢᠨ ᠡᠷᠦᠬᠡ ᠶᠢ ᠬᠠᠪᠰᠤᠷᠤᠨ ᠨᠣᠭᠤᠭ᠎ᠠ ᠬᠤᠳᠠᠯᠳᠤᠬᠤ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠴᠡᠢ᠃      ᠬᠤᠶᠢᠰᠢᠳᠠ᠂ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭᠠᠲᠤ ᠬᠤᠷᠠᠯ ᠤᠨ ᠬᠢᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠠᠵᠢᠯ ᠤᠨ ᠬᠠᠮᠤᠷᠬᠤ ᠬᠡᠪᠴᠢᠶ᠎ᠡ ᠪᠠᠨ ᠬᠦᠴᠦᠯᠡᠨ ᠳᠡᠭᠡᠭᠰᠢᠯᠡᠭᠦᠯᠵᠦ᠂ ᠣᠯᠠᠨ ᠲᠦᠮᠡᠨ ᠬᠠᠮᠢᠭ᠎ᠠ ᠪᠠᠶᠢᠪᠠᠯ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠠᠵᠢᠯ ᠢ ᠲᠡᠨᠳᠡ ᠬᠦᠷᠲᠡᠯ᠎ᠡ ᠥᠷᠨᠢᠭᠦᠯᠬᠦ ᠶᠢ ᠪᠠᠷᠢᠮᠲᠠᠯᠠᠨ᠂ ᠰᠠᠨᠠᠭᠠᠴᠢᠯᠠᠭ᠎ᠠ ᠠᠴᠠ ᠪᠠᠨ ᠣᠯᠠᠨ ᠲᠦᠮᠡᠨ ᠳᠤ ᠬᠢᠴᠢᠶᠡᠯ ᠬᠦᠷᠭᠡᠵᠦ᠂ ᠨᠠᠮ ᠤᠨ ᠰᠢᠨ᠎ᠡ ᠶᠢ ᠡᠭᠦᠳᠬᠦ ᠣᠨᠣᠯ ᠢ ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ᠂ ᠠᠵᠤ ᠠᠬᠤᠶᠢᠯᠠᠯ ᠳᠤ ᠣᠷᠣᠭᠤᠯᠬᠤ ᠶᠢ ᠳᠥᠯᠭᠢᠨ ᠠᠭᠢᠭᠤᠯᠬᠤ ᠪᠤᠯᠤᠨ᠎ᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号