ᠲᠠᠩ ᠢ ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/17
     9 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ 2021 ᠣᠨ ᠤ 11 ᠳ᠋ᠣᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ ᠰᠤᠷᠤᠯᠴᠠᠵᠤ ᠰᠤᠳᠤᠯᠤᠨ ᠶᠠᠷᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠳᠠ ᠶᠢᠨ ᠳᠠᠷᠤᠭ᠎ᠠ ᠶᠠᠩ ᠶᠢᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ ᠹᠧᠩ ᠰᠢᠤᠸᠠᠢ ᠲᠤᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠵᠡᠷᠭᠡ ᠬᠤᠳᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠧᠦ ᡁᠢ ᠨᠢᠩ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠵᠤᠤ ᠮᠢᠩ ᠵᠢᠴᠢ ᠲᠡᠭᠦᠨ ᠤ ᠪᠦᠷᠢᠯᠳᠦᠬᠦᠨ ᠵᠧᠩ ᠬᠠᠢ ᠴᠢᠩ᠂ ᠬᠤᠤ ᠾᠦᠢ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠬᠤᠷᠠᠯ ᠳᠡᠭᠡᠷ᠎ᠡ᠂ ᠲᠠᠩ ᠢ᠂ ᠶᠠᠩ ᠶᠢᠨ᠂ ᠳ᠋ᠧᠩ ᠺᠠᠢ᠂ ᠯᠢ ᠠᠩ᠂ ᠵᠢᠶᠠ ᠴᠢᠩ ᠳ᠋ᠦᠩ᠂ ᠯᠢ ᠳ᠋ᠦᠩ᠂ ᠸᠠᠩ ᠵᠢᠢ ᠫᠢᠩ᠂ ᠵᠠᠩ ᠮᠢᠩ ᠮᠢᠩ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠭᠤᠣᠯ ᠳᠤᠭᠤᠶᠢᠯᠠᠩ ᠤᠨ ᠪᠤᠰᠤᠳ ᠪᠦᠷᠢᠯᠳᠦᠬᠦᠨ ᠪᠢᠴᠢᠭ ᠤᠨ ᠬᠡᠯᠪᠡᠷᠢ ᠪᠠᠷ ᠶᠠᠷᠢᠶᠠᠨ ᠤ ᠮᠠᠲ᠋ᠧᠷᠢᠶᠠᠯ ᠢᠶᠠᠨ ᠳᠡᠪᠰᠢᠭᠦᠯᠵᠡᠢ᠃      ᠲᠠᠩ ᠢ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠦᠨᠳᠦᠰᠦᠲᠡᠨ ᠤ ᠠᠵᠢᠯ ᠤᠨ ᠪᠠᠶᠢᠯᠳᠤᠬᠤ ᠪᠤᠳᠤᠯᠭ᠎ᠠ ᠶᠢᠨ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠢᠳᠡᠨ ᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠤᠯᠤᠰ ᠲᠦᠷᠦ ᠪᠠ ᠪᠦᠬᠦ ᠲᠠᠯ᠎ᠠ ᠶᠢᠨ ᠦᠨᠳᠦᠷᠴᠡ ᠠᠴᠠ ᠡᠭᠦᠰᠴᠦ᠂ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢᠶᠠᠨ ᠴᠢᠩᠭ᠎ᠠ ᠪᠥᠭᠡᠳ ᠪᠣᠳᠠᠲᠠᠢ ᠪᠠᠷ ᠰᠠᠶᠢᠲᠤᠷ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠮᠠᠨ ᠤ ᠬᠤᠳᠠ ᠳᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠠᠬᠢᠭᠤᠯᠬᠤ ᠬᠡᠷᠡᠭᠲᠡᠢ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠮᠥᠨ᠃ ᠦᠷᠭᠦᠯᠵᠢᠯᠡᠨ ᠭᠦᠨᠵᠡᠭᠡᠢ ᠰᠤᠷᠤᠯᠴᠠᠬᠤ ᠳᠤᠮᠳᠠ ᠤᠯᠤᠰ ᠲᠦᠷᠦ ᠶᠢᠨ ᠲᠠᠯ᠎ᠠ ᠠᠴᠠ ᠦᠨᠳᠦᠰᠦᠲᠡᠨ ᠤ ᠠᠵᠢᠯ ᠳᠤ ᠬᠠᠨᠳᠤᠬᠤ᠂ ᠵᠠᠳᠠᠯᠤᠯᠲᠠ ᠬᠢᠬᠦ᠂ ᠰᠢᠢᠳᠪᠦᠷᠢᠯᠡᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠬᠦ ᠬᠡᠷᠡᠭᠲᠡᠢ᠃ ᠰᠤᠷᠤᠯᠴᠠᠯᠭ᠎ᠠ ᠶᠢᠨ ᠳᠤᠮᠳᠠ ᠪᠠᠨ ᠰᠢᠨᠵᠢᠯᠡᠬᠦ ᠤᠬᠠᠭᠠᠨᠴᠢ ᠠᠷᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠡᠵᠡᠮᠰᠢᠵᠦ᠂ ᠠᠵᠢᠯ ᠤᠨ ᠰᠡᠳᠬᠢᠴᠡ ᠪᠠᠨ ᠲᠠᠰᠤᠷᠠᠯᠲᠠ ᠦᠭᠡᠢ ᠰᠢᠨᠡᠴᠢᠯᠡᠵᠦ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠢ ᠦᠨᠡᠨ ᠬᠦ ᠣᠶᠢᠯᠠᠭᠠᠵᠤ ᠴᠢᠳᠠᠬᠤ ᠬᠠᠰᠢᠷ ᠮᠡᠷᠭᠡᠵᠢᠯᠲᠡᠨ ᠪᠣᠯᠬᠤ ᠪᠠᠷ ᠴᠢᠷᠮᠠᠶᠢᠬᠤ ᠬᠡᠷᠡᠭᠲᠡᠢ᠃ ᠰᠤᠷᠤᠯᠴᠠᠬᠤ ᠰᠡᠳᠬᠢᠬᠦ ᠬᠡᠷᠡᠭᠯᠡᠬᠦ  ᠪᠠᠨ ᠨᠡᠪᠲᠡᠷᠡᠯᠴᠡᠭᠦᠯᠬᠦ᠂ ᠮᠡᠳᠡᠬᠦ ᠢᠲᠡᠭᠡᠬᠦ ᠠᠵᠢᠯᠯᠠᠬᠤ ᠪᠠᠨ ᠨᠢᠭᠡᠳᠬᠡᠬᠦ ᠶᠢ ᠪᠠᠷᠢᠮᠲᠠᠯᠠᠵᠤ᠂ ᠰᠤᠷᠤᠯᠴᠠᠬᠤ ᠶᠠᠪᠤᠴᠠ  ᠪᠠᠨ ᠲᠠᠨᠢᠯᠲᠠ ᠪᠠᠨ ᠳᠡᠭᠡᠭᠰᠢᠯᠡᠭᠦᠯᠬᠦ᠂ ᠠᠵᠢᠯ ᠢᠶᠠᠨ ᠰᠠᠶᠢᠵᠢᠷᠠᠭᠤᠯᠬᠤ ᠶᠠᠪᠤᠴᠠ ᠪᠣᠯᠭᠠᠨ ᠬᠤᠪᠢᠷᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠪᠦᠬᠦ ᠶᠠᠪᠤᠴᠠ᠂ ᠡᠯ᠎ᠡ ᠲᠠᠯ᠎ᠠ ᠳᠤ ᠦᠨᠡᠨ ᠬᠦ ᠲᠤᠤᠱᠯᠠᠭᠤᠯᠵᠤ᠂ ᠪᠣᠳᠠᠲᠠᠶ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号