ᠦᠬᠠᠶ ᠵᠠᠰᠠᠭ ᠠᠯᠪᠠᠨ ᠲᠠᠷᠬᠠᠭᠠᠭᠰᠠᠨ︹2021︺21 ᠳ᠋ᠣᠭᠡᠷ ᠲᠣᠭᠠᠲᠤ | ︽ᠦᠬᠠᠶ ᠬᠤᠲᠠ ᠶᠢᠨ ︿ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢᠶᠠᠨ ᠮᠠᠨᠳᠤᠭᠤᠯᠬᠤ﹀ | ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ | ᠳᠡᠮᠵᠢᠬᠦ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠶ ᠬᠤᠲᠠ ᠶᠢᠨ ︿ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ | ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ | ᠳᠡᠮᠵᠢᠬᠦ ᠶᠢᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | 2021 ᠣᠨ ᠤ 7 ᠰᠠᠷ᠎ᠠ ᠶᠢᠨ 15 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠵᠤ᠂ ᠬᠠᠷᠢᠭᠤᠴᠠᠯᠭᠠᠲᠤ ᠨᠢᠭᠡᠴᠡ ᠶᠢ ᠢᠯᠡ ᠪᠠᠷ ᠨᠡᠶᠢᠲᠡᠯᠡᠬᠦ ᠥᠬᠡᠶ︶ | | ᠦᠬᠠᠶ ᠬᠤᠲᠠ ᠶᠢᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ | ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠳᠡᠮᠵᠢᠬᠦ ᠶᠢᠨ | ᠬᠡᠷᠡᠭᠵᠢᠭᠦᠯᠬᠦ ᠲᠥᠰᠦᠯ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠬᠦᠯᠵᠦ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠲᠤᠭᠤᠯᠬᠤ︾ ᠠᠵᠢᠯᠯᠠᠭ᠎ᠠ ᠶᠢ | ᠯᠠᠪᠳᠠᠭᠤᠨ ᠪᠠᠲᠤᠲᠠᠶ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︿ᠰᠢᠨᠵᠢᠯᠡᠬᠦ ᠤᠬᠠᠭᠠᠨ ᠮᠡᠷᠭᠡᠵᠢᠯ ᠢᠶᠠᠷ | ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ﹀ ᠢ ᠳᠠᠷᠤᠮᠠᠯᠯᠠᠨ | ᠲᠠᠷᠬᠠᠭᠠᠬᠤ ᠲᠤᠬᠠᠶ ᠮᠡᠳᠡᠭᠳᠡᠯ︾ ︵ᠥᠪᠥᠷ ᠨᠠᠮ ᠲᠠᠷᠬᠠᠭᠠᠭᠰᠠᠨ︹2020︺17 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠬᠠᠩᠭᠠᠯᠭ᠎ᠠ ᠶᠢᠨ ᠴᠢᠳᠠᠪᠤᠷᠢ ᠪᠠᠨ ᠴᠢᠩᠭᠠᠳᠬᠠᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠠᠮᠢᠵᠢᠷᠠᠯ ᠤᠨ ᠬᠦᠴᠦᠨ ᠢ ᠬᠥᠭᠵᠢᠭᠡᠵᠦ᠂ ᠮᠠᠨ ᠤ ᠬᠤᠲᠠ ᠶᠢᠨ ᠠᠮᠢ ᠠᠬᠤᠶ ᠶᠢ ᠤᠷᠢᠳᠠᠪᠡᠷ ᠪᠤᠲᠤᠯᠭᠢᠯᠠᠭᠰᠠᠨ᠂ | ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠵᠠᠮ ᠢᠶᠠᠷ ᠵᠠᠮᠨᠠᠬᠤ ᠳᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠬᠤ ᠶᠢᠨ ᠲᠦᠯᠦᠭᠡ᠂ ᠲᠣᠰ | ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠠᠵᠤ ᠦᠢᠯᠡᠰ ᠤᠨ ᠬᠡᠯᠬᠢᠶ᠎ᠡ ᠲᠠᠢ ᠨᠢᠭᠲᠠ ᠤᠶᠠᠯᠳᠤᠭᠤᠯᠤᠨ ᠰᠢᠨ᠎ᠡ ᠶᠢ ᠡᠭᠦᠳᠬᠦ ᠬᠡᠯᠬᠢᠶ᠎ᠡ ᠶᠢ | ᠪᠠᠶᠢᠷᠢᠯᠠᠭᠤᠯᠤᠨ᠎ᠠ | ︵ᠨᠢᠭᠡ︶ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠰᠢᠨ᠎ᠡ | ᠡᠨᠧᠷᠭᠢ᠂ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠢ ᠪᠠᠶᠢᠭᠤᠯᠬᠤ ᠶᠢᠨ ᠲᠣᠭᠤᠷᠢᠨ ᠳᠤ᠂ ᠨᠡᠭᠦᠷᠡᠰᠦᠨ | ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠮᠡᠷᠭᠡᠵᠢᠯ ᠤᠨ ᠲᠠᠰ ᠲᠡᠪᠰᠢᠬᠦᠯᠬᠦ ᠶᠢ | ᠠᠬᠢᠭᠤᠯᠵᠤ᠂ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠶ ᠶᠢ ᠶᠡᠷᠦᠩᠬᠡᠶᠢᠯᠡᠨ ᠠᠰᠢᠭᠯᠠᠬᠤ᠂ ᠨᠡᠭᠦᠷᠡᠰᠦᠨ ᠬᠡᠤᠳᠡᠰᠦ ᠶᠢ | ᠠᠬᠢᠭᠤᠯᠤᠨ ᠡᠳ᠋ᠰᠢᠭᠦᠯᠬᠦ᠂ ᠪᠦᠳᠦᠭᠦᠯᠢᠭ ᠪᠧᠨ᠋ᠽᠧᠨ ᠢ ᠨᠠᠷᠢᠯᠢᠭ ᠡᠳ᠋ᠰᠢᠭᠦᠯᠬᠦ ᠵᠡᠷᠭᠡ ᠮᠡᠷᠭᠡᠵᠢᠯ ᠢ ᠰᠤᠳᠤᠯᠤᠨ | ᠨᠡᠭᠡᠭᠡᠬᠦ ᠶᠢ ᠳᠡᠮᠵᠢᠨ᠎ᠡ᠃ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠬᠡᠯᠬᠢᠶ᠎ᠡ ᠶᠢ | ᠪᠠᠶᠢᠷᠢᠯᠠᠭᠤᠯᠵᠤ᠂ ᠡᠨᠧᠷᠭᠢ ᠶᠢᠨ ᠬᠤᠷᠣᠭᠳᠠᠭᠤᠯᠤᠯ ᠪᠠᠭ᠎ᠠ ᠮᠥᠩᠭᠦᠨ ᠤᠰᠤ ︵ᠮᠥᠩᠭᠦᠨ ᠤᠰᠤ ᠦᠭᠡᠢ︶ ᠶᠢᠨ | ᠬᠢᠮᠢ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠥᠷᠨᠢᠭᠦᠯᠵᠦ᠂ ᠪᠥᠭᠡᠭᠡᠨᠡᠷᠡᠯ | ᠾᠯᠣᠷ ᠡᠲ᠋ᠧᠨ ᠤ ᠳᠡᠭᠡᠳᠦ ᠦᠵᠦᠭᠦᠷᠴᠢᠯᠡᠯᠲᠡ ᠵᠢᠴᠢ PVC ᠨᠠᠷᠢᠯᠢᠭ ᠪᠣᠯᠪᠠᠰᠤᠷᠠᠭᠤᠯᠬᠤ ᠮᠡᠷᠭᠡᠵᠢᠯ ᠤᠨ ᠪᠡᠷᠬᠡ | ᠰᠡᠳᠦᠪ ᠢ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠢ ᠤᠷᠲᠤᠳᠬᠠᠬᠤ ᠶᠢ ᠳᠡᠮᠵᠢᠵᠦ᠂ ᠲᠠᠷᠢᠶᠠᠨ ᠡᠮ᠂ ᠪᠤᠳᠤᠭ ᠤᠨ ᠠᠵᠤ ᠦᠢᠯᠡᠰ ᠤᠨ ᠳᠡᠭᠡᠳᠦ ᠲᠠᠰ ᠳᠠᠰᠢ | ᠬᠥᠭᠵᠢᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠳᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ︵ᠬᠤᠶᠠᠷ︶ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠶᠡᠬᠡᠪᠡᠷ | ᠪᠤᠶᠢᠵᠢᠭᠤᠯᠤᠨ᠎ᠠ᠃ ᠶᠡᠭᠡ ᠬᠡᠪᠴᠢᠶ᠎ᠡ ᠪᠠᠷ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠡᠨᠧᠷᠭᠢ᠂ | ᠨᠡᠭᠦᠷᠡᠰᠦᠲᠥ᠋ᠷᠥᠭᠴᠢ ᠶᠢ ᠴᠤᠭᠯᠠᠭᠤᠯᠤᠨ ᠪᠢᠲᠡᠭᠦᠮᠵᠢᠯᠡᠬᠦ᠂ ᠳᠡᠭᠡᠳᠦ ᠲᠡᠰ ᠤᠨ ᠲᠤᠨᠤᠭ ᠲᠥᠬᠦᠭᠡᠷᠦᠮᠵᠢ ᠦᠢᠯᠡᠳᠬᠦ᠂ | ᠠᠮᠢ ᠠᠬᠤᠶ ᠶᠢᠨ ᠣᠷᠴᠢᠨ ᠲᠤᠭᠤᠷᠢᠨ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠴᠢᠭᠯᠡᠬᠦᠯᠦᠨ᠂ ᠠᠵᠤ ᠠᠬᠤᠶᠢᠯᠠᠯ ᠪᠠ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ | ᠰᠢᠢᠳᠪᠦᠷᠢᠯᠡᠬᠦ ᠠᠵᠢᠯ ᠥᠷᠨᠢᠭᠦᠯᠬᠦ ᠶᠢ ᠲᠡᠮᠵᠢᠵᠤ᠂ ︽ᠪᠤᠭᠤᠮᠢᠯᠠᠭᠰᠠᠨ︾ ᠮᠡᠷᠭᠡᠵᠢᠯ ᠤᠨ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ | ᠲᠥᠪᠯᠡᠷᠡᠭᠦᠯᠵᠦ᠂ ᠤᠰᠤᠲᠥ᠋ᠷᠥᠭᠴᠢ ᠦᠢᠯᠡᠳᠴᠦ ᠭᠠᠷᠭᠠᠬᠤ᠂ ᠬᠠᠳᠠᠭᠠᠯᠠᠵᠤ ᠵᠥᠭᠡᠭᠡᠪᠦᠷᠢᠯᠡᠬᠦ ᠪᠠ ᠬᠡᠷᠡᠭᠯᠡᠬᠦ ᠵᠡᠷᠭᠡ | ᠤᠰᠤᠲᠥ᠋ᠷᠥᠭᠴᠢ ᠡᠨᠧᠷᠭᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ | ᠤᠰᠤᠲᠥ᠋ᠷᠥᠭᠴᠢ ᠶᠢ ᠴᠡᠪᠡᠷᠰᠢᠭᠦᠯᠬᠦ ᠮᠡᠷᠭᠡᠵᠢᠯ ᠪᠠ ᠲᠣᠨᠣᠭᠯᠠᠯ ᠤᠨ ᠮᠡᠷᠭᠡᠵᠢᠯ ᠢ ᠰᠤᠳᠤᠯᠤᠨ ᠨᠡᠭᠡᠭᠡᠬᠦ᠂ | ᠤᠰᠤᠲᠥ᠋ᠷᠥᠭᠴᠢ ᠨᠡᠮᠡᠬᠦ ᠦᠷᠳᠡᠭᠡ ᠶᠢᠨ ᠲᠥᠬᠦᠭᠡᠷᠦᠮᠵᠢ ᠶᠢ ᠰᠤᠳᠤᠯᠤᠨ ᠨᠡᠭᠡᠭᠡᠬᠦ᠂ ᠤᠰᠤᠲᠥ᠋ᠷᠥᠭᠴᠢ ᠡᠨᠧᠷᠭᠢ ᠶᠢᠨ | ᠲᠦᠯᠡᠰᠢᠨ ᠳ᠋ᠢᠶᠠᠨ ᡂᠢ ᠶᠢᠨ ᠵᠠᠩᠭᠢᠯᠠᠭ᠎ᠠ ᠶᠢᠨ ᠮᠠᠲ᠋ᠧᠷᠢᠶᠠᠯ᠂ ᠤᠰᠤᠲᠥ᠋ᠷᠥᠭᠴᠢ ᠶᠢᠨ ᠬᠢᠮᠢ ᠶᠢᠨ ᠠᠵᠤ ᠦᠢᠯᠡᠳᠪᠦᠷᠢ᠂ | ᠤᠰᠤᠲᠥ᠋ᠷᠥᠭᠴᠢ ᠪᠠᠷ ᠪᠤᠯᠤᠳ ᠪᠣᠯᠪᠠᠰᠤᠷᠠᠭᠤᠯᠬᠤ᠂ ᠤᠰᠤᠲᠥ᠋ᠷᠥᠭᠴᠢ ᠡᠨᠧᠷᠭᠢ ᠶᠢᠨ ᠪᠦᠬᠦᠯᠢ ᠲᠡᠷᠭᠡ ᠦᠢᠯᠡᠳᠬᠦ | ᠵᠡᠷᠭᠡ ᠭᠤᠭᠴᠤᠭ᠎ᠠ ᠶᠢᠨ ᠲᠣᠭᠤᠷᠢᠨ ᠳᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ︵ᠭᠤᠷᠪᠠ︶ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠬᠦ ᠶᠢ | ᠲᠦᠷᠭᠡᠳᠬᠡᠨ᠎ᠡ᠃ ᠳ᠋ᠠᠶᠢᠲ᠋ᠠ ᠶᠢᠨ ᠲᠥᠪ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ | ᠰᠢᠨ᠎ᠡ ᠬᠡᠯᠪᠡᠷᠢ ᠶᠢᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠵᠢᠴᠢ ᠡᠵᠡᠩᠨᠡᠯᠲᠡ ᠶᠢᠨ ᠵᠠᠭᠪᠤᠷ ᠢ ᠬᠠᠶᠢᠨ | ᠰᠦᠪᠡᠭᠴᠢᠯᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠠᠷᠢᠮᠳᠠ ᠶᠢ ᠨᠢᠭᠡᠳᠦᠯᠲᠡᠶ ᠬᠠᠮᠲᠤᠪᠠᠷ ᠭᠥᠷᠳᠡᠬᠦ | ᠨᠡᠭᠡᠭᠡᠯᠲᠡ ᠶᠢᠨ ᠲᠠᠪᠴᠠᠩ ᠳᠤ ᠢᠳᠡᠪᠬᠢᠲᠡᠶ ᠠᠭᠤᠰᠤᠯᠴᠠᠨ᠎ᠠ᠃ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠠᠬᠢᠭᠤᠯᠵᠤ᠂ 5G᠂ ᠵᠣᠬᠢᠶᠠᠮᠠᠯ ᠣᠶᠤᠨᠴᠢ ᠴᠢᠳᠠᠪᠤᠷᠢ᠂ ᠪᠣᠳᠠᠰᠯᠢᠭ ᠬᠤᠯᠪᠣᠭᠠᠲᠤ ᠰᠦᠯᠵᠢᠶ᠎ᠡ ᠵᠡᠷᠭᠡ | ᠰᠦᠯᠵᠢᠶᠡᠨ ᠤ ᠮᠡᠳᠡᠭᠡ ᠵᠠᠩᠭᠢ ᠶᠢᠨ ᠮᠡᠷᠭᠡᠵᠢᠯ ᠢ ᠪᠣᠳᠠᠲᠤ ᠴᠣᠭᠴᠠ ᠶᠢᠨ ᠠᠵᠤ ᠠᠬᠤᠶ ᠲᠠᠢ ᠤᠶᠠᠯᠳᠤᠭᠤᠯᠬᠤ ᠶᠢ | ᠠᠬᠢᠭᠤᠯᠵᠤ᠂ ᠬᠠᠮᠲᠤᠪᠠᠷ ᠡᠳ᠋ᠯᠡᠬᠦ ᠨᠡᠭᠡᠭᠡᠯᠲᠡ ᠲᠠᠢ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠲᠥᠪ ᠢ ᠪᠠᠶᠢᠭᠤᠯᠵᠤ᠂ | ᠲᠣᠭᠠᠴᠢᠯᠠᠭᠰᠠᠨ ᠠᠵᠤ ᠠᠬᠤᠶ ᠶᠢ ᠲᠦᠷᠭᠡᠳᠬᠡᠨ ᠬᠥᠭᠵᠢᠭᠦᠯᠦᠨ᠎ᠡ᠃ ᠠᠵᠤ ᠠᠬᠤᠶᠢᠯᠠᠯ ᠳᠤ ᠲᠦᠰᠢᠭᠯᠡᠨ ᠠᠵᠤ | ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠶᠡᠭᠡ ᠳ᠋ᠠᠶᠢᠲ᠋ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ | ᠪᠠᠶᠢᠭᠤᠯᠵᠤ᠂ ᠰᠤᠳᠤᠯᠤᠨ ᠨᠡᠭᠡᠭᠡᠵᠦ ᠦᠢᠯᠡᠳᠪᠦᠷᠢᠯᠡᠬᠦ᠂ ᠶᠠᠰᠤ ᠴᠢᠨᠠᠷ ᠢ ᠡᠵᠡᠮᠳᠡᠬᠦ᠂ ᠠᠵᠢᠯᠯᠠᠭᠠᠨ ᠤ ᠬᠠᠮᠢᠶᠠᠷᠤᠯᠲᠠ ᠪᠠ | ᠡᠵᠡᠩᠨᠡᠯᠲᠡ ᠶᠢᠨ ᠦᠢᠯᠡᠴᠢᠯᠡᠭᠡ ᠶᠢ ᠪᠥᠬᠦ ᠲᠠᠯ᠎ᠠ ᠪᠠᠷ ᠬᠠᠷᠢᠯᠴᠠᠨ ᠬᠤᠯᠪᠣᠭᠰᠠᠨ ᠣᠶᠤᠨᠴᠢᠯᠠᠭᠰᠠᠨ | ᠦᠢᠯᠡᠳᠪᠦᠷᠢᠯᠡᠯ ᠤᠨ ᠰᠢᠰᠲ᠋ᠧᠮᠵᠢ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠶᠡᠭᠡ | ᠳ᠋ᠠᠶᠢᠲ᠋ᠠ ᠶᠢᠨ ᠲᠥᠪ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ | ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ︶ | ︵ᠳᠥᠷᠪᠡ︶ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠤᠨ᠎ᠠ᠃ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠶ ᠶᠢᠨ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ | ︽ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠵᠡᠷᠭᠡ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠤᠯᠪᠤᠭᠳᠠᠯ ᠪᠥᠬᠦᠶ ᠬᠦᠷᠢᠶᠡᠨ ᠤ ᠵᠠᠩᠭᠢᠯᠠᠭ᠎ᠠ ᠶᠢᠨ ᠮᠡᠷᠭᠡᠵᠢᠯ ᠤᠨ | ᠪᠣᠭᠤᠮᠲᠠ ᠰᠢᠪᠲᠤᠯᠬᠤ ᠶᠢ ᠲᠦᠷᠭᠡᠳᠬᠡᠨ᠎ᠡ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠵᠤ ᠬᠤᠷᠣᠭᠳᠠᠯ ᠢ ᠪᠠᠭᠠᠰᠬᠠᠬᠤ ᠵᠢᠴᠢ ᠠᠭᠠᠷ ᠮᠠᠨᠳᠠᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ | ᠪᠠ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠣᠷᠴᠢᠨ ᠲᠤᠭᠤᠷᠢᠨ ᠢ ᠵᠠᠰᠠᠬᠤ ᠮᠡᠷᠭᠡᠵᠢᠯ ᠤᠨ | ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠥᠨᠳᠥᠷ ᠪᠦᠲᠦᠮᠵᠢᠲᠡᠶ ᠪᠠᠷ ᠡᠨᠧᠷᠭᠢ ᠠᠷᠪᠢᠯᠠᠬᠤ᠂ | ᠲᠡᠷᠢᠭᠦᠨ ᠤ ᠣᠷᠴᠢᠨ ᠲᠤᠭᠤᠷᠢᠨ ᠢ ᠬᠠᠮᠠᠭᠠᠯᠠᠬᠤ ᠪᠠ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠰᠢᠨ᠎ᠡ | ᠲᠣᠨᠣᠭᠯᠠᠯ᠂ ᠰᠢᠨ᠎ᠡ ᠤᠷᠠᠯᠠᠯ᠂ ᠰᠢᠨ᠎ᠡ ᠦᠢᠯᠡᠳᠬᠦᠨ ᠢ ᠰᠤᠳᠤᠯᠤᠨ ᠨᠡᠭᠡᠭᠡᠵᠦ ᠳᠡᠯᠭᠡᠷᠡᠭᠦᠯᠦᠨ᠎ᠡ᠃ ᠬᠢᠮᠢ ᠶᠢᠨ ᠠᠵᠤ | ᠦᠢᠯᠡᠳᠪᠦᠷᠢ᠂ ᠲᠡᠮᠦᠷᠯᠢᠭ ᠪᠣᠯᠪᠠᠰᠤᠷᠠᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠴᠠᠬᠢᠯᠭᠠᠨ ᠬᠦᠴᠦᠨ ᠵᠡᠷᠭᠡ ᠡᠨᠧᠷᠭᠢ ᠶᠢᠨ | ᠬᠤᠷᠣᠭᠳᠠᠭᠤᠯᠤᠯ ᠶᠡᠬᠡᠲᠡᠶ ᠠᠵᠢᠯ ᠲᠦᠷᠦᠯ ᠤᠨ ᠲᠣᠭᠤᠷᠢᠨ ᠳᠤ᠂ ᠡᠨᠧᠷᠭᠢ ᠠᠷᠪᠢᠯᠠᠵᠤ ᠬᠤᠷᠣᠭᠳᠠᠭᠤᠯᠤᠯ ᠢ | ᠪᠠᠭᠠᠰᠬᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠬᠡᠷᠡᠭᠯᠡᠵᠦ ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ ᠤᠰᠤ | ᠠᠷᠪᠢᠯᠠᠬᠤ ᠬᠡᠷᠡᠭᠯᠡᠭᠡᠨ ᠤ ᠮᠡᠷᠭᠡᠵᠢᠯ ᠤᠨ ᠰᠤᠳᠤᠯᠤᠯ ᠬᠢᠭᠡᠳ ᠨᠡᠭᠡᠭᠡᠯᠳᠡ ᠶᠢ ᠲᠤᠪᠤᠶᠢᠮ᠎ᠠ ᠰᠠᠶᠢᠲᠤᠷ ᠠᠳᠬᠤᠵᠤ᠂ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠠᠶᠠᠭᠳᠠᠮᠠᠯ ᠤᠰᠤ᠂ ᠴᠡᠪᠡᠷᠰᠢᠬᠦᠯᠦᠭᠰᠡᠨ ᠤᠰᠤ᠂ ᠨᠡᠭᠦᠷᠡᠰᠦᠨ | ᠠᠭᠤᠷᠬᠠᠶ ᠶᠢᠨ ᠨᠡᠬᠦᠷᠡᠰᠦᠨ ᠲᠠᠪᠬᠤᠷᠭ᠎ᠠ ᠶᠢᠨ ᠤᠰᠤ ᠶᠢ ᠰᠢᠢᠳᠪᠦᠷᠢᠯᠡᠬᠦ ᠮᠡᠷᠭᠡᠵᠢᠯ ᠢ ᠰᠤᠳᠤᠯᠤᠨ ᠨᠡᠭᠡᠭᠡᠵᠦ | ᠬᠡᠷᠡᠭᠯᠡᠬᠦ ᠶᠢ ᠥᠷᠨᠢᠭᠦᠯᠦᠨ᠂ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠬᠦ ᠠᠵᠢᠯ ᠢ ᠰᠠᠶᠢᠲᠤᠷ ᠬᠢᠨ᠎ᠡ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠤᠰᠤᠨ ᠤ ᠶᠠᠪᠤᠳᠠᠯ ᠤᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ︵ᠲᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠭᠠᠵᠢᠭᠤᠯᠤᠭᠰᠠᠨ | ᠮᠡᠳᠡᠭᠡ ᠵᠠᠩᠬᠢᠴᠢᠯᠠᠯᠳᠠ ᠬᠢᠭᠡᠳ ᠲᠠᠷᠢᠶᠠᠯᠠᠩ ᠤᠨ ᠦᠢᠯᠡᠳᠪᠦᠷᠢᠯᠡᠯ ᠤᠨ ᠭᠦᠨᠵᠡᠭᠡᠶ ᠠᠭᠤᠰᠤᠯᠴᠠᠯ ᠢ ᠲᠦᠯᠬᠢᠨ | ᠠᠬᠢᠭᠤᠯᠵᠤ᠂ ᠤᠶᠤᠨᠲᠤ ᠲᠠᠷᠢᠶᠠᠯᠠᠩ ᠤᠨ ᠡᠭᠦᠯᠡᠨ ᠲᠠᠪᠴᠠᠩ ᠢ ᠪᠠᠶᠢᠭᠤᠯᠵᠤ᠂ ᠣᠷᠴᠢᠨ ᠲᠤᠭᠤᠷᠢᠨ ᠢ ᠬᠢᠨᠠᠨ | ᠬᠡᠮᠵᠢᠵᠦ ᠡᠵᠡᠮᠳᠡᠬᠦ ᠪᠠ ᠦᠢᠯᠡᠳᠪᠦᠷᠢᠯᠡᠯ ᠤᠨ ᠶᠠᠪᠤᠴᠠ ᠶᠢᠨ ᠬᠠᠮᠢᠶᠠᠷᠤᠯᠲᠠ ᠶᠢᠨ ᠰᠢᠰᠲ᠋ᠧᠮ᠂ ᠦᠢᠯᠡᠳᠬᠦᠨ ᠤ ᠶᠠᠰᠤ | ᠴᠢᠨᠠᠷ ᠤᠨ ᠠᠮᠤᠷ ᠲᠦᠪᠰᠢᠨ ᠢ ᠬᠢᠨᠠᠨ ᠡᠵᠡᠮᠳᠡᠬᠦ ᠪᠠ ᠮᠥᠷᠳᠡᠨ ᠨᠡᠬᠡᠮᠵᠢᠯᠡᠬᠦ ᠰᠢᠰᠲ᠋ᠧᠮ ᠵᠡᠷᠭᠡ ᠲᠠᠯ᠎ᠠ ᠶᠢᠨ | ᠮᠡᠷᠭᠡᠵᠢᠯ ᠤᠨ ᠰᠤᠳᠤᠯᠭᠠᠨ ᠪᠠ ᠬᠡᠷᠡᠭᠯᠡᠯᠲᠡ ᠳᠡᠯᠭᠡᠷᠡᠭᠦᠯᠦᠯᠲᠡ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠳᠠᠪᠠᠭᠤᠯᠢᠭ | ᠤᠨᠴᠠᠯᠢᠭᠳᠤ ᠲᠥᠷᠥᠯ ᠵᠦᠢᠯ᠂ ᠰᠢᠨ᠎ᠡ ᠮᠡᠷᠭᠡᠵᠢᠯ᠂ ᠰᠢᠨ᠎ᠡ ᠦᠷ᠎ᠡ ᠪᠦᠲᠦᠭᠡᠯ ᠢ ᠣᠷᠣᠭᠤᠯᠤᠨ ᠠᠪᠴᠢᠷᠠᠬᠤ ᠪᠠᠨ | ᠴᠢᠩᠭᠠᠳᠬᠠᠵᠤ᠂ ︽ᠦᠬᠠᠶ ᠶᠢᠨ ᠦᠵᠦᠮ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠦᠵᠦᠮ ᠤᠨ ᠪᠠᠷᠢᠮᠵᠢᠶᠠᠵᠢᠭᠤᠯᠤᠨ ᠳᠠᠷᠢᠵᠤ ᠪᠤᠶᠢᠵᠢᠭᠤᠯᠬᠤ | ᠮᠡᠷᠭᠡᠵᠢᠯ ᠢ ᠳᠡᠯᠭᠡᠷᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠶᠡᠭᠡ | ᠳ᠋ᠠᠶᠢᠲ᠋ᠠ ᠶᠢᠨ ᠲᠥᠪ︶ | ᠬᠤᠶᠠᠷ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠶᠡᠬᠡᠪᠡᠷ ᠪᠤᠶᠢᠵᠢᠭᠤᠯᠤᠨ᠎ᠠ | ︵ᠵᠢᠷᠭᠤᠭ᠎ᠠ︶ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠬᠦ | ᠣᠷᠣᠨ ᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ | ᠣᠷᠣᠨ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠤᠯᠤᠰ ᠤᠨ ᠲᠠᠰ ᠤᠨ | ᠳᠡᠭᠡᠳᠦ ᠰᠢᠨ᠎ᠡ ᠮᠡᠷᠭᠡᠵᠢᠯ ᠤᠨ ᠣᠷᠣᠨ ᠢ ᠲᠠᠰ ᠳᠡᠪᠰᠢᠭᠦᠯᠬᠦ ᠶᠢᠨ ᠡᠭᠦᠳᠦᠨ ᠪᠠᠶᠢᠭᠤᠯᠬᠤ ᠭᠤᠤᠯ ᠴᠣᠭᠴᠠ ᠶᠢ | ᠲᠣᠳᠣᠷᠬᠠᠶᠢᠯᠠᠨ᠂ ᠲᠠᠰ ᠳᠡᠪᠰᠢᠭᠦᠯᠬᠦ ᠶᠢᠨ ᠬᠡᠷᠡᠭᠵᠢᠭᠦᠯᠬᠦ ᠲᠥᠰᠦᠯ ᠢ ᠳᠣᠭᠲᠠᠭᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠠᠵᠢᠯ ᠢᠶᠠᠨ ᠠᠬᠢᠭᠤᠯᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠦᠴᠦᠨ ᠢᠶᠠᠨ | ᠲᠥᠪᠯᠡᠷᠡᠭᠦᠯᠦᠨ ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ | ︽ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ︾ ᠶᠢ ᠠᠬᠢᠭᠤᠯᠤᠨ᠎ᠠ᠃ ᠰᠢᠨ᠎ᠡ ᠨᠢᠭᠡ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ ᠵᠡᠷᠭᠡ | ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠭᠤᠤᠯᠳᠠᠯᠭ᠎ᠠ ᠲᠠᠢ ᠪᠤᠶᠢᠵᠢᠭᠤᠯᠵᠤ᠂ ᠪᠣᠬᠢᠷᠲᠤᠯ ᠥᠬᠡᠶ ᠲᠤᠤᠷ᠎ᠠ | ᠨᠡᠭᠦᠷᠡᠰᠦᠲᠥ᠋ᠷᠥᠭᠴᠢᠲᠤ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠮᠡᠷᠭᠡᠵᠢᠯ ᠢ ᠰᠤᠳᠤᠯᠤᠨ | ᠨᠡᠭᠡᠭᠡᠬᠦ ᠶᠢ ᠥᠷᠨᠢᠭᠦᠯᠦᠨ᠎ᠡ᠃ ᠤᠯᠤᠰ ᠤᠨ ᠳᠣᠲᠣᠭᠠᠳᠤ ᠶᠢᠨ ᠲᠤᠯᠤᠭᠠᠶᠢᠯᠠᠭᠴᠢ ᠠᠵᠤ ᠠᠬᠤᠶᠢᠯᠠᠯ ᠪᠠ ᠨᠠᠷᠠᠲᠤ | ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠢ ᠴᠢᠩᠭ᠎ᠠ ᠠᠩᠬᠠᠷᠴᠤ᠂ ᠨᠢᠭᠡ ᠪᠦᠯᠦᠭ ᠨᠡᠪᠴᠢᠭᠦᠯᠦᠭᠦᠷ᠂ ᠳᠡᠭᠡᠳᠦ | ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠠ ᠴᠢᠬᠤᠯᠠ ᠶᠡᠭᠡ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ ᠪᠥᠲᠥᠭᠡᠨ ᠪᠠᠶᠢᠭᠤᠯᠤᠨ᠎ᠠ᠃ | ᠬᠤᠲᠠ ᠶᠢᠨ ᠵᠠᠰᠠᠭ ᠤᠨ ᠣᠷᠳᠣᠨ ᠠᠴᠠ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ | ᠬᠥᠭᠵᠢᠭᠦᠯᠦᠯᠲᠡ ᠶᠢᠨ ᠲᠣᠭᠤᠷᠢᠭ ᠤᠨ ᠰᠤᠳᠤᠯᠤᠨ ᠨᠡᠭᠡᠭᠡᠬᠦ ᠲᠤᠷᠰᠢᠯᠲᠠ ᠶᠢᠨ ᠲᠠᠪᠴᠠᠩ᠂ ᠰᠢᠨ᠎ᠡ ᠶᠢ ᠡᠭᠦᠳᠴᠦ | ᠦᠢᠯᠡᠰ ᠪᠤᠰᠬᠠᠬᠤ ᠲᠠᠪᠴᠠᠩ ᠪᠣᠯᠤᠨ ᠤᠯᠠᠨ ᠨᠡᠶᠢᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ | ᠲᠠᠪᠴᠠᠩ ᠪᠠᠶᠢᠭᠤᠯᠬᠤ ᠶᠢ ᠲᠡᠮᠵᠢᠨ᠎ᠡ᠃ 2025 ᠣᠨ ᠪᠣᠯᠬᠤ ᠳᠤ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠨᠡᠭᠡᠭᠡᠨ ᠬᠥᠭᠵᠢᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠱᠠᠲᠤ ᠦᠶ᠎ᠡ ᠶᠢᠨ ᠴᠢᠨᠠᠷᠲᠠᠶ | ᠠᠬᠢᠴᠠ ᠲᠠᠢ ᠪᠤᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠦᠬᠠᠶ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ︶ | ︵ᠳᠣᠯᠤᠭ᠎ᠠ︶ ᠠᠵᠤ ᠠᠬᠤᠶᠢᠯᠠᠯ ᠤᠨ ᠳᠡᠭᠡᠳᠦ ᠲᠠᠰ ᠤᠨ ᠰᠤᠳᠤᠯᠤᠨ ᠨᠡᠭᠡᠭᠡᠬᠦ ᠲᠠᠪᠴᠠᠩ ᠢ ᠡᠭᠦᠳᠦᠨ | ᠪᠠᠶᠢᠭᠤᠯᠬᠤ ᠶᠢ ᠳᠡᠮᠵᠢᠨ᠎ᠡ᠃ ᠰᠢᠨ᠎ᠡ ᠪᠠᠷ ᠵᠥᠪᠰᠢᠶᠡᠷᠡᠭᠳᠡᠭᠰᠡᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠦᠢᠯᠡᠳᠬᠦ ᠦᠢᠯᠡᠰ ᠤᠨ | ᠰᠢᠨ᠎ᠡ ᠶᠢ ᠡᠭᠦᠳᠬᠦ ᠲᠥᠪ ᠵᠡᠷᠭᠡ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠵᠣᠬᠢᠬᠤ ᠳᠡᠮᠵᠢᠯᠭᠡ ᠦᠵᠡᠭᠦᠯᠦᠨ᠎ᠡ᠃ | ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠶᠡᠬᠡᠪᠡᠷ ᠬᠥᠭᠵᠢᠭᠦᠯᠵᠦ᠂ ᠲᠡᠷᠢᠭᠦᠨ ᠤ ᠰᠢᠨ᠎ᠡ ᠶᠢ | ᠡᠭᠦᠳᠬᠦ ᠬᠦᠴᠦᠨ ᠪᠠ ᠳᠡᠭᠡᠳᠦ ᠲᠠᠰ ᠤᠨ ᠣᠶᠤᠨ ᠤ ᠡᠬᠢ ᠪᠠᠶᠠᠯᠢᠭ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ | ᠠᠵᠤ ᠠᠬᠤᠶᠢᠯᠠᠯ ᠤᠨ ︽ᠣᠨᠳᠣᠤ ᠭᠠᠵᠠᠷ ᠲᠤ ᠨᠡᠪᠴᠢᠭᠦᠯᠬᠦ᠂ ᠦᠬᠠᠶ ᠳᠤ ᠤᠯᠠᠷᠢᠭᠤᠯᠬᠤ︾ ᠲᠥᠪ ᠪᠠᠶᠢᠭᠤᠯᠬᠤ ᠶᠢ | ᠳᠡᠮᠵᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ ᠤᠨ ᠠᠵᠢᠯ ᠤᠨ ᠥᠷᠲᠡᠭᠡ ᠪᠠ ᠰᠢᠨ᠎ᠡ ᠶᠢ ᠡᠭᠦᠳᠬᠦ ᠣᠷᠣᠨ ᠵᠠᠶ ᠶᠢ ᠡᠭᠦᠳᠦᠨ ᠪᠠᠶᠢᠭᠤᠯᠬᠤ ᠶᠢ | ᠵᠣᠷᠢᠭᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠤᠨ ᠪᠠᠶᠢᠭᠤᠯᠤᠯᠲᠠ ᠪᠠ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠬᠦ ᠨᠢᠭᠡᠴᠡ ᠳᠤ ᠵᠣᠬᠢᠬᠤ ᠳᠡᠮᠵᠢᠯᠭᠡ ᠦᠵᠡᠭᠦᠯᠦᠨ᠎ᠡ᠃ 2025 ᠣᠨ | ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠢ | ᠰᠢᠨ᠎ᠡ ᠪᠠᠷ 10 ᠨᠡᠮᠡᠭᠳᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠳᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠦᠬᠠᠶ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ︶ | ︵ᠨᠠᠢᠮᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠥᠨᠳᠥᠷ ᠪᠠᠷᠢᠮᠵᠢᠶ᠎ᠠ ᠪᠠᠷ | ᠪᠥᠲᠥᠭᠡᠨ ᠪᠠᠶᠢᠭᠤᠯᠤᠨ᠎ᠠ᠃ ᠦᠢᠯᠡᠴᠢᠯᠡᠭᠡᠨ ᠤ ᠠᠵᠤ ᠠᠬᠤᠶᠢᠯᠠᠯ ᠤᠨ ᠮᠡᠷᠭᠡᠵᠢᠯ ᠤᠨ ᠲᠡᠰ ᠲᠡᠪᠰᠢᠬᠦᠯᠬᠦ ᠪᠠᠶᠢᠷᠢ | ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠷᠴᠢᠮ ᠢ | ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢ ᠬᠡᠷᠡᠭᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠰᠢᠯᠵᠢᠭᠦᠯᠦᠨ ᠬᠤᠪᠢᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠨᠡᠪᠴᠢᠭᠦᠯᠬᠦ᠂ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠲᠥᠪᠯᠡᠷᠡᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠦᠢᠯᠡᠴᠢᠯᠡᠭᠡᠨ ᠤ ᠴᠢᠳᠠᠮᠵᠢ ᠶᠢ ᠪᠠᠳᠠᠷᠠᠭᠤᠯᠵᠤ᠂ ᠦᠬᠠᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠳᠡᠭᠡᠳᠦ | ᠲᠡᠰ ᠤᠨ ᠴᠢᠳᠠᠪᠤᠷᠢᠲᠠᠨ ᠢ ᠲᠥᠪᠯᠡᠷᠡᠭᠦᠯᠬᠦ ᠲᠠᠪᠴᠠᠩ ᠪᠠ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ | ᠲᠤᠬᠢᠷᠠᠭᠤᠯᠬᠤ ᠲᠥᠪ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ ︽ᠳᠡᠭᠡᠳᠦ ᠲᠠᠰ ᠤᠨ ᠴᠢᠳᠠᠪᠤᠷᠢᠲᠠᠨ + ᠰᠢᠨ᠎ᠡ ᠶᠢ | ᠡᠭᠦᠳᠬᠦ ᠪᠦᠯᠬᠦᠮ + ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ + ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠭᠡ︾ ᠶᠢᠨ ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠥᠬᠦ ᠬᠡᠯᠬᠢᠶ᠎ᠡ ᠶᠢᠨ ᠦᠢᠯᠡᠴᠢᠯᠡᠭᠡ ᠶᠢ ᠬᠠᠩᠭᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠨᠢ | ᠪᠠᠳᠠᠷᠠᠭᠤᠯᠤᠨ᠂ ᠮᠡᠷᠭᠡᠵᠢᠯ ᠢ ᠵᠣᠯᠭᠠᠭᠤᠯᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠤᠯᠪᠣᠭᠠᠯᠠᠨ | ᠬᠥᠭᠵᠢᠬᠦ ᠶᠢ ᠪᠡᠶᠡᠯᠡᠭᠦᠯᠵᠦ᠂ ᠣᠷᠣᠨ ᠪᠦᠰᠡ ᠶᠢᠨ ᠰᠢᠨ᠎ᠡ ᠶᠢ ᠡᠭᠦᠳᠬᠦ ᠬᠥᠭᠵᠢᠯᠲᠡ ᠳᠤ ᠮᠡᠷᠭᠡᠵᠢᠯ ᠤᠨ ᠳᠡᠮᠵᠢᠯᠭᠡ | ᠪᠠ ᠣᠶᠤᠨ ᠤ ᠪᠠᠲᠤᠯᠠᠭ᠎ᠠ ᠶᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠡ᠄ ᠦᠬᠠᠶ ᠶᠢᠨ ᠮᠥᠩᠭᠦᠨ ᠬᠦᠢᠯᠭᠡᠭᠡᠨ ᠤ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠳᠠ ᠶᠢᠨ ᠲᠣᠪᠴᠢᠶ᠎ᠠ︶ | ︵ᠶᠢᠰᠦ︶ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠲᠤᠷᠰᠢᠯᠲᠠ ᠶᠢᠨ ᠰᠠᠭᠤᠷᠢᠨ ᠭᠠᠵᠠᠷ | ᠪᠠ ᠤᠰᠤᠲᠥ᠋ᠷᠥᠭᠴᠢ ᠡᠨᠧᠷᠭᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ | ᠳᠡᠮᠵᠢᠨ᠎ᠡ᠃ ᠮᠠᠨ ᠤ ᠬᠤᠲᠠ ᠶᠢᠨ ᠠᠵᠤ ᠠᠬᠤᠶᠢᠯᠠᠯ ᠤᠨ ᠬᠠᠮᠲᠤᠷᠠᠭᠰᠠᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠲᠦᠰᠢᠭᠯᠡᠨ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ | ᠮᠠᠲ᠋ᠧᠷᠢᠶᠠᠯ ᠤᠨ ᠲᠤᠷᠰᠢᠯᠲᠠ ᠶᠢᠨ ᠰᠠᠭᠤᠷᠢᠨ ᠭᠠᠵᠠᠷ ᠪᠠ ᠤᠰᠤᠲᠥ᠋ᠷᠥᠭᠴᠢ ᠡᠨᠧᠷᠭᠢ ᠶᠢᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠪᠠᠶᠢᠭᠤᠯᠵᠤ᠂ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠬᠦᠷᠢᠶ᠎ᠡ ᠴᠠᠷᠠᠭ᠎ᠠ ᠶᠢᠨ | ᠵᠠᠩᠭᠢᠯᠠᠭ᠎ᠠ ᠶᠢᠨ ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ ᠪᠠ ᠨᠡᠶᠢᠲᠡᠴᠢ ᠴᠢᠨᠠᠷᠲᠠᠶ ᠢᠨᠵᠧᠨᠧᠷᠢᠩ ᠤᠨ ᠮᠡᠷᠭᠡᠵᠢᠯ | ᠵᠢᠴᠢ ᠴᠢᠬᠤᠯᠠ ᠶᠡᠭᠡ ᠬᠡᠷᠡᠭᠯᠡᠭᠡᠨ ᠤ ᠬᠡᠲᠦ ᠶᠢᠨ ᠲᠥᠯᠥᠪ ᠲᠠᠢ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ | ᠪᠦᠲᠦᠭᠡᠯ ᠳᠤ ᠴᠢᠭᠯᠡᠭᠦᠯᠦᠨ ᠳᠤᠮᠳᠠ ᠵᠡᠷᠭᠡ ᠶᠢᠨ ᠲᠤᠷᠰᠢᠯᠲᠠ ᠶᠢᠨ ᠰᠤᠳᠤᠯᠤᠯ ᠪᠠ ᠨᠡᠭᠡᠭᠡᠯᠲᠡ ᠬᠢᠵᠦ᠂ ᠠᠵᠢᠯ | ᠲᠥᠷᠥᠯ ᠤᠨ ᠳᠣᠲᠣᠷᠠᠬᠢ ᠠᠵᠤ ᠠᠬᠤᠶᠢᠯᠠᠯ ᠤᠨ ᠬᠡᠪᠴᠢᠶᠡᠵᠢᠭᠦᠯᠦᠨ ᠦᠢᠯᠡᠳᠪᠦᠷᠢᠯᠡᠬᠦ ᠳᠤ ᠪᠣᠯᠪᠠᠰᠤᠷᠠᠩᠭᠤᠶ᠂ ᠢᠵᠢ | ᠪᠥᠷᠢᠳᠦᠭᠰᠡᠨ ᠦᠢᠯᠡᠳᠪᠦᠷᠢᠯᠡᠯ ᠤᠨ ᠤᠷᠠᠯᠠᠯ ᠵᠢᠴᠢ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠬᠠᠩᠭᠠᠨ᠎ᠠ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠡᠨᠧᠷᠭᠢ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ᠭᠤᠷᠪᠠ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ | ᠴᠢᠩᠭᠠᠷᠠᠭᠤᠯᠤᠨ᠎ᠠ | ︵ᠠᠷᠪᠠ︶ ᠪᠥᠬᠦ ᠨᠡᠶᠢᠭᠡᠮ ᠢ ᠬᠥᠲᠥᠯᠦᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ ᠣᠷᠣᠭᠤᠯᠤᠯᠲᠠ ᠶᠢ | ᠨᠡᠮᠡᠭᠳᠡᠭᠦᠯᠦᠨ᠎ᠡ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡᠳᠬᠡᠯ | ᠮᠥᠩᠭᠦ᠋ᠢᠨ ᠲᠥᠷᠢᠮ ᠪᠠᠶᠢᠭᠤᠯᠬᠤ ᠶᠢ ᠲᠥᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠣᠷᠣᠭᠤᠯᠤᠯᠲᠠ ᠶᠢ ᠪᠦᠷᠢᠳᠬᠡᠬᠦ ᠡᠷᠴᠢᠮ ᠢᠶᠠᠨ ᠴᠢᠩᠭᠠᠳᠬᠠᠨ᠂ ᠠᠵᠤ ᠠᠬᠤᠶᠢᠯᠠᠯᠤᠨ ᠰᠤᠳᠤᠯᠤᠨ ᠨᠡᠭᠡᠭᠡᠬᠦ | ᠣᠷᠣᠭᠤᠯᠤᠯᠲᠠᠶᠢᠨ ᠬᠥᠳᠡᠯᠦᠩᠭᠦᠶ ᠦᠢᠯᠡᠴᠢᠯᠡᠭᠡᠨ ᠤ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠵᠤ᠂ ᠨᠢᠭᠡᠳᠬᠡᠪᠡᠰᠦ | ᠵᠣᠬᠢᠬᠤ ᠶᠢ ᠨᠢ ᠪᠥᠬᠦᠨ ᠢ ᠨᠢᠭᠡᠳᠬᠡᠬᠦ ᠶᠢ ᠦᠨᠡᠨᠬᠦ ᠪᠠᠲᠤᠯᠠᠨ᠎ᠠ᠃ ᠠᠵᠤ ᠠᠬᠤᠶᠢᠯᠠᠯ ᠤᠨ ᠠᠰᠢᠭ ᠣᠷᠣᠯᠭᠠᠶᠢᠨ | ᠭᠠᠶᠢᠯᠢᠶᠢᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠲᠤᠬᠠᠶ ᠤᠯᠤᠰᠤᠨ ᠲᠦᠷᠦᠶᠢᠨ | ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ | ᠰᠤᠳᠤᠯᠤᠨ ᠨᠡᠭᠡᠭᠡᠬᠦ ᠵᠠᠷᠤᠳᠠᠯᠤᠨ ᠲᠣᠭᠠᠴᠠᠭ᠎ᠠ ᠬᠢᠬᠦ ᠶᠢ ᠵᠢᠷᠤᠮᠵᠢᠭᠤᠯᠵᠤ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠰᠢᠨ᠎ᠡ ᠬᠦᠢᠴᠡᠳᠭᠡᠯ ᠲᠤᠭᠠᠨ ᠤ ᠬᠢᠨᠠᠨ ᠰᠢᠯᠭᠠᠬᠤ ᠡᠵᠡᠯᠡᠮᠵᠢ ᠶᠢ ᠨᠢ ᠲᠡᠭᠡᠭᠰᠢᠯᠡᠬᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠬᠤᠲᠠᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠤᠭ᠎ᠠ ᠪᠦᠷᠢᠳᠬᠡᠯᠤᠨ | ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡᠶᠢᠨ ᠬᠢᠨᠠᠯᠲᠠ ᠬᠠᠮᠢᠶᠠᠷᠤᠯᠲᠠᠶᠢᠨ ᠵᠥᠪᠯᠡᠯ᠂ ᠤᠯᠤᠰᠤᠨ | ᠭᠠᠶᠢᠯᠢ ᠶᠢᠨ ᠶᠠᠪᠤᠳᠠᠯᠤᠨ ᠶᠡᠷᠦᠩᠬᠡᠶ ᠲᠤᠪᠴᠢᠶᠠᠨ ᠤ ᠦᠬᠠᠶ ᠬᠤᠲᠠᠶᠢᠨ ᠭᠠᠶᠢᠯᠢᠶᠢᠨ ᠶᠠᠪᠤᠳᠠᠯᠤᠨ ᠲᠣᠪᠴᠢᠶ᠎ᠠ︶ | ︵ᠠᠷᠪᠠᠨ ᠨᠢᠭᠡ︶ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠶᠡᠬᠡᠪᠡᠷ ᠪᠤᠶᠢᠵᠢᠭᠤᠯᠤᠨ᠎ᠠ᠃ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠪᠤᠶᠢᠵᠢᠭᠤᠯᠬᠤ ᠬᠥᠮᠥᠷᠭᠡ ᠶᠢ ᠪᠤᠵᠠᠭᠠᠶᠢᠷᠠᠭᠤᠯᠵᠤ᠂ ᠵᠢᠯ ᠲᠤᠷᠰᠢ | ᠭᠤᠶᠤᠴᠢᠯᠠᠨ ᠮᠡᠳᠡᠭᠦᠯᠬᠦ᠂ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠭᠤᠯᠬᠤ ᠠᠷᠭ᠎ᠠ ᠮᠠᠶ᠋ᠢᠭ ᠢ ᠬᠡᠷᠡᠭᠯᠡᠨ᠂ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠨᠡᠶᠢᠴᠡᠬᠦ᠂ ᠰᠢᠨ᠎ᠡ ᠶᠢ ᠡᠭᠦᠳᠬᠦ | ᠰᠠᠭᠤᠷᠢ ᠪᠠᠷ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠠᠵᠤ ᠠᠬᠤᠶᠢᠯᠠᠯ ᠢ ᠰᠢᠭᠰᠢᠨ ᠰᠣᠩᠭᠤᠵᠤ᠂ ᠰᠢᠯᠢᠳᠡᠭ ᠢ ᠨᠢ ᠰᠣᠩᠭᠤᠵᠤ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠤᠨ ᠪᠤᠶᠢᠵᠢᠭᠤᠯᠬᠤ ᠬᠥᠮᠥᠷᠭᠡ ᠳᠤ ᠣᠷᠣᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | ᠮᠠᠭᠠᠳᠯᠠᠨ ᠲᠣᠭᠲᠠᠭᠠᠬᠤ ᠪᠠᠷᠢᠮᠵᠢᠶ᠎ᠠ ᠲᠠᠢ ᠬᠠᠷᠢᠴᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠵᠢᠴᠢ ᠰᠤᠳᠤᠯᠤᠨ ᠨᠡᠭᠡᠭᠡᠬᠦ ᠠᠵᠢᠯᠯᠠᠭ᠎ᠠ ᠲᠠᠢ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠯᠢᠳᠡᠭ ᠢ ᠰᠣᠩᠭᠤᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ ᠪᠤᠶᠢᠵᠢᠭᠤᠯᠬᠤ ᠬᠥᠮᠥᠷᠭᠡ ᠳᠤ ᠣᠷᠣᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠪᠦᠬᠦᠩ ᠠᠵᠤ ᠠᠬᠤᠶᠢᠯᠠᠯ ᠢ | ᠱᠠᠲᠤᠯᠠᠨ ᠪᠤᠶᠢᠵᠢᠭᠤᠯᠬᠤ ᠰᠢᠰᠲ᠋ᠧᠮᠵᠢ ᠶᠢ ᠪᠣᠶ ᠪᠣᠯᠭᠠᠨ᠎ᠠ᠃ ᠰᠢᠨ᠎ᠡ ᠪᠠᠷ ᠨᠤᠲᠠᠯᠠᠨ ᠲᠣᠭᠲᠠᠭᠠᠭᠰᠠᠨ ᠪᠦᠬᠦᠩ ᠠᠵᠤ | ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ | ᠶᠢᠨ ᠳᠤᠮᠳᠠ ᠪᠠᠭ᠎ᠠ ᠠᠵᠤ ᠠᠬᠤᠶᠢᠯᠠᠯ ᠳᠤ ᠵᠣᠬᠢᠬᠤ ᠳᠡᠮᠵᠢᠯᠭᠡ ᠦᠵᠡᠬᠦᠯᠦᠨ᠎ᠡ᠃ 2025 ᠣᠨ ᠪᠣᠯᠬᠤ ᠳᠤ᠂ ᠪᠥᠬᠦ | ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 40 ᠳᠤ ᠬᠦᠷᠦᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 25 ᠳᠤ ᠬᠦᠷᠦᠭᠦᠯᠬᠦ ᠪᠠᠷ ᠴᠢᠷᠮᠠᠶᠢᠨ᠎ᠠ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ︶ | ︵ᠠᠷᠪᠠᠨ ᠬᠤᠶᠠᠷ︶ ᠠᠵᠤ ᠠᠬᠤᠶᠢᠯᠠᠯᠲᠠᠨ ᠤ ᠰᠢᠨ᠎ᠡ ᠶᠢ ᠡᠭᠦᠳᠬᠦ ᠢᠳᠡᠪᠬᠢᠵᠢᠯ ᠢ ᠬᠥᠭᠵᠢᠭᠡᠨ᠎ᠡ᠃ ︽ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ᠂ ᠰᠠᠯᠠᠭ᠎ᠠ ᠮᠥᠴᠢᠷ ᠤᠨ ᠨᠡᠷ᠎ᠡ ᠮᠡᠳᠡᠭᠦᠯᠬᠦ︾ ᠠᠵᠢᠯ ᠤᠨ ᠲᠣᠭᠲᠠᠴᠠ ᠶᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠴᠢᠷᠮᠠᠶᠢᠨ ᠰᠢᠯᠢᠳᠡᠭᠵᠢᠭᠦᠯᠵᠦ᠂ | ᠠᠵᠤ ᠠᠬᠤᠶᠢᠯᠠᠯ ᠳᠤ ᠲᠥᠪᠯᠡᠷᠡᠭᠦᠯᠦᠨ ᠦᠢᠯᠡᠴᠢᠯᠡᠬᠦ ᠠᠵᠢᠯᠯᠠᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠤᠨ᠂ ᠮᠠᠨ ᠤ | ᠬᠤᠲᠠ ᠶᠢᠨ ᠠᠵᠤ ᠠᠬᠤᠶᠢᠯᠠᠯ ᠳᠤ ᠦᠢᠯᠡᠴᠢᠯᠡᠬᠦ ᠬᠤᠯᠪᠤᠭᠳᠠᠯ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ | ᠠᠵᠤ ᠠᠬᠤᠶᠢᠯᠠᠯ ᠤᠨ ᠬᠡᠷᠡᠭᠴᠡᠭᠡ ᠶᠢ ᠴᠠᠭ ᠲᠤᠬᠠᠶ ᠳᠤᠨᠢ ᠳᠠᠭᠠᠵᠤ᠂ ᠠᠵᠤ ᠠᠬᠤᠶᠢᠯᠠᠯ ᠤᠨ ᠠᠰᠠᠭᠤᠳᠠᠯ ᠢ | ᠰᠢᠢᠳᠪᠦᠷᠢᠯᠡᠨ᠎ᠡ᠃ ᠵᠠᠭᠤᠴᠢᠯᠠᠭᠤᠷ᠂ ᠨᠡᠶᠢᠲᠡ ᠶᠢᠨ ᠠᠰᠠᠷᠠᠮᠵᠢ ᠶᠢᠨ ᠵᠠᠷ ᠤᠨ ᠲᠠᠪᠴᠠᠩ ᠳᠤ ᠮᠠᠨ ᠤ ᠬᠤᠲᠠ ᠶᠢᠨ ᠠᠵᠤ | ᠠᠬᠤᠶᠢᠯᠠᠯᠲᠠᠨ ᠤ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠵᠢᠯ ᠪᠦᠷᠢ ᠨᠢᠭᠡ ᠪᠦᠯᠦᠭ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠰᠢᠯᠢᠳᠡᠭ | ᠠᠵᠤ ᠠᠬᠤᠶᠢᠯᠠᠯᠲᠠᠨ ᠢ ᠨᠡᠶᠢᠲᠡᠯᠡᠨ ᠰᠠᠶᠢᠰᠢᠶᠠᠵᠤ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠠᠭᠤᠷ ᠠᠮᠢᠰᠬᠤᠯ ᠢ | ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ | ᠤᠬᠠᠭᠤᠯᠬᠤ ᠬᠡᠯᠲᠡᠰ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ | ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ | ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ︶ | ︵ᠠᠷᠪᠠᠨ ᠭᠤᠷᠪᠠ︶ ᠠᠵᠤ ᠠᠬᠤᠶᠢᠯᠠᠯ ᠳᠤ ᠬᠤᠯᠪᠣᠭᠳᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ | ᠭᠠᠶᠢᠯᠢ ᠲᠤᠰᠢᠶᠠᠬᠤ ᠠᠴᠠ ᠡᠮᠦᠨ᠎ᠡ ᠨᠡᠮᠡᠨ ᠪᠤᠳᠤᠵᠤ ᠰᠠᠭᠤᠯᠭᠠᠨ ᠬᠠᠰᠤᠬᠤ᠂ ᠠᠵᠤ ᠠᠬᠤᠶᠢᠯᠠᠯ ᠤᠨ ᠠᠵᠢᠯᠳᠠᠨ | ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠰᠠᠭᠤᠯᠭᠠᠨ ᠬᠠᠰᠤᠬᠤ᠂ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠶᠢᠯᠢ ᠶᠢᠨ ᠨᠤᠷᠮ᠎ᠠ ᠶᠢᠨ ᠬᠠᠷᠠᠭᠠᠯᠵᠠᠯ᠂ ᠠᠳᠠᠯ ᠦᠢᠯᠡᠰ | ᠴᠣᠭᠴᠠᠯᠠᠬᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠭᠠᠶᠢᠯᠢ ᠲᠤᠰᠢᠶᠠᠪᠠᠯ ᠵᠣᠬᠢᠬᠤ ᠠᠰᠢᠭ | ᠣᠷᠣᠯᠭ᠎ᠠ ᠶᠢᠨ ᠲᠤᠭ᠎ᠠ ᠶᠢ ᠲᠤᠯᠭᠠᠨ ᠬᠠᠰᠤᠬᠤ᠂ ᠮᠡᠷᠭᠡᠵᠢᠯ ᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ ᠶᠢᠨ | ᠭᠠᠶᠢᠯᠢ ᠶᠢ ᠬᠠᠰᠤᠵᠤ ᠬᠡᠯᠲᠦᠷᠢᠭᠦᠯᠬᠦ ᠵᠡᠷᠭᠡ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠲᠤᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ᠂ ᠰᠢᠨ᠎ᠡ ᠶᠢ ᠡᠭᠦᠳᠬᠦ ᠪᠦᠯᠬᠦᠮ ᠨᠡᠶᠢᠲᠡ᠂ ᠮᠡᠷᠭᠡᠵᠢᠯ ᠤᠨ ᠦᠷ᠎ᠡ | ᠪᠦᠲᠦᠭᠡᠯ ᠢ ᠡᠵᠡᠮᠰᠢᠭᠴᠢ ᠮᠠᠨ ᠤ ᠬᠤᠲᠠ ᠳᠤ ᠢᠷᠡᠵᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ | ᠠᠬᠤᠶᠢᠯᠠᠯ ᠪᠠᠶᠢᠭᠤᠯᠬᠤ ᠳᠤ ᠬᠤᠯᠪᠣᠭᠳᠠᠯ ᠪᠥᠬᠦᠶ ᠭᠠᠶᠢᠯᠢ ᠲᠠᠲᠠᠪᠤᠷᠢ ᠶᠢ ᠬᠠᠰᠤᠵᠤ ᠭᠡᠯᠳᠦᠷᠢᠭᠦᠯᠬᠦ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ | ᠲᠤᠪᠴᠢᠶᠠᠨ ᠤ ᠦᠬᠠᠶ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠳᠠ ᠶᠢᠨ ᠲᠣᠪᠴᠢᠶ᠎ᠠ︶ | ᠳᠥᠷᠪᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ | ᠠᠬᠢᠭᠤᠯᠤᠨ᠎ᠠ | ︵ᠠᠷᠪᠠᠨ ᠳᠥᠷᠪᠡ︶ ᠮᠡᠷᠭᠡᠵᠢᠯ ᠰᠢᠯᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠡᠯ᠎ᠡ | ᠲᠥᠷᠥᠯ ᠤᠨ ᠴᠢᠬᠤᠯᠠ ᠬᠦᠴᠦᠨ ᠵᠦᠢᠯ ᠤᠨ ᠡᠬᠢ ᠪᠠᠶᠠᠯᠢᠭ ᠢ ᠵᠠᠬ᠎ᠠ ᠳᠡᠯᠭᠡᠭᠦᠷᠴᠢᠯᠡᠨ ᠳᠣᠭᠢᠷᠠᠭᠤᠯᠬᠤ ᠶᠢ ᠬᠦᠢᠴᠡᠳ | ᠳᠠᠶᠢᠴᠢᠯᠠᠵᠤ᠂ ᠦᠬᠠᠶ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢ ᠰᠦᠪᠡᠭᠴᠢᠯᠡᠨ | ᠪᠠᠶᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ᠂ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠶᠢ ᠬᠠᠷᠢᠯᠴᠠᠨ ᠬᠤᠯᠪᠣᠭᠰᠠᠨ᠂ ᠣᠷᠣᠨ ᠤ ᠲᠤᠲᠤᠷᠠᠭᠢ ᠪᠠ ᠣᠷᠣᠨ ᠤ | ᠭᠠᠳᠠᠨᠠᠬᠢ ᠶᠢ ᠬᠠᠷᠢᠯᠴᠠᠨ ᠬᠤᠯᠪᠣᠭᠰᠠᠨ ᠮᠡᠷᠭᠡᠵᠢᠯ ᠰᠢᠯᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠪᠣᠶ ᠪᠣᠯᠭᠠᠨ᠎ᠠ᠃ | ᠡᠯ᠎ᠡ ᠲᠣᠭᠤᠷᠢᠭ᠂ ᠲᠤᠯᠤᠭᠠᠶᠢᠯᠠᠭᠴᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠰᠢᠯᠵᠢᠭᠦᠯᠦᠨ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠶᠢ | ᠳᠡᠮᠵᠢᠨ᠎ᠡ᠃ ᠮᠡᠷᠭᠡᠵᠢᠯ ᠰᠢᠯᠵᠢᠭᠦᠯᠬᠦ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠲᠤᠰᠬᠠᠶᠢᠵᠢᠭᠰᠠᠨ ᠮᠡᠷᠭᠡᠵᠢᠯ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ | ᠵᠣᠷᠢᠭᠵᠢᠭᠤᠯᠤᠨ ᠳᠡᠮᠵᠢᠨ᠎ᠡ᠃ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠢ 1 | ᠪᠤᠶᠢᠵᠢᠭᠤᠯᠬᠤ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠰᠠᠭᠤᠷᠢᠨ ᠭᠠᠵᠠᠷ ᠢ 1 — 2 ᠪᠤᠶᠢᠵᠢᠭᠤᠯᠤᠨ᠂ ᠥᠪᠡᠷᠲᠡᠭᠡᠨ | ᠵᠠᠰᠠᠬᠤ ᠣᠷᠣᠨ ᠤ ᠮᠡᠷᠭᠡᠵᠢᠯ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ 1 — 2 ᠪᠤᠶᠢᠵᠢᠭᠤᠯᠬᠤ ᠪᠠᠷ | ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠦᠬᠠᠶ ᠶᠢᠨ ᠮᠥᠩᠭᠦᠨ ᠬᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠬᠢᠵᠠᠭᠠᠷᠲᠤ ᠺᠣᠮᠫᠠᠨᠢ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠲᠠᠪᠤ᠂ ᠨᠡᠬᠡᠬᠡᠯᠳᠡ ᠬᠢᠵᠦ ᠬᠠᠮᠲᠤᠷᠠᠯᠴᠠᠬᠤ ᠰᠢᠨ᠎ᠡ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ | ︵ᠠᠷᠪᠠᠨ ᠲᠠᠪᠤ︶ ᠰᠢᠨᠵᠢᠯᠡᠬᠦ ᠤᠬᠠᠭᠠᠨ ᠮᠡᠷᠭᠡᠵᠢᠯ ᠪᠠ ᠮᠥᠩᠭᠦᠨ ᠬᠦᠢᠯᠭᠡᠭᠡᠨ ᠤ ᠭᠦᠨᠵᠡᠭᠡᠶ ᠠᠭᠤᠰᠤᠯᠴᠠᠯ ᠢ | ᠠᠬᠢᠭᠤᠯᠤᠨ᠎ᠠ᠃ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ | ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠬᠦᠷᠢᠶᠡᠨ ᠳᠤ ᠣᠷᠣᠭᠤᠯᠵᠤ᠂ ᠪᠥᠬᠦ ᠲᠠᠯ᠎ᠠ ᠪᠠᠷ᠂ ᠣᠯᠠᠨ ᠠᠷᠭ᠎ᠠ ᠵᠠᠮ ᠢᠶᠠᠷ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠳᠤ ᠪᠠᠯᠠ ᠳᠣᠭᠢᠷᠠᠭᠤᠯᠬᠤ ᠦᠢᠯᠡᠴᠢᠯᠡᠭᠡ ᠬᠠᠩᠭᠠᠵᠤ᠂ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠬᠦ ᠶᠢ ᠠᠬᠢᠭᠤᠯᠤᠨ᠎ᠠ᠃ ᠦᠬᠠᠶ ᠬᠤᠲᠠ ᠶᠢᠨ | ᠠᠵᠤ ᠦᠢᠯᠡᠰ ᠤᠨ ᠬᠥᠲᠥᠯᠦᠨ ᠵᠢᠯᠣᠭᠤᠳᠬᠤ ᠰᠠᠭᠤᠷᠢ ᠮᠥᠩᠭᠦ ᠶᠢᠨ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠵᠤ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠳᠡᠭᠡᠳᠦ ᠲᠠᠰ ᠤᠨ | ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ ᠵᠢᠴᠢ ᠮᠣᠩᠭᠤᠯ ᠬᠢᠲᠠᠳ ᠡᠮ ᠡᠮᠨᠡᠯᠭᠡ᠂ | ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠵᠡᠷᠭᠡ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠴᠢᠨᠠᠷ | ᠰᠠᠶᠢᠲᠠᠶ ᠠᠵᠤ ᠠᠬᠤᠶᠢᠯᠠᠯ ᠤᠨ ᠯᠠᠪᠳᠠᠭᠤᠨ᠂ ᠪᠤᠵᠠᠭᠠᠶᠢᠷᠠᠯ᠂ ᠬᠦᠴᠦᠷᠬᠡᠭᠵᠢᠯ ᠢ ᠪᠦᠲᠦᠮᠵᠢᠲᠡᠶ ᠳᠠᠶᠢᠴᠢᠯᠠᠨ᠎ᠠ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠰᠠᠭ ᠤᠨ | ᠣᠷᠳᠣᠨ ᠤ ᠮᠥᠩᠭᠦᠨ ᠬᠦᠢᠯᠬᠡᠬᠡᠨ ᠤ ᠠᠵᠢᠯ ᠤᠨ ᠠᠯᠪᠠᠨ ᠬᠡᠷ᠂ ᠦᠬᠠᠶ ᠶᠢᠨ ᠮᠥᠩᠭᠦᠨ ᠬᠦᠢᠯᠭᠡᠭᠡᠨ ᠤ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ︶ | ︵ᠠᠷᠪᠠᠨ ᠵᠢᠷᠭᠤᠭ᠎ᠠ︶ ᠬᠠᠮᠲᠤᠷᠠᠯᠴᠠᠵᠤ ᠬᠠᠮᠲᠤᠪᠠᠷ ᠠᠰᠢᠭ ᠭᠥᠷᠳᠡᠬᠦ ᠲᠣᠭᠲᠠᠴᠠ ᠶᠢ ᠪᠠᠶᠢᠭᠤᠯᠤᠨ᠎ᠠ᠃ | ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠨᠠᠷᠠᠲᠤ ᠳᠡᠭᠡᠳᠦ ᠰᠤᠷᠭᠠᠭᠤᠯᠢ᠂ ᠭᠤᠤᠯᠳᠠᠯᠭ᠎ᠠ ᠲᠠᠢ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ | ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠲᠥᠷᠥᠯ ᠵᠦᠢᠯ ᠢ ᠬᠠᠮᠲᠤᠷᠠᠨ ᠬᠡᠷᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠬᠤ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ | ᠪᠣᠶ ᠪᠣᠯᠭᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ | ᠪᠤᠶᠢᠵᠢᠭᠤᠯᠬᠤ᠂ ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠨᠡᠶᠢᠲᠡ ᠶᠢ ᠲᠠᠲᠠᠬᠤ ᠵᠡᠷᠭᠡ ᠲᠠᠯ᠎ᠠ ᠪᠠᠷ | ᠬᠠᠮᠲᠤᠷᠠᠯᠴᠠᠭ᠎ᠠ ᠥᠷᠨᠢᠭᠦᠯᠦᠨ᠎ᠡ᠃ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠤᠨ ᠴᠢᠳᠠᠪᠤᠷᠢᠲᠠᠨ ᠤ ᠣᠶᠤᠨ | ᠴᠢᠳᠠᠪᠤᠷᠢ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠬᠢ ᠥᠪᠡᠷᠮᠢᠴᠡ ᠳᠠᠪᠠᠭᠤᠯᠢᠭ ᠢ ᠨᠢ ᠬᠦᠢᠴᠡᠳ ᠪᠠᠳᠠᠷᠠᠭᠤᠯᠵᠤ᠂ | ᠰᠤᠷᠭᠠᠭᠤᠯᠢ ᠣᠷᠣᠨ ᠨᠤᠲᠤᠭ ︵ᠠᠵᠤ ᠠᠬᠤᠶᠢᠯᠠᠯ︶ ᠤᠨ ᠪᠥᠬᠦ ᠲᠠᠯ᠎ᠠ ᠶᠢᠨ᠂ ᠥᠷᠭᠡᠨ ᠬᠦᠷᠢᠶ᠎ᠡ ᠴᠠᠷᠠᠭ᠎ᠠ ᠶᠢᠨ᠂ ᠣᠯᠠᠨ | ᠬᠡᠯᠪᠡᠷᠢ ᠮᠠᠶ᠋ᠢᠭ ᠤᠨ᠂ ᠣᠯᠠᠨ ᠵᠠᠭᠪᠤᠷ ᠤᠨ ᠬᠠᠮᠲᠤᠷᠠᠯᠴᠠᠭᠠᠨ ᠤ ᠪᠠᠶᠢᠷᠢᠰᠢᠯ ᠢ ᠪᠣᠶ ᠪᠣᠯᠭᠠᠨ᠎ᠠ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠳᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠦᠬᠠᠶ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶ | ᠵᠢᠷᠭᠤᠭ᠎ᠠ᠂ ᠰᠢᠨ᠎ᠡ ᠶᠢ ᠡᠭᠦᠳᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠡᠷᠴᠢᠮ ᠢ | ᠴᠢᠩᠭᠠᠷᠠᠭᠤᠯᠤᠨ᠎ᠠ | ︵ᠠᠷᠪᠠᠨ ᠳᠣᠯᠤᠭ᠎ᠠ︶ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠴᠢᠳᠠᠪᠤᠷᠢᠲᠠᠨ ᠢ | ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠵᠦᠢᠯ ᠤᠨ ᠬᠡᠯᠪᠡᠷᠢ ᠶᠢᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ᠂ ᠴᠢᠳᠠᠪᠤᠷᠢᠲᠠᠨ ᠢ ᠬᠡᠷᠡᠭᠯᠡᠬᠦ ᠵᠠᠭᠪᠤᠷ ᠢ ᠲᠦᠷᠭᠡᠪᠴᠢᠯᠡᠨ ᠬᠠᠶᠢᠨ ᠰᠦᠪᠡᠭᠴᠢᠯᠡᠵᠦ᠂ ᠡᠯ᠎ᠡ ᠲᠦᠷᠦᠯ ᠤᠨ | ᠳᠡᠭᠡᠳᠦ ᠲᠡᠰ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠴᠢᠷᠮᠠᠶᠢᠨ ᠴᠤᠭᠯᠠᠷᠠᠭᠤᠯᠵᠤ᠂ ︽ᠥᠮᠴᠢᠯᠡᠬᠦ ᠶᠢ | ᠬᠥᠭᠡᠭᠡᠴᠡᠯᠳᠦᠬᠦ ᠦᠭᠡᠢ ᠪᠣᠯᠪᠠᠴᠤ ᠬᠡᠷᠡᠭᠯᠡᠬᠦ ᠶᠢ ᠬᠥᠭᠡᠭᠡᠴᠡᠯᠳᠦᠬᠦ︾︽ᠪᠠᠶᠢᠩᠭᠤ ᠪᠠᠶᠢᠬᠤ ᠶᠢ ᠬᠥᠭᠡᠭᠡᠴᠡᠯᠳᠦᠬᠦ ᠦᠭᠡᠢ | ᠪᠣᠯᠪᠠᠴᠤ ᠪᠠᠶᠢᠩᠭᠤ ᠢᠷᠡᠬᠦ ᠶᠢ ᠬᠥᠭᠡᠭᠡᠴᠡᠯᠳᠦᠬᠦ︾ ᠶᠢ ᠪᠡᠶᠡᠯᠡᠭᠦᠯᠦᠨ᠎ᠡ᠃ ᠮᠠᠨ ᠤ ᠬᠤᠲᠠ ᠶᠢᠨ ᠭᠤᠣᠯᠳᠠᠯᠭ᠎ᠠ ᠲᠠᠢ | ᠠᠵᠤ ᠦᠢᠯᠡᠰ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠪᠡᠷᠢ ᠶᠢᠨ | ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠬᠤ ᠶᠢ | ᠲᠦᠷᠭᠡᠳᠬᠡᠵᠦ᠂ ᠲᠡᠳᠡᠨ ᠤ ᠣᠯᠭᠤᠮᠵᠢ ᠶᠢ ︽ᠣᠨᠴᠠ ᠶᠠᠪᠤᠳᠠᠯ ᠢ ᠣᠨᠴᠠ ᠵᠥᠪᠯᠡᠬᠦ᠂ ᠠᠰ ᠠᠰ ᠢᠶᠠᠷ ᠨᠢ ᠵᠥᠪᠯᠡᠬᠦ︾ | ᠠᠷᠭ᠎ᠠ ᠮᠠᠶ᠋ᠢᠭ ᠢᠶᠠᠷ ᠵᠥᠪᠳᠡᠯᠴᠡᠨ ᠰᠢᠢᠳᠪᠦᠷᠢᠯᠡᠨ᠎ᠡ᠃ ᠴᠢᠳᠠᠪᠤᠷᠢᠲᠠᠨ᠂ ᠲᠥᠷᠥᠯ ᠵᠦᠢᠯ᠂ ᠮᠡᠷᠭᠡᠵᠢᠯ ᠲᠠᠭᠠᠭᠤᠯᠤᠨ | ᠮᠠᠨ ᠤ ᠬᠤᠲᠠ ᠳᠤ ᠢᠷᠡᠵᠦ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ᠂ ᠦᠷ᠎ᠡ ᠪᠦᠲᠦᠭᠡᠯ ᠢ | ᠬᠤᠪᠢᠷᠠᠭᠤᠯᠬᠤ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢ ᠠᠪᠴᠤ ᠵᠣᠬᠢᠬᠤ ᠳᠡᠮᠵᠢᠯᠭᠡ ᠦᠵᠡᠭᠦᠯᠦᠨ᠎ᠡ᠃ | ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ ᠵᠠᠰᠠᠬᠤ ᠣᠷᠣᠨ ᠤ ᠠᠺᠠᠳᠧᠮᠢᠴᠢ ᠲᠤᠰᠬᠠᠶ ᠮᠡᠷᠭᠡᠵᠢᠯᠲᠡᠨ ᠤ | ᠠᠵᠢᠯ ᠤᠨ ᠥᠷᠲᠡᠭᠡ ᠳᠤ ᠵᠣᠬᠢᠬᠤ ᠳᠡᠮᠵᠢᠯᠭᠡ ᠦᠵᠡᠭᠦᠯᠦᠨ᠎ᠡ᠃ ᠦᠬᠠᠶ ᠬᠤᠲᠠ ᠶᠢᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠭᠠᠷᠴᠠᠭ ᠲᠤ ᠵᠢᠭᠰᠠᠭᠠᠨ ᠣᠷᠣᠭᠤᠯᠤᠭᠰᠠᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠥᠷᠥᠯ ᠤᠨ | ᠴᠢᠳᠠᠪᠤᠷᠢᠲᠠᠨ ᠤ ᠦᠷ᠎ᠡ ᠬᠡᠤᠬᠡᠳ ᠢ ᠮᠠᠨ ᠤ ᠬᠤᠲᠠ ᠳᠤ ᠰᠤᠷᠭᠠᠭᠤᠯᠢ ᠳᠤ ᠣᠷᠣᠭᠤᠯᠬᠤ ᠴᠢᠬᠤᠯᠠᠲᠠᠶ ᠪᠠᠶᠢᠪᠠᠯ᠂ | ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠣᠭᠢᠷᠠᠭᠤᠯᠤᠨ | ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠰᠤᠷᠭᠠᠨ ᠬᠥᠮᠦᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ︶ | ︵ᠠᠷᠪᠠᠨ ᠨᠠᠢᠮᠠ︶ ᠲᠣᠰ ᠭᠠᠵᠠᠷ ᠣᠷᠣᠨ ᠤ ᠪᠠᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ | ᠶᠡᠬᠡᠪᠡᠷ ᠬᠥᠮᠦᠵᠢᠭᠦᠯᠦᠨ᠎ᠡ᠃ ᠠᠵᠤ ᠠᠬᠤᠶᠢᠯᠠᠯ ᠤᠨ ᠨᠠᠷᠠᠲᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠬᠠᠮᠲᠤᠷᠠᠯᠴᠠᠭ᠎ᠠ ᠥᠷᠨᠢᠭᠦᠯᠬᠦ ᠪᠠᠷ ᠳᠡᠮᠵᠢᠵᠦ᠂ ᠨᠢᠭᠡ ᠪᠦᠯᠦᠭ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠭᠤᠤᠯᠯᠠᠬᠤ ᠮᠡᠷᠭᠡᠵᠢᠯ ᠢ ᠡᠵᠡᠮᠰᠢᠭᠰᠡᠨ ᠲᠣᠰ ᠭᠠᠵᠠᠷ | ᠣᠷᠣᠨ ᠤ ᠰᠢᠨᠵᠢᠯᠡᠭᠡᠨ ᠤ ᠰᠠᠯᠠᠭ᠎ᠠ ᠶᠢᠨ ᠡᠷᠳᠡᠮ ᠰᠢᠨᠵᠢᠯᠡᠭᠡᠨ ᠤ ᠳᠠᠭᠠᠭᠤᠯᠤᠭᠴᠢ ᠶᠢ ᠬᠥᠮᠦᠵᠢᠭᠦᠯᠦᠨ᠎ᠡ᠃ ᠠᠵᠤ | ᠦᠢᠯᠡᠰ ᠪᠠ ᠰᠤᠷᠭᠠᠨ ᠬᠥᠮᠦᠵᠢᠯ ᠢ ᠤᠶᠠᠯᠳᠤᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠢ ᠬᠤᠯᠪᠣᠭᠠᠯᠠᠭᠤᠯᠬᠤ ᠶᠢ | ᠢᠳᠡᠪᠬᠢᠲᠡᠶ ᠪᠠᠷ ᠠᠬᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠪᠠᠲᠤᠯᠠᠭ᠎ᠠ ᠶᠢᠨ | ᠲᠣᠭᠲᠠᠴᠠ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠥᠬᠦᠪᠥᠷᠢ ᠶᠢᠨ ᠪᠠᠷᠢᠮᠵᠢᠶ᠎ᠠ ᠶᠢᠨ ᠬᠥᠳᠡᠯᠦᠩᠭᠦᠶ | ᠲᠣᠬᠢᠷᠠᠭᠤᠯᠤᠯᠲᠠ ᠶᠢᠨ ᠲᠣᠭᠲᠠᠴᠠ ᠶᠢ ᠪᠦᠷᠢᠨᠰᠢᠬᠦᠯᠵᠦ᠂ ᠨᠢᠭᠡ ᠪᠦᠯᠦᠭ ᠣᠷᠣᠨ ᠨᠤᠲᠤᠭ ᠤᠨ ᠳᠡᠭᠡᠳᠦ | ᠮᠡᠷᠭᠡᠵᠢᠯ ᠤᠨ ᠴᠢᠳᠠᠪᠤᠷᠢᠲᠠᠨ ᠢ ᠬᠦᠮᠦᠵᠢᠬᠦᠯᠦᠨ᠎ᠡ᠃ ᠤᠯᠤᠰ ᠤᠨ ᠳᠣᠲᠣᠭᠠᠳᠤ ᠳᠤ ᠨᠡᠷ᠎ᠡ ᠠᠯᠳᠠᠷᠰᠢᠭᠰᠠᠨ ᠬᠥᠮᠦᠨ ᠤ | ᠬᠦᠴᠦᠨ ᠤ ᠡᠬᠢ ᠪᠠᠶᠠᠯᠢᠭ ᠤᠨ ᠪᠣᠯᠪᠠᠰᠤᠷᠠᠭᠤᠯᠤᠯ ᠤᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ | ᠠᠪᠴᠢᠷᠠᠵᠤ᠂ ᠮᠡᠷᠭᠡᠵᠢᠯ ᠤᠨ ᠠᠵᠢᠯᠴᠢᠨ᠂ ᠠᠵᠤ ᠦᠢᠯᠡᠰ ᠤᠨ ᠠᠵᠢᠯᠴᠢᠨ ᠢ ᠣᠷᠣᠭᠤᠯᠤᠨ ᠠᠪᠴᠢᠷᠠᠬᠤ ᠶᠢ | ᠴᠢᠩᠭᠠᠷᠠᠭᠤᠯᠤᠨ᠎ᠠ᠃ ᠮᠠᠨ ᠤ ᠬᠤᠲᠠ ᠳᠤ ᠨᠡᠷ᠎ᠡ ᠳᠤᠷᠠᠳᠤᠭᠰᠠᠨ ᠤ ᠬᠠᠮᠲᠤ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ ᠣᠯᠤᠭᠰᠠᠨ ᠨᠢᠭᠡᠳᠦᠭᠡᠷ ᠪᠡᠶᠡᠯᠡᠭᠦᠯᠦᠭᠰᠡᠨ | ᠨᠢᠭᠡᠴᠡ ᠳᠤ ᠵᠣᠬᠢᠬᠤ ᠬᠡᠮᠵᠢᠶᠡᠨ ᠤ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ︶ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠ ᠶᠢᠰᠦ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠬᠤ ᠬᠡᠷᠡᠭᠳᠡᠢ᠃ ᠬᠤᠲᠠ᠂ | ᠲᠣᠭᠤᠷᠢᠭ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠤᠳᠤᠷᠢᠳᠬᠤ | ᠳᠤᠭᠤᠶᠢᠯᠠᠩ ᠪᠠᠶᠢᠭᠤᠯᠵᠤ᠂ ︽ᠨᠢᠭᠡᠳᠦᠭᠡᠷ ᠭᠠᠷ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠢ ᠠᠳᠬᠤᠬᠤ︾ ᠲᠤᠰᠢᠶᠠᠯ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ | ᠲᠥᠯᠥᠪᠵᠢᠭᠦᠯᠦᠨ ᠠᠬᠢᠭᠤᠯᠬᠤ ᠬᠡᠷᠡᠭᠳᠡᠢ᠃ ᠡᠯ᠎ᠡ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ | ᠬᠤᠳᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠢᠯ ᠪᠦᠷᠢ ᠶᠢᠨ 11 | ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠳᠤ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠠᠵᠢᠯ ᠤᠨ ᠪᠠᠶᠢᠳᠠᠯ ᠢᠶᠠᠨ ᠮᠡᠳᠡᠬᠦᠯᠬᠦ ᠬᠡᠷᠡᠭᠳᠡᠢ᠃ | ᠬᠤᠲᠠ᠂ ᠲᠣᠭᠤᠷᠢᠭ ᠤᠨ ᠨᠠᠮ ᠤᠨ ᠬᠤᠷᠢᠶ᠎ᠠ ᠵᠢᠯ ᠪᠦᠷᠢ 1 — 2 ᠤᠳᠠᠭ᠎ᠠ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠠᠵᠢᠯ ᠢ ᠰᠤᠳᠤᠯᠬᠤ ᠬᠤᠷᠠᠯ ᠬᠤᠷᠠᠯᠳᠤᠭᠤᠯᠬᠤ ᠬᠡᠷᠡᠭᠳᠡᠢ᠃ ᠪᠥᠬᠦ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠬᠠᠮᠵᠢᠯᠴᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ | ᠡᠯ᠎ᠡ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠰᠠᠶᠢᠲᠤᠷ ᠳᠣᠭᠢᠷᠠᠭᠤᠯᠵᠤ᠂ | ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ | ᠡᠭᠦᠷᠭᠡ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠬᠦ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠵᠤ᠂ ᠲᠣᠰ ᠲᠥᠰᠦᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ︵ᠡᠯ᠎ᠡ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠡᠯ᠎ᠡ ᠬᠤᠯᠪᠣᠭᠳᠠᠯ ᠪᠥᠬᠦᠶ ᠨᠢᠭᠡᠴᠡ︶ | ︵ᠬᠤᠷᠢ︶ ᠪᠠᠯᠠ ᠮᠥᠩᠭᠦ ᠶᠢᠨ ᠪᠠᠲᠤᠯᠠᠭ᠎ᠠ ᠪᠠᠨ ᠨᠡᠮᠡᠭᠳᠡᠭᠦᠯᠬᠦ ᠬᠡᠷᠡᠭᠳᠡᠢ᠃ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ | ᠣᠷᠣᠭᠤᠯᠤᠯᠲᠠ ᠶᠢᠨ ᠬᠠᠲᠠᠭᠤ ᠨᠡᠮᠡᠭᠳᠡᠯ ᠤᠨ ᠲᠣᠭᠲᠠᠴᠠ ᠪᠠ ᠨᠡᠶᠢᠭᠡᠮ ᠤᠨ ᠣᠷᠣᠭᠤᠯᠤᠯᠲᠠ ᠶᠢ ᠤᠷᠮᠠᠰᠢᠭᠤᠯᠬᠤ | ᠲᠣᠭᠲᠠᠴᠠ ᠶᠢ ᠪᠠᠶᠢᠭᠤᠯᠬᠤ ᠬᠡᠷᠡᠭᠳᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢᠶᠠᠨ | ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ﹀ ᠤᠨ ᠡᠭᠦᠷᠭᠡ ᠶᠢᠨ ᠠᠵᠢᠯ ᠤᠨ | ᠬᠤᠪᠢᠶᠠᠷᠢᠯᠠᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠥᠪᠥᠷ ᠵᠠᠰᠠᠭ ᠠᠯᠪᠠᠨ | ᠥᠰᠥᠭ︹2021︺ 9 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢᠶᠠᠷ ᠳᠡᠮᠵᠢᠵᠦ ᠪᠠᠶᠢᠭ᠎ᠠ ᠭᠠᠵᠠᠷ ᠣᠷᠣᠨ ᠳᠤ 1᠄1 ᠠᠴᠠ | ᠳᠣᠤᠷ᠎ᠠ ᠥᠬᠡᠶ ᠢᠵᠢ ᠪᠥᠷᠢᠳᠦᠭᠦᠯᠬᠦ ᠳᠡᠮᠵᠢᠯᠭᠡ ᠦᠵᠡᠭᠦᠯᠬᠦ ᠬᠡᠷᠡᠭᠳᠡᠢ᠃ ︵ᠡᠯ᠎ᠡ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠯᠪᠣᠭᠳᠠᠯ ᠪᠦᠬᠦᠢ ᠨᠢᠭᠡᠴᠡ ᠨᠦᠭᠦᠳ︶ | ᠨᠠᠢᠮᠠ᠂ ᠪᠤᠰᠤᠳ ᠵᠦᠢᠯ | ᠲᠣᠰ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠯᠤᠰ ᠪᠠ ᠥᠪᠡᠷᠲᠡᠭᠡᠨ | ᠵᠠᠰᠠᠬᠤ ᠣᠷᠣᠨ ᠠᠴᠠ ᠵᠠᠯᠭᠠᠭ᠎ᠠ ᠪᠠᠷ ᠰᠢᠨ᠎ᠡ ᠲᠥᠷᠥ ᠶᠢᠨ ᠪᠣᠳᠣᠯᠭ᠎ᠠ ᠨᠡᠶᠢᠲᠡᠯᠡᠭᠰᠡᠨ ᠪᠠᠶᠢᠪᠠᠯ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢ ᠵᠢᠷᠤᠮᠯᠠᠨ᠎ᠠ᠃ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠨᠢ ᠲᠥᠷᠥ ᠶᠢᠨ ᠪᠣᠳᠣᠯᠭ᠎ᠠ ᠶᠢ ᠮᠥᠷᠳᠡᠨ ᠦᠨᠡᠯᠡᠨ ᠵᠢᠱᠢᠬᠦ ᠪᠠᠨ ᠴᠢᠩᠭᠠᠳᠬᠠᠵᠤ᠂ ᠴᠠᠭ | ᠲᠤᠬᠠᠶ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠲᠣᠰ ᠲᠥᠰᠦᠯ ᠢ | ᠲᠡᠭᠦᠯᠳᠡᠷᠵᠢᠬᠦᠯᠬᠦ ᠬᠡᠷᠡᠭᠳᠡᠢ᠃ | ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠤᠭᠤᠷᠢᠭ᠂ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ | ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃ | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2021 ᠣᠨ ᠤ 7 ᠰᠠᠷ᠎ᠠ ᠶᠢᠨ 15 ᠤ ᠡᠳᠦᠷ ᠲᠠᠷᠣᠮᠠᠯᠯᠠᠨ ᠲᠠᠷᠬᠠᠭᠠᠪᠠ | |