ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠪᠠ  ᠲᠠᠩ ᠢ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2021/9/16
     9 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠲᠠᠩᠰᠠ ᠡᠪᠬᠡᠮᠡᠯ ᠤᠨ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ᠂ ᠱᠢ ᠲᠠᠢ ᠹᠧᠩ ᠱᠦᠵᠢ ᠶᠢᠨ ᠴᠣᠬᠤᠯᠠᠪᠤᠷᠢ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠪᠥᠬᠦ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠤᠭᠳᠠᠯ ᠪᠥᠬᠦᠶ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠲᠠᠩᠰᠠ ᠡᠪᠬᠡᠮᠡᠯ ᠤᠨ ᠠᠵᠢᠯ ᠤᠨ ᠲᠤᠬᠠᠶ ᠴᠢᠬᠤᠯᠠ ᠴᠣᠬᠤᠯᠠᠪᠤᠷᠢ ᠨᠢ ᠲᠠᠩᠰᠠ ᠡᠪᠬᠡᠮᠡᠯ ᠤᠨ ᠠᠵᠢᠯ ᠤᠨ ᠴᠢᠬᠤᠯᠠ ᠪᠠᠶᠢᠷᠢ ᠰᠠᠭᠤᠷᠢ ᠪᠠ ᠦᠢᠯᠡᠳᠦᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠢᠨ᠎ᠡ ᠴᠠᠭ ᠦᠶ᠎ᠡ ᠶᠢᠨ ᠲᠠᠩᠰᠠ ᠡᠪᠬᠡᠮᠡᠯ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠪᠥᠬᠦ ᠬᠤᠲᠠ ᠶᠢᠨ ᠡᠯ᠎ᠡ ᠱᠠᠲᠤᠨ ᠤ ᠲᠠᠩᠰᠠ ᠡᠪᠬᠡᠮᠡᠯ ᠤᠨ ᠲᠣᠪᠴᠢᠶ᠎ᠠ ︵ᠣᠷᠳᠣᠨ︶ ᠨᠢ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠥᠪ ᠭᠤᠤᠯᠴᠢ ᠰᠢᠨ᠎ᠡ ᠶᠢ ᠡᠭᠦᠳᠦᠨ᠂ ᠦᠨᠡᠨᠬᠦ ᠠᠳᠬᠤᠨ ᠪᠣᠳᠠᠲᠠᠶ ᠪᠠᠷ ᠠᠵᠢᠯᠯᠠᠵᠤ᠂ ᠲᠠᠩᠰᠠ ᠡᠪᠬᠡᠮᠡᠯ ᠢ ᠴᠤᠭᠯᠠᠭᠤᠯᠬᠤ᠂ ᠬᠠᠮᠢᠶᠠᠷᠬᠤ᠂ ᠬᠠᠳᠠᠭᠠᠯᠠᠬᠤ ᠬᠢᠷᠢ ᠬᠡᠮᠵᠢᠶ᠎ᠡ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠦᠬᠦᠮᠡᠯ ᠲᠠᠩᠰᠠ ᠡᠪᠬᠡᠮᠡᠯ︾ ᠢ ︽ᠠᠮᠢᠳᠤ ᠮᠡᠳᠡᠭᠡ ᠵᠠᠩᠭᠢ︾ ᠪᠣᠯᠭᠠᠨ ᠬᠤᠪᠢᠷᠠᠭᠤᠯᠵᠤ᠂ ︽ᠲᠠᠩᠰᠠ ᠡᠪᠬᠡᠮᠡᠯ ᠤᠨ ᠬᠥᠮᠥᠷᠭᠡ︾ ᠶᠢ ︽ᠦᠵᠡᠯ ᠰᠠᠨᠠᠭᠠᠨ ᠤ ᠬᠥᠮᠥᠷᠭᠡ︾ ᠪᠣᠯᠭᠠᠨ ᠬᠤᠪᠢᠷᠠᠭᠤᠯᠬᠤ ᠬᠡᠷᠡᠭᠲᠡᠶ᠃ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠳᠡᠮᠵᠢᠵᠦ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠬᠤᠲᠠ ᠶᠢᠨ ᠳᠠᠩᠰᠠ ᠡᠪᠬᠡᠮᠡᠯ ᠤᠨ ᠲᠡᠦᠬᠡ ᠣᠶᠢᠯᠠᠯᠭ᠎ᠠ ᠶᠢᠨ ᠠᠵᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠣᠬᠢᠷᠲᠤᠯ ᠦᠭᠡᠢ ᠠᠭᠤᠷᠬᠠᠢ ᠶᠢ ᠪᠦᠳᠦᠭᠡᠨ ᠪᠠᠶᠢᠭᠤᠯᠬᠤ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠴᠢᠬᠤᠯᠠ ᠠᠭᠤᠯᠭ᠎ᠠ ᠮᠥᠨ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠲᠤᠯᠭᠠᠮ᠎ᠠ ᠡᠭᠦᠷᠭᠡ ᠮᠥᠨ᠃ ᠪᠦᠬᠦ ᠬᠤᠲᠠ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯᠳᠡ ᠶᠢ ᠪᠠᠲᠤ ᠪᠠᠬᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠠᠯᠲᠠ ᠪᠠᠨ ᠴᠢᠩᠭ᠎ᠠ ᠠᠩᠬᠠᠷᠴᠤ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ ᠪᠠᠶᠢᠭᠠᠳ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠣᠬᠢᠷᠲᠤᠯ ᠦᠭᠡᠢ ᠠᠭᠤᠷᠬᠠᠢ ᠶᠢᠨ ᠪᠦᠳᠦᠬᠡᠨ ᠪᠠᠶᠢᠭᠤᠯᠤᠯᠲᠠ ᠨᠢ ᠪᠦᠬᠦ ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤᠮᠳᠠ ᠴᠢᠬᠤᠯᠠ ᠪᠠᠶᠢᠷᠢᠨ ᠳᠤ ᠪᠠᠶᠢᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠬᠤᠯᠪᠣᠭᠳᠠᠨ᠎ᠠ᠃ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠪᠠᠷᠢᠮᠵᠢᠶ᠎ᠠ ᠶᠢᠨ ᠱᠠᠭᠠᠷᠳᠠᠯᠭ᠎ᠠ  ᠪᠠᠨ ᠨᠠᠷᠢᠯᠢᠬᠵᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠵᠦ᠂ ᠰᠢᠰᠲ᠋ᠧᠮ ᠲᠠᠢ ᠠᠬᠢᠭᠤᠯᠵᠤ᠂ ︽ᠳᠤᠯᠤᠭ᠎ᠠ ᠶᠢ ᠵᠠᠰᠠᠬᠤ︾ ᠠᠵᠢᠯ ᠢ ᠠᠬᠢᠭᠤᠯᠬᠤ ᠲᠠᠯ᠎ᠠ ᠪᠠᠷ ᠬᠦᠴᠦ ᠪᠠᠨ ᠲᠥᠪᠯᠡᠷᠡᠭᠦᠯᠦᠨ᠂ ᠠᠭᠤᠷᠬᠠᠢ ᠶᠢᠨ ᠡᠷᠬᠡ ᠶᠢ ᠨᠡᠶᠢᠳᠬᠡᠵᠦ ᠳᠠᠬᠢᠨ ᠵᠣᠬᠢᠶᠠᠨ ᠪᠠᠶᠢᠭᠤᠯᠬᠤ ᠪᠠᠨ ᠲᠦᠷᠭᠡᠳᠬᠡᠵᠦ᠂ ᠮᠠᠨ ᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠬᠦᠴᠦᠲᠡᠢ ᠠᠬᠢᠭᠤᠯᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠪᠠᠶᠢᠩᠭᠤ ᠶᠢᠨ ᠪᠠ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠵᠣᠬᠢᠴᠠᠭᠤᠯᠤᠨ ᠬᠠᠮᠲᠤᠷᠠᠯᠴᠠᠬᠤ ᠪᠠᠨ ᠴᠢᠩᠭᠠᠳᠬᠠᠨ᠂ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠰᠠᠨᠠᠭᠠᠴᠢᠯᠠᠭ᠎ᠠ ᠠᠴᠠ ᠪᠠᠨ ᠰᠤᠳᠤᠯᠵᠤ᠂ ᠳᠡᠭᠡᠳᠦ ᠱᠠᠲᠤᠨ ᠤ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠣᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ ᠬᠡᠵᠡᠢ᠃          ᠬᠤᠷᠠᠯ ᠠᠴᠠ ︽ᠦᠬᠠᠢ ᠬᠤᠳᠠ ᠶᠢᠨ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠠᠭᠢᠭᠤᠯᠬᠤ ᠲᠥᠰᠦᠯ︾ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠪᠠᠰᠠ ᠪᠤᠰᠤᠳ ᠵᠦᠢᠯᠡᠰ ᠢ ᠰᠤᠳᠤᠯᠵᠠᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号