ᠮᠠᠨ ᠤ ᠬᠤᠲᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠴᠧᠩᠳᠦ᠋ ᠳᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠪᠠ  ᠶᠠᠩ ᠶᠢᠨ ᠪᠦᠯᠬᠦᠮ ᠲᠠᠭᠠᠭᠤᠯᠪᠠ
ᠨᠡᠶᠢᠲᠡᠯᠡᠭᠰᠡᠨ ᠴᠠᠭ᠄
2021/9/22
     9 ᠰᠠᠷ᠎ᠠ ᠶᠢᠨ 17 ᠤ ᠡᠳᠦᠷ ᠠᠴᠠ 20 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠰᠢᠨᠵᠢᠯᠡᠨ ᠪᠠᠶᠢᠴᠠᠭᠠᠬᠤ ᠪᠦᠯᠬᠦᠮ ᠳᠠᠭᠠᠭᠤᠯᠤᠨ ᠴᠧᠩᠳᠦ᠋ ᠳᠤ ᠬᠦᠷᠴᠦ᠂ ᠬᠤᠲᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ ᠤᠨ ᠠᠵᠤ ᠦᠢᠯᠡᠰ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠰᠢᠨᠵᠢᠯᠡᠨ ᠪᠠᠶᠢᠴᠠᠭᠠᠵᠤ ᠰᠤᠷᠤᠯᠴᠠᠨ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠨ᠂ ᠬᠠᠷᠠᠭ᠎ᠠ ᠪᠠᠨ ᠥᠷᠭᠡᠳᠬᠡᠵᠦ᠂ ᠮᠠᠨ ᠤ ᠬᠤᠲᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠳᠥᠯᠭᠢᠨ ᠠᠬᠢᠭᠤᠯᠬᠤ ᠳᠤ ᠰᠡᠳᠬᠢᠴᠡ ᠠᠷᠭ᠎ᠠ ᠬᠡᠮᠵᠢᠶ᠎ᠡ ᠬᠠᠩᠭᠠᠭᠰᠠᠨ ᠪᠠᠶᠢᠨ᠎ᠠ᠃      ᠲᠢᠶᠠᠨ ᠹᠦ᠋ ᠰᠢᠨ᠎ᠡ ᠲᠣᠭᠤᠷᠢᠭ ᠤᠨ ᠲᠥᠯᠥᠪᠵᠢᠭᠦᠯᠭᠡ ᠶᠢᠨ ᠲᠢᠩᠬᠢᠮ᠂ ᠲᠢᠶᠠᠨ ᠹᠦ᠋ ᠰᠢᠨ᠎ᠡ ᠲᠣᠭᠤᠷᠢᠭ ᠤᠨ ᠴᠡᠴᠡᠷᠯᠢᠭ ᠤᠨ ᠬᠤᠳᠠ ᠶᠢᠨ ᠦᠵᠡᠭᠦᠯᠦᠯᠭᠡ ᠶᠢᠨ ᠲᠢᠩᠬᠢᠮ ᠵᠢᠴᠢ ᠴᠧᠩᠳᠦ᠋ ᠬᠤᠳᠠ ᠶᠢᠨ ᠲᠥᠯᠥᠪᠵᠢᠭᠦᠯᠭᠡ ᠶᠢᠨ ᠣᠷᠳᠣᠨ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠬᠤᠳᠠ ᠶᠢᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ᠂ ᠴᠡᠴᠡᠷᠯᠢᠭ ᠤᠨ ᠬᠤᠳᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠶᠠᠩ ᠶᠢᠨ ᠬᠡᠯᠡᠭᠰᠡᠨ ᠨᠢ᠂ ᠴᠧᠩᠳᠦ᠋ ᠶᠢᠨ ᠲᠡᠷᠢᠭᠦᠨ ᠤ ᠬᠤᠳᠠ ᠶᠢᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢᠨ ᠤᠢᠢᠯᠠᠭᠠᠭᠳᠠᠬᠤᠨ ᠢ ᠰᠤᠷᠤᠯᠴᠠᠨ ᠲᠤᠯᠢ ᠪᠣᠯᠭᠠᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠬᠤᠳᠠ ᠶᠢᠨ ᠢᠷᠡᠭᠡᠳᠦᠢ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠬᠤ ᠶᠢ ᠠᠩᠬᠠᠷᠴᠤ᠂ ᠠᠵᠤ ᠠᠬᠤᠶᠢᠯᠠᠯ ᠤᠨ ᠡᠷᠬᠢᠨ ᠲᠣᠭᠤᠷᠢᠨ ᠤ ᠨᠣᠭᠤᠭᠠᠷᠠᠭᠤᠯᠤᠯᠲᠠ ᠭᠤᠶᠤᠵᠢᠭᠤᠯᠤᠯᠲᠠ ᠪᠠᠨ ᠰᠠᠶᠢᠲᠤᠷ ᠬᠢᠵᠦ᠂ ᠤᠯᠠᠨ ᠬᠡᠯᠪᠡᠷᠢ ᠶᠢᠨ ᠵᠢᠵᠢᠭ ᠴᠡᠴᠡᠷᠯᠢᠭ ᠢ ᠪᠠᠶᠢᠭᠤᠯᠵᠤ᠂ ᠬᠤᠳᠠ ᠶᠢᠨ ᠲᠦᠷᠢ ᠲᠥᠷᠬᠦ ᠪᠠᠨ ᠱᠤᠭᠤᠵᠤ᠂ ᠬᠤᠳᠠ ᠶᠢᠨ ᠦᠯᠢᠭᠡᠷ ᠢᠶᠠᠨ ᠰᠠᠶᠢᠲᠤᠷ ᠶᠠᠷᠢᠬᠤ ᠬᠡᠷᠡᠭᠲᠡᠢ᠃ ᠲᠤᠤᠷᠵᠢᠯ ᠤᠨ ᠠᠵᠢᠯᠳᠠᠨ ᠤ ᠦᠢᠯᠡᠳᠦᠯ ᠢᠶᠠᠨ ᠪᠠᠳᠠᠷᠠᠭᠤᠯᠵᠤ᠂ ᠰᠠᠭᠤᠭᠠᠯᠢ ᠠᠷᠠᠳ ᠢ ᠲᠠᠶᠢᠴᠢᠯᠠᠨ ᠬᠤᠳᠠ ᠶᠢᠨ ᠡᠵᠡᠩᠨᠡᠯᠲᠡ ᠬᠠᠮᠢᠶᠠᠷᠤᠯᠲᠠ ᠳᠤ ᠣᠷᠣᠯᠴᠠᠭᠤᠯᠵᠤ᠂ ᠵᠠᠰᠠᠭ ᠠᠵᠤ ᠠᠬᠤᠶᠢᠯᠠᠯ ᠠᠷᠠᠳ ᠬᠠᠷᠢᠯᠴᠠᠨ ᠬᠥᠳᠡᠯᠦᠯᠴᠡᠭᠰᠡᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠤᠳᠠ ᠶᠢᠨ ᠬᠠᠮᠢᠶᠠᠷᠤᠯᠲᠠ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠬᠤᠳᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠬ᠎ᠠ ᠳᠡᠯᠭᠡᠭᠦᠷ ᠤᠨ ᠰᠡᠳᠬᠢᠬᠦᠢ ᠶᠢ ᠴᠢᠳᠠᠮᠠᠭᠠᠢ ᠬᠡᠷᠡᠭᠯᠡᠵᠦ᠂ ᠤᠯᠠᠨ ᠲᠠᠯ᠎ᠠ ᠪᠠᠷ ᠰᠣᠩᠭᠤᠬᠤ᠂ ᠰᠢᠯᠢᠳᠡᠭ ᠤᠨ ᠳᠤᠮᠳᠠ ᠠᠴᠠ ᠰᠢᠯᠢᠳᠡᠭ ᠢ ᠰᠣᠩᠭᠤᠬᠤ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠲᠥᠯᠥᠪᠵᠢᠭᠦᠯᠭᠡ ᠪᠠᠷ ᠦᠬᠠᠢ ᠬᠤᠳᠠ ᠶᠢᠨ ᠪᠦᠳᠦᠭᠡᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠬᠡᠷᠡᠭᠲᠡᠢ ᠬᠡᠵᠡᠢ᠃      ᠵᠡᠭᠦᠨ ᠲᠡᠭᠦᠷᠭᠡ ᠶᠢᠨ ᠲᠤᠷᠠᠰᠣᠮᠵᠢ ᠶᠢᠨ ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠰᠢᠨ᠎ᠡ ᠬᠡᠯᠪᠡᠷᠢ ᠶᠢᠨ ᠬᠦᠷᠢᠶᠡᠯᠡᠩ ᠲᠣᠭᠤᠷᠢᠭ ᠲᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ︽ᠠᠵᠤ ᠦᠢᠯᠡᠳᠪᠦᠷᠢ ᠶᠢᠨ ᠥᠪ ᠤᠨ ᠬᠠᠮᠠᠭᠠᠯᠠᠯᠲᠠ ᠪᠣᠯᠤᠨ ᠰᠣᠶᠣᠯ ᠤᠨ ᠪᠦᠲᠦᠭᠡᠯᠴᠢ ᠰᠡᠳᠬᠢᠮᠵᠢ ᠶᠢ ᠤᠶᠠᠯᠳᠤᠭᠤᠯᠬᠤ︾ ᠨᠡᠭᠡᠭᠡᠨ ᠬᠦᠭᠵᠢᠬᠦᠯᠦᠯᠳᠡ ᠶᠢᠨ ᠥᠭᠡᠷᠡᠴᠢᠯᠡᠬᠦ ᠰᠡᠳᠬᠢᠴᠡ᠂ ᠬᠠᠮᠢᠶᠠᠷᠤᠯᠲᠠ ᠶᠢᠨ ᠣᠶᠢᠯᠠᠭᠠᠭᠳᠠᠬᠤᠨ ᠵᠢᠴᠢ ᠦᠨᠳᠦᠰᠦᠨ ᠡᠵᠡᠩᠨᠡᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠠᠢ᠃      ᠶᠠᠩ ᠶᠢᠨ ᠬᠡᠯᠡᠭᠰᠡᠨ ᠨᠢ᠂ ᠵᠡᠭᠦᠨ ᠳᠡᠬᠦᠷᠬᠡ ᠶᠢᠨ ᠳᠤᠷᠠᠰᠤᠮᠵᠢ ᠶᠢᠨ ᠪᠠᠶᠢᠭᠤᠯᠤᠯᠲᠠ ᠶᠢᠨ ᠨᠠᠨᠳᠢᠨ ᠲᠤᠷᠰᠢᠯᠭ᠎ᠠ ᠪᠠᠷ ᠲᠤᠯᠢ ᠪᠣᠯᠭᠠᠵᠤ᠂ ᠦᠬᠠᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠲᠥᠪ᠂ ᠦᠬᠠᠢ ᠶᠢᠨ ᠬᠦᠷᠢᠶᠡᠨ ᠤ ᠪᠦᠳᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ︽ᠠᠵᠤ ᠦᠢᠯᠡᠳᠪᠦᠷᠢ + ᠵᠢᠭᠤᠯᠴᠢᠯᠠᠯ︾ ᠤᠨ ᠬᠠᠮᠲᠤᠷᠠᠯᠴᠠᠭ᠎ᠠ ᠶᠢ ᠠᠬᠢᠭᠤᠯᠵᠤ᠂ ᠠᠵᠤ ᠦᠢᠯᠡᠳᠪᠦᠷᠢ ᠶᠢᠨ ᠪᠠᠭᠤᠷᠢ ᠶᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ᠂ ᠬᠤᠳᠠ ᠶᠢᠨ ᠰᠣᠶᠣᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠡᠭᠦᠳᠬᠦ ᠬᠡᠷᠡᠭᠲᠡᠢ ᠬᠡᠵᠡᠢ᠃      ᠵᠠᠨ ᠴᠢ ᠲᠣᠰᠬᠤᠨ᠂ ᠨᠦᠩ ᠺᠧ ᠲᠣᠰᠬᠤᠨ᠂ ᠯᠦᠸᠧ ᠳ᠋ᠠᠢ ᠭᠦ᠋ ᠪᠠᠯᠭᠠᠰᠤ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠭᠤᠶᠢᠳᠠ ᠰᠠᠶᠢᠬᠠᠨ ᠵᠠᠨ ᠴᠢ ᠵᠢᠵᠢᠭ ᠲᠣᠭᠤᠷᠢᠭ᠂ ᠬᠥᠳᠡᠭᠡ ᠲᠣᠰᠬᠤᠨ ᠤ ᠠᠷᠪᠠᠨ ᠨᠠᠢᠮᠠᠨ ᠦᠢᠯᠡᠳᠭᠡᠯ᠂ ᠰᠢᠤᠢ ᠣᠪᠣᠭᠲᠣ ᠶᠢᠨ ᠶᠡᠭᠡ ᠬᠦᠷᠢᠶ᠎ᠡ ᠵᠡᠷᠭᠡ ᠶᠢ ᠲᠣᠭᠤᠷᠢᠨ ᠦᠵᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯᠪᠠᠰᠤᠷᠠᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠭᠰᠡᠨ ᠪᠠᠶᠢᠳᠠᠯ ᠢ ᠭᠦᠨᠵᠡᠭᠡᠢ ᠣᠶᠢᠯᠠᠭᠠᠪᠠ᠃      ᠶᠠᠩ ᠶᠢᠨ ᠢᠯᠡᠷᠭᠡᠶᠢᠯᠡᠭᠰᠡᠨ ᠨᠢ᠂ ᠭᠠᠳᠠᠭᠰᠢ ᠪᠠᠨ ᠭᠠᠷᠴᠤ ᠲᠡᠷᠢᠭᠦᠨ ᠤ ᠲᠤᠷᠰᠢᠯᠭ᠎ᠠ ᠶᠢ ᠢᠯᠡᠭᠦᠬᠡᠨ ᠰᠤᠷᠤᠯᠴᠠᠵᠤ᠂ ᠪᠦᠲᠦᠮᠵᠢᠲᠡᠶ ᠠᠷᠭ᠎ᠠ ᠬᠢᠳᠡᠯ ᠢᠶᠠᠷ ᠲᠣᠯᠢ ᠪᠣᠯᠭᠠᠵᠤ᠂ ᠣᠷᠣᠨ ᠪᠦᠰᠡ ᠶᠢᠨ ᠣᠨᠴᠠᠯᠢᠭ ᠢᠶᠠᠨ ᠳᠣᠪᠤᠶᠢᠯᠭᠠᠨ᠂ ᠰᠣᠶᠣᠯ ᠤᠨ ᠠᠭᠤᠯᠤᠭᠳᠠᠬᠤᠨ ᠢ ᠬᠦᠢᠴᠡᠳ ᠠᠭᠤᠳᠠᠯᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠳᠠᠪᠠᠭᠤᠯᠢᠭ ᠤᠨᠴᠠᠯᠢᠬᠳᠤ ᠠᠵᠤ ᠦᠢᠯᠡᠰ ᠢ ᠪᠤᠶᠢᠵᠢᠭᠤᠯᠵᠤ᠂ ᠤᠨᠴᠠᠯᠢᠬᠳᠤ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠵᠦ᠂ ᠮᠠᠨ ᠤ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ ᠭᠡᠵᠡᠶ᠃      ᠥᠷᠭᠡᠨ ᠨᠠᠷᠢᠨ ᠭᠤᠳᠤᠮᠵᠢ᠂ ᠶᠢᠨ ᠯᠢ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠨᠴᠠᠯᠢᠬᠳᠤ ᠬᠤᠳᠠᠯᠳᠤᠭᠠᠨ ᠤ ᠵᠡᠭᠡᠯᠢ ᠲᠣᠭᠤᠷᠢᠭ ᠢ ᠲᠥᠯᠥᠪᠵᠢᠭᠦᠯᠦᠨ ᠪᠦᠳᠦᠬᠡᠨ ᠪᠠᠶᠢᠭᠤᠯᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠠᠵᠤ ᠦᠢᠯᠡᠰ ᠤᠨ ᠬᠥᠭᠵᠢᠯᠲᠡ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢᠰᠢᠭᠤᠯᠤᠯᠲᠠ ᠵᠡᠷᠭᠡ ᠶᠢ ᠰᠢᠨᠵᠢᠯᠡᠨ ᠪᠠᠶᠢᠴᠠᠭᠠᠵᠤ ᠰᠤᠷᠤᠯᠴᠠᠪᠠ᠃      ᠶᠠᠩ ᠶᠢᠨ ᠵᠢᠭᠠᠵᠤ ᠭᠠᠷᠭᠠᠭᠰᠠᠨ ᠨᠢ᠂ ᠬᠥᠭᠵᠢᠭᠰᠡᠨ ᠭᠠᠵᠠᠷ ᠣᠷᠣᠨ ᠤ ᠤᠨᠴᠠᠯᠢᠬᠳᠤ ᠶᠠᠪᠠᠭᠠᠨ ᠵᠡᠭᠡᠯᠢ ᠯᠦᠭᠡ ᠶᠢᠨ ᠰᠣᠯᠢᠯᠴᠠᠭ᠎ᠠ ᠪᠠ ᠡᠵᠡᠩᠨᠡᠯᠲᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠠᠨ ᠤ ᠬᠤᠲᠠ ᠶᠢᠨ ᠬᠤᠳᠠᠯᠳᠤᠭᠠᠨ ᠤ ᠶᠠᠪᠠᠭᠠᠨ ᠵᠡᠭᠡᠯᠢ ᠶᠢᠨ ᠪᠥᠲᠥᠭᠡᠨ ᠪᠠᠶᠢᠭᠤᠯᠤᠯᠲᠠ ᠪᠠ ᠲᠠᠰ ᠳᠡᠪᠰᠢᠭᠦᠯᠬᠦ ᠶᠢ ᠠᠬᠢᠭᠤᠯᠵᠤ᠂ ᠳᠡᠭᠡᠳᠦ ᠶᠠᠰᠤ ᠴᠢᠨᠠᠷ ᠲᠠᠢ ᠰᠣᠶᠣᠯ ᠤᠨ ᠵᠢᠭᠤᠯᠴᠢᠯᠠᠯ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠭᠠᠷᠭᠠᠵᠤ᠂ ᠯᠠᠨ ᠲᠢᠩ ᠭᠠᠷᠠᠮ᠂ ᠯᠠᠨ ᠲᠢᠩ ᠲᠠᠯᠠᠪᠠᠶ ᠵᠡᠷᠭᠡ ᠦᠬᠠᠶ ᠨᠠᠭᠤᠷ ᠤᠨ ᠡᠷᠬᠢᠨ ᠲᠣᠭᠤᠷᠢᠨ ᠤ ᠲᠥᠬᠦᠭᠡᠷᠦᠮᠵᠢ ᠶᠢ ᠰᠠᠶᠢᠲᠤᠷ ᠬᠡᠷᠡᠭᠯᠡᠵᠦ᠂ ᠰᠣᠶᠣᠯ ᠤᠨ ᠬᠡᠯᠪᠡᠷᠢ ᠪᠠᠶᠢᠳᠠᠯ ᠪᠠ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠨ ᠪᠠᠶᠢᠷᠢᠰᠢᠭᠤᠯᠬᠤ ᠶᠢ ᠨᠢᠭᠡᠳᠦᠯᠲᠡᠶ ᠲᠥᠯᠥᠪᠯᠡᠨ ᠪᠡᠶᠡᠯᠡᠭᠦᠯᠵᠦ᠂ ᠮᠠᠨ ᠤ ᠬᠤᠲᠠ ᠶᠢᠨ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号