ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠭᠤᠴᠢᠳᠤᠭᠠᠷ ᠤᠳᠠᠭᠠᠨ ᠤ ᠬᠤᠷᠠᠯ ᠵᠢᠴᠢ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠶ ᠪᠠᠶᠢᠩᠭᠤ ᠶᠢᠨ ᠬᠤᠷᠢᠶᠠᠨ ᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ  ᠸᠠᠩ ᠸᠧᠨ ᠵᠢᠶᠧ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/9/18
     9 ᠰᠠᠷ᠎ᠠ ᠶᠢᠨ 17 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠭᠤᠴᠢᠳᠤᠭᠠᠷ ᠤᠳᠠᠭᠠᠨ ᠤ ᠬᠤᠷᠠᠯ ᠵᠢᠴᠢ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠶ ᠪᠠᠶᠢᠩᠭᠤ ᠶᠢᠨ ᠬᠤᠷᠢᠶᠠᠨ ᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠡᠷᠬᠢᠯᠡᠭᠴᠢ ᠭᠡᠰᠢᠭᠦᠨ ᠬᠤ᠋ ᠿᠦᠨ ᠵᠣᠣ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠤᠤ ᠵᠧᠨ ᠬᠠᠶ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠺᠠᠩ ᠸᠧᠨ ᠱᠧᠩ᠂ ᠹᠦ᠋ ᠲᠢᠩ ᠯᠢᠨ᠂ ᠳ᠋ᠢᠩ ᠢ᠂ ᠸᠠᠩ ᠰᠢᠶᠠᠨ ᠭᠠᠩ᠂ ᠸᠠᠩ ᠮᠢᠩ ᠸᠠᠩ᠂ ᠵᠠᠩ ᠮᠧᠩ ᠵᠢᠶᠠᠨ᠂ ᠨᠠᠷᠢᠨ ᠪᠢᠴᠢᠭ ᠤᠨ ᠳᠠᠷᠤᠭ᠎ᠠ ᠵᠣᠣ ᠽᠢ ᠴᠧᠩ ᠨᠡᠷ ᠬᠤᠷᠠᠯ ᠳᠤ ᠣᠷᠣᠯᠴᠠᠵᠠᠶ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠯᠢᠶᠠᠩ ᠱᠣ᠋ ᠫᠢᠩ ᠬᠤᠷᠠᠯ ᠳᠤ ᠣᠷᠣᠯᠴᠠᠪᠠ᠃      ᠬᠤᠷᠠᠯ ᠠᠴᠠ ︽ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ︾ ᠤᠨ ᠲᠤᠬᠠᠢ ᠲᠤᠰᠬᠠᠢ ᠰᠡᠳᠦᠪᠲᠦ ᠵᠥᠪᠳᠡᠯᠴᠡᠭᠡᠨ ᠤ ᠲᠣᠳᠣᠷᠬᠠᠶᠢᠯᠠᠯᠲᠠ ᠶᠢ ᠰᠣᠨᠣᠰᠴᠤ᠂ ︽ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠵᠠᠷᠯᠠᠨ ᠮᠡᠳᠡᠭᠳᠡᠵᠦ᠂ ᠬᠡᠰᠡᠭ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠲᠤᠰᠬᠠᠢ ᠮᠡᠷᠭᠡᠵᠢᠯᠲᠡᠨ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠥᠪᠯᠡᠬᠦ ᠶᠠᠷᠢᠶ᠎ᠠ ᠲᠠᠯᠪᠢᠵᠠᠢ᠃      ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠬᠤ᠋ ᠿᠦᠨ ᠵᠣᠣ ᠮᠠᠨ ᠤ ᠬᠤᠲᠠ ᠶᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠠᠬᠢ ᠬᠢᠳᠡᠯ᠂ ᠲᠤᠷᠰᠢᠯᠭ᠎ᠠ ᠶᠢ ᠬᠦᠢᠴᠡᠳ ᠨᠤᠲᠠᠯᠠᠪᠠ᠃ ᠲᠡᠷᠡ ᠬᠦᠰᠡᠭᠰᠡᠨ ᠨᠢ᠂ ᠦᠬᠠᠢ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠵᠢᠴᠢ ᠵᠠᠰᠠᠭ ᠤᠨ ᠣᠷᠳᠣᠨ ᠤ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠡ ᠶᠢᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠭᠤᠣᠯ ᠠᠭᠤᠯᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠦᠵᠡᠯ ᠰᠠᠨᠠᠭᠠᠨ ᠤ ᠲᠠᠯ᠎ᠠ ᠠᠴᠠ ᠴᠢᠬᠤᠯᠠᠴᠢᠯᠠᠵᠤ᠂ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠤᠨ ᠬᠤᠯᠪᠤᠭᠳᠠᠯ ᠪᠦᠬᠦᠢ ᠱᠠᠭᠠᠷᠳᠠᠯᠭ᠎ᠠ ᠶᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠠᠬᠢᠭᠤᠯᠬᠤ ᠬᠡᠷᠡᠭᠲᠡᠢ ᠬᠡᠵᠡᠢ᠃      ᠸᠠᠩ ᠸᠧᠨ ᠵᠢᠶᠧ ᠴᠢᠬᠤᠯᠠᠴᠢᠯᠠᠭᠰᠠᠨ ᠨᠢ᠂ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠪᠠᠷᠠᠭᠤᠨ ᠣᠷᠣᠨ ᠤ ᠠᠶᠢᠮᠠᠭ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠳᠤᠲᠠᠭᠤᠳᠠᠯ ᠢ ᠨᠥᠬᠦᠪᠥᠷᠢᠯᠡᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠦᠬᠠᠢ ᠶᠢᠨ ᠠᠯᠤᠰ ᠬᠡᠳᠤ ᠶᠢᠨ ᠬᠥᠭᠵᠢᠯᠲᠡ ᠶᠢ ᠪᠣᠳᠣᠯᠬᠢᠯᠠᠵᠤ᠂ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠬᠦ ᠶᠢᠨ ᠲᠦᠢᠯ ᠤᠨ ᠴᠢᠬᠤᠯᠠ ᠴᠢᠨᠠᠷ ᠪᠣᠯᠤᠨ ᠪᠣᠳᠠᠲᠠᠢ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠪᠦᠬᠦ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠲᠥᠯᠥᠭᠡᠯᠡᠬᠦ ᠴᠢᠨᠠᠷ ᠢᠶᠠᠷ ᠴᠢᠩᠭ᠎ᠠ᠂ ᠬᠠᠷᠢᠯᠴᠠᠬᠤ ᠬᠡᠪᠴᠢᠶ᠎ᠡ ᠪᠠᠷ ᠥᠷᠭᠡᠨ᠂ ᠪᠠᠭᠲᠠᠭᠠᠮᠵᠢᠲᠤ ᠴᠢᠨᠠᠷ ᠢᠶᠠᠷ ᠶᠡᠭᠡ ᠪᠠᠶᠢᠳᠠᠭ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠡᠲᠡᠭᠡᠳ ᠤᠨ ᠢᠯᠭᠠᠯ᠂ ᠭᠡᠰᠢᠭᠦᠳ ᠤᠨ ᠲᠤᠰᠬᠠᠶ ᠮᠡᠷᠭᠡᠵᠢᠯ ᠤᠨ ᠣᠨᠴᠠ ᠴᠢᠳᠠᠪᠤᠷᠢ ᠪᠠ ᠤᠶᠤᠨ ᠤ ᠡᠬᠢ ᠪᠠᠶᠠᠯᠢᠭ ᠢ ᠨᠢᠭᠲᠠᠷᠠᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠰᠬᠠᠶ ᠪᠠᠶᠢᠴᠠᠭᠠᠨ ᠰᠤᠳᠤᠯᠤᠯᠲᠠ ᠬᠢᠬᠦ᠂ ᠬᠢᠨᠠᠯᠲᠠ ᠲᠠᠯᠪᠢᠵᠤ ᠪᠠᠶᠢᠴᠠᠭᠠᠨ ᠦᠵᠡᠬᠦ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠤ᠂ ᠵᠥᠪᠳᠡᠯᠴᠡᠭᠰᠡᠨ ᠦᠷ᠎ᠡ ᠪᠦᠲᠦᠭᠡᠯ ᠢᠶᠠᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠰᠡᠳᠬᠢᠴᠡ᠂ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠪᠣᠯᠭᠠᠨ ᠦᠨᠡᠨ ᠬᠦ ᠬᠤᠪᠢᠷᠠᠭᠤᠯᠬᠤ ᠬᠡᠷᠡᠭᠲᠡᠶ᠃ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠪᠠᠨ ᠨᠡᠮᠡᠭᠳᠡᠭᠦᠯᠬᠦ᠂ ᠭᠡᠰᠢᠭᠦᠳ ᠤᠨ ᠪᠡᠶᠡᠴᠢ ᠴᠣᠭᠴᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠦᠬᠦ ᠬᠤᠳᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号