ᠶᠠᠩ ᠶᠢᠨ ᠦᠨ᠎ᠡ ᠶᠢ ᠪᠠᠲᠤᠯᠠᠵᠤ ᠬᠠᠩᠭᠠᠯᠭ᠎ᠠ ᠶᠢ ᠲᠣᠭᠲᠠᠪᠤᠷᠢᠵᠢᠭᠤᠯᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2021/9/16
     9 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠤᠳᠠ ᠲᠣᠭᠤᠷᠢᠭ ᠤᠨ ᠬᠡᠰᠡᠭ ᠵᠠᠬ᠎ᠠ ᠳᠡᠯᠭᠡᠭᠦᠷ ᠲᠤ ᠭᠦᠨᠵᠡᠭᠡᠶᠢᠷᠡᠨ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠦᠨ᠎ᠡ ᠶᠢ ᠪᠠᠲᠤᠯᠠᠵᠤ ᠬᠠᠩᠭᠠᠯᠭ᠎ᠠ ᠶᠢ ᠲᠣᠭᠲᠠᠪᠤᠷᠢᠵᠢᠭᠤᠯᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃      ︽ᠦᠨ᠎ᠡ ᠨᠢ ᠶᠠᠮᠠᠷ ᠪᠤᠶ︖︾ ︽ᠵᠠᠬ᠎ᠠ ᠳᠡᠯᠭᠡᠭᠦᠷ ᠤᠨ ᠬᠠᠩᠭᠠᠯᠭ᠎ᠠ ᠪᠠᠲᠤᠯᠠᠭ᠎ᠠ ᠲᠠᠢ ᠤᠤ ᠦᠭᠡᠢ ᠤᠤ︖︾ ᠸᠧᠶ ᠪᠠᠩ ᠵᠠᠬ᠎ᠠ ᠳᠡᠯᠭᠡᠭᠦᠷ ᠲᠤ᠂ ᠶᠠᠩ ᠶᠢᠨ ᠶᠠᠪᠤᠬᠤ ᠶᠢᠨ ᠳᠠᠭᠠᠤ ᠦᠵᠡᠵᠦ᠂ ᠪᠠᠷᠠᠭᠠᠨ ᠤ ᠢᠷᠡᠯᠲᠡ ᠶᠢ ᠨᠢ ᠠᠰᠠᠭᠤᠵᠤ᠂ ᠪᠠᠷᠠᠭᠠᠨ ᠤ ᠦᠨ᠎ᠡ ᠶᠢ ᠨᠢ ᠯᠠᠪᠯᠠᠵᠤ᠂ ᠶᠠᠰᠤ ᠴᠢᠨᠠᠷ ᠢ ᠨᠢ ᠠᠩᠬᠠᠷᠴᠦ᠂ ᠣᠷᠣᠯᠭ᠎ᠠ ᠶᠢᠨ ᠲᠤᠬᠠᠢ ᠵᠤᠭᠤᠭᠳᠠᠵᠤ᠂ ᠬᠤᠳᠠᠯᠳᠤᠭᠠᠨ ᠤ ᠲᠠᠯᠠᠪᠤᠷ ᠤᠨ ᠬᠠᠷᠢᠭᠤᠴᠠᠯᠭᠠᠲᠠᠨ ᠪᠠ ᠡᠵᠡᠩᠨᠡᠯᠲᠡ ᠶᠢᠨ ᠬᠤᠳᠠᠯᠳᠤᠭᠠᠴᠢᠨ ᠲᠠᠢ ᠳᠣᠲᠣᠨᠣ ᠪᠠᠷ ᠶᠠᠷᠢᠯᠴᠠᠵᠤ᠂ ᠢᠳᠡᠰᠢᠨ ᠨᠣᠭᠤᠭ᠎ᠠ᠂ ᠮᠢᠬᠠᠨ ᠤ ᠵᠦᠢᠯ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠪᠣᠷᠣᠯᠠᠭᠤᠯᠤᠯᠲᠠ᠂ ᠶᠠᠰᠤ ᠴᠢᠨᠠᠷ ᠵᠢᠴᠢ ᠬᠠᠩᠭᠠᠯᠭ᠎ᠠ ᠶᠢᠨ ᠪᠠᠲᠤᠯᠠᠭ᠎ᠠ ᠶᠢᠨ ᠪᠠᠶᠢᠳᠠᠯ ᠢ ᠨᠠᠷᠢᠨ ᠠᠰᠠᠭᠤᠵᠤ᠂ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ︽ᠢᠳᠡᠰᠢᠨ ᠨᠣᠭᠤᠭ᠎ᠠ︾ ᠶᠢᠨ ᠠᠰᠠᠭᠤᠳᠠᠯ ᠢ ᠣᠶᠢᠯᠠᠭᠠᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ᠃      ᠶᠠᠩ ᠶᠢᠨ ᠴᠢᠬᠤᠯᠠᠴᠢᠯᠠᠭᠰᠠᠨ ᠨᠢ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠪᠠᠷᠠᠭᠠᠨ ᠤ ᠦᠨ᠎ᠡ ᠶᠢᠨ ᠲᠣᠭᠲᠠᠭᠤᠨ ᠪᠠᠶᠢᠬᠤ ᠨᠢ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠠᠷᠠᠳ ᠣᠯᠠᠨ ᠤ ᠠᠮᠢᠳᠤᠷᠠᠯ ᠲᠠᠢ ᠬᠤᠯᠪᠣᠭᠳᠠᠵᠤ ᠪᠠᠶᠢᠳᠠᠭ᠃ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠳᠡ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠬᠦ᠂ ᠤᠨᠢᠨ ᠳᠡᠭᠡᠷ᠎ᠡ ᠨᠢ ᠬᠦᠴᠦᠯᠡᠬᠦ ᠶᠢ ᠪᠠᠷᠢᠮᠲᠠᠯᠠᠵᠤ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠡᠳ᠋ ᠪᠣᠳᠠᠰ ᠤᠨ ᠪᠠᠲᠤᠯᠠᠭ᠎ᠠ ᠪᠠ ᠬᠠᠩᠭᠠᠯᠭ᠎ᠠ ᠶᠢᠨ ᠠᠵᠢᠯ ᠢᠶᠠᠨ ᠦᠨᠡᠨᠬᠦ ᠰᠠᠶᠢᠲᠤᠷ ᠠᠳᠬᠤᠵᠤ᠂ ᠲᠠᠸᠠᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠬᠤ᠂ ᠦᠨ᠎ᠡ ᠬᠠᠩᠰᠢ ᠶᠢᠨ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠵᠤ᠂ ᠬᠤᠳᠠ ᠶᠢᠨ ᠠᠷᠠᠳ ᠤᠨ ᠡᠳᠦᠷ ᠳᠤᠳᠤᠮ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠬᠤ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠠᠵᠢᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠤᠯᠠᠨ ᠤ ᠤᠯᠠᠨ ᠶᠠᠩᠵᠤᠴᠢᠯᠠᠭᠰᠠᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠬᠡᠷᠡᠭᠲᠡᠶ᠃ ᠢᠳᠡᠭᠡᠨ ᠤ ᠠᠷᠢᠭᠤᠨ ᠴᠡᠪᠡᠷ ᠤᠨ ᠠᠮᠤᠷ ᠲᠦᠪᠰᠢᠨ ᠤ ᠬᠠᠮᠢᠶᠠᠷᠤᠯᠲᠠ ᠪᠠᠨ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ ᠤ ᠪᠣᠭᠤᠮᠲᠠ ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠣᠯᠠᠨ ᠲᠦᠮᠡᠨ ᠢ ᠰᠠᠨᠠᠭ᠎ᠠ ᠠᠮᠤᠷ ᠬᠡᠷᠡᠭᠯᠡᠭᠡ ᠬᠢᠯᠭᠡᠬᠦ ᠬᠡᠷᠡᠭᠲᠡᠶ᠃ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠭᠡ ᠵᠡᠷᠭᠡ ᠡᠯ᠎ᠡ ᠭᠤᠭᠴᠤᠭ᠎ᠠ ᠳᠠᠬᠢ ᠪᠠᠶᠢᠴᠠᠭᠠᠠᠯᠳᠠ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠪᠠᠶᠢᠴᠠᠭᠠᠵᠤ ᠬᠠᠮᠠᠭᠠᠯᠠᠬᠤ ᠪᠠ ᠭᠠᠯ ᠤᠨᠲᠠᠷᠠᠭᠠᠬᠤ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠪᠠᠨ ᠴᠢᠩᠭᠠᠳᠬᠠᠵᠤ᠂ ᠬᠤᠳᠠ ᠶᠢᠨ ᠠᠷᠠᠳ ᠲᠤ ᠠᠮᠤᠷ ᠲᠦᠪᠰᠢᠨ ᠪᠥᠭᠡᠳ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠬᠡᠷᠡᠭᠯᠡᠭᠡᠨ ᠤ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ ᠥᠭᠬᠦ ᠬᠡᠷᠡᠭᠲᠡᠢ᠃ ᠬᠥᠮᠦᠨ ᠬᠠᠷ᠎ᠠ ᠨᠢᠭᠲᠠᠷᠠᠨ ᠴᠤᠭᠯᠠᠷᠠᠭᠰᠠᠨ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠺᠤᠳ᠋ ᠲᠠᠯᠠᠪᠤᠷ ᠤᠨ ᠺᠤᠳ᠋ ᠢ ᠪᠠᠶᠢᠴᠠᠭᠠᠨ ᠰᠢᠯᠭᠠᠬᠤ᠂ ᠡᠳᠦᠷ ᠪᠦᠷᠢ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠭᠠᠬᠢᠭᠰᠠᠨ ᠴᠤ ᠮᠢᠨᠴᠦᠭᠦᠷᠡᠨ ᠰᠤᠯᠠᠷᠠᠭᠤᠯᠵᠤ ᠪᠣᠯᠬᠤ ᠥᠬᠡᠶ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号