ᠪᠥᠬᠦ ᠬᠤᠲᠠ ᠶᠢᠨ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠬᠤ ᠬᠠᠮᠲᠤ ᠶᠢᠨ ᠶᠠᠷᠢᠯᠴᠠᠭᠠᠨ ᠤ ᠬᠤᠷᠠᠯ ᠬᠤᠷᠠᠯᠳᠤᠪᠠ ᠶᠠᠩ ᠶᠢᠨ ᠬᠤᠷᠠᠯ ᠢ ᠡᠷᠬᠢᠯᠡᠵᠦ ᠸᠠᠩ ᠸᠧᠨ ᠵᠢᠶᠧ ᠣᠷᠣᠯᠴᠠᠵᠠᠢ
ᠨᠡᠶᠢᠲᠡᠯᠡᠭᠰᠡᠨ ᠴᠠᠭ᠄
2021/9/23
     9 ᠰᠠᠷ᠎ᠠ ᠶᠢᠨ 22 ᠤᠨ ᠡᠳᠦᠷ᠂ ᠪᠥᠬᠦ ᠬᠤᠲᠠ ᠶᠢᠨ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠬᠤ ᠬᠠᠮᠲᠤ ᠶᠢᠨ ᠶᠠᠷᠢᠯᠴᠠᠭᠠᠨ ᠤ ᠬᠤᠷᠠᠯ ᠬᠤᠷᠠᠯᠳᠤᠵᠤ᠂ ᠬᠤᠭᠤᠴᠠᠭ᠎ᠠ ᠰᠣᠯᠢᠬᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠳᠠᠬᠢᠨ ᠰᠤᠷᠤᠯᠴᠠᠵᠤ᠂ ᠳᠠᠬᠢᠨ ᠴᠢᠬᠤᠯᠠᠴᠢᠯᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠰᠠᠬᠢᠵᠤ᠂ ᠰᠤᠷᠲᠠᠯ ᠴᠢᠬᠡᠴᠢ ᠣᠪᠣᠷ ᠲᠥᠪ ᠬᠤᠭᠤᠴᠠᠭ᠎ᠠ ᠰᠣᠯᠢᠬᠤ ᠣᠷᠴᠢᠨ ᠲᠤᠭᠤᠷᠢᠨ ᠢ ᠬᠦᠴᠦᠯᠡᠨ ᠪᠣᠶ ᠪᠣᠯᠭᠠᠬᠤ ᠬᠡᠷᠡᠭᠲᠡᠶ ᠬᠡᠵᠡᠢ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠬᠤᠷᠠᠯ ᠢ ᠡᠷᠭᠢᠯᠡᠵᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠵᠢᠴᠢ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃      ᠲᠠᠩ ᠢ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠬᠤᠭᠤᠴᠠᠭ᠎ᠠ ᠰᠣᠯᠢᠬᠤ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠶᠢ ᠲᠡᠭᠦᠰ ᠠᠮᠵᠢᠯᠲᠠ ᠲᠠᠢ ᠲᠡᠭᠦᠰᠬᠡᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠭᠰᠡᠨ ᠰᠠᠭᠤᠷᠢᠨ ᠳᠡᠭᠡᠷ᠎ᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠠ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠴᠢᠷᠮᠠᠶᠢᠨ ᠡᠬᠢᠯᠡᠭᠦᠯᠬᠦ ᠵᠠᠩᠭᠢᠯᠠᠭ᠎ᠠ ᠶᠢᠨ ᠵᠢᠯ ᠳᠤ ᠬᠢᠬᠦ ᠪᠠᠷ ᠪᠤᠯᠤᠭᠰᠠᠨ ᠶᠤᠮ᠂ ᠡᠨᠡ ᠨᠢ ᠪᠥᠬᠦ ᠲᠠᠯ᠎ᠠ ᠳᠤ ᠬᠤᠯᠪᠣᠭᠳᠠᠵᠤ᠂ ᠠᠯᠤᠰ ᠬᠡᠲᠦ ᠶᠢ ᠨᠥᠯᠥᠭᠡᠯᠡᠵᠦ᠂ ᠲᠦᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠥᠬᠦ ᠬᠤᠲᠠ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠭᠤᠴᠠᠭ᠎ᠠ ᠰᠣᠯᠢᠬᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠤᠶᠢᠯᠠᠭᠠᠨ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠪᠢᠰᠢᠷᠡᠨ ᠵᠢᠷᠦᠬᠡᠰᠢᠶᠡᠬᠦ ᠰᠡᠳᠬᠢᠯᠭᠡ ᠪᠠᠨ ᠲᠠᠰᠤᠷᠠᠯᠲᠠ ᠥᠬᠡᠶ ᠴᠢᠩᠭᠠᠷᠠᠭᠤᠯᠵᠤ᠂ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠵᠢᠷᠤᠮᠯᠠᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠳᠤᠮᠳᠠ ᠬᠤᠷᠢᠭ᠎ᠠ ᠱᠤᠭᠤᠮ ᠢ ᠪᠠᠲᠤ ᠰᠠᠬᠢᠵᠤ᠂ ᠮᠦᠨ ᠴᠢᠨᠡᠷ ᠢᠶᠠᠨ ᠡᠭᠦᠷᠢᠳᠡ ᠬᠠᠳᠠᠭᠠᠯᠠᠵᠤ᠂ ᠢᠲᠡᠭᠡᠯ ᠵᠣᠷᠢᠭ ᠢᠶᠠᠨ ᠴᠢᠩᠭᠠᠷᠠᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ ︾ ᠶᠢ ᠦᠢᠯᠡᠳᠦᠯᠭᠡᠵᠢᠭᠦᠯᠬᠦ ᠬᠡᠷᠡᠭᠲᠡᠶ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠬᠤᠭᠤᠴᠠᠭ᠎ᠠ ᠰᠣᠯᠢᠬᠤ ᠬᠡᠪ ᠰᠤᠷᠲᠠᠯ ᠪᠣᠯ ᠨᠢᠭᠡ ᠭᠠᠵᠠᠷ ᠣᠷᠣᠨ ᠤ ᠤᠯᠤᠰ ᠲᠥᠷᠥ ᠶᠢᠨ ᠠᠮᠢ ᠠᠬᠤᠶ ᠶᠢᠨ ᠴᠢᠬᠤᠯᠠ ᠰᠢᠯᠭᠠᠯᠲᠠ ᠮᠥᠨ᠂ ᠪᠠᠰᠠ ᠴᠤ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠬᠠᠮᠤᠭ ᠤᠨ ᠰᠢᠭᠤᠳ ᠢᠯᠡᠷᠡᠯ ᠮᠥᠨ᠃ ᠠᠵᠢᠯ ᠤᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ︽ᠠᠷᠪᠠᠨ ᠴᠢᠩᠭ᠎ᠠ ᠴᠠᠭᠠᠵᠠᠯᠠᠬᠤ︾ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠬᠤᠭᠤᠴᠠᠭ᠎ᠠ ᠰᠣᠯᠢᠬᠤ ᠪᠦᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠵᠤ᠂ ᠣᠷᠣᠰᠢᠵᠤ ᠪᠠᠶᠢᠭ᠎ᠠ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠡᠯ᠎ᠡ ᠭᠤᠭᠴᠤᠭ᠎ᠠ ᠶᠢᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠤᠬᠠᠭᠤᠯᠬᠤ ᠬᠥᠮᠦᠵᠢᠭᠦᠯᠬᠦ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ︽ᠵᠢᠷᠭᠤᠭᠠᠨ ᠵᠠᠪᠠᠯ ᠶᠠᠷᠢᠯᠴᠠᠬᠤ︾ ︽ᠭᠤᠷᠪᠠᠨ ᠵᠠᠪᠠᠯ ᠦᠵᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠶᠢ ᠬᠡᠷᠡᠭᠵᠢᠭᠦᠯᠦᠨ᠂ ᠬᠢᠨᠠᠯᠲᠠ ᠶᠢ ᠬᠦᠯᠢᠶᠡᠵᠦ᠂ ᠡᠯ᠎ᠡ ᠵᠦᠢᠯ ᠤᠨ ᠲᠥᠪ ᠪᠤᠰᠤ ᠰᠤᠷᠲᠠᠯ ᠢ ᠡᠷᠡᠰ ᠡᠰᠡᠷᠭᠦᠴᠡᠨ ᠬᠤᠷᠢᠭᠯᠠᠬᠤ ᠬᠡᠷᠡᠭᠲᠡᠶ᠃ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠵᠠᠩᠭᠢᠯᠠᠭ᠎ᠠ ᠶᠢᠨ ᠭᠤᠭᠴᠤᠭ᠎ᠠ ᠪᠠ ᠪᠠᠭᠤᠷᠠᠶ ᠲᠠᠯ᠎ᠠ ᠶᠢ ᠴᠢᠩᠭ᠎ᠠ ᠠᠩᠬᠠᠷᠴᠤ ᠠᠵᠢᠯ ᠢᠶᠠᠨ ᠥᠷᠨᠢᠭᠦᠯᠵᠦ᠂ ᠬᠤᠭᠤᠴᠠᠭ᠎ᠠ ᠰᠣᠯᠢᠬᠤ ᠬᠡᠪ ᠰᠤᠷᠲᠠᠯ ᠤᠨ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠬᠦ ᠪᠠ ᠣᠶᠢᠯᠠᠭᠠᠵᠤ᠂ ᠲᠤᠲᠤᠷᠬᠠᠢ ᠵᠤᠷᠢᠯᠭ᠎ᠠ ᠲᠠᠢ ᠠᠵᠢᠯᠯᠠᠬᠤ᠂ ᠨᠠᠷᠢᠯᠢᠭ ᠣᠨᠣᠴᠠᠲᠠᠶ ᠪᠠᠷ ᠬᠢᠨᠠᠯᠲᠠ ᠲᠠᠯᠪᠢᠬᠤ ᠶᠢ ᠪᠡᠶᠡᠯᠡᠭᠦᠯᠬᠦ ᠬᠡᠷᠡᠭᠲᠡᠶ ᠬᠡᠵᠡᠢ᠃      ᠲᠠᠩ ᠢ ᠱᠠᠭᠠᠷᠳᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷᠴᠣᠳ ᠠᠵᠢᠯ ᠦᠢᠯᠡᠰ ᠤᠨ ᠬᠥᠭᠵᠢᠯᠲᠡ ᠪᠣᠯᠤᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠶᠢᠨ ᠦᠨᠳᠦᠷᠴᠡ ᠠᠴᠠ ᠡᠭᠦᠷᠭᠡ ᠲᠤᠰᠢᠶᠠᠯ ᠤᠨ ᠲᠠᠯ᠎ᠠ ᠪᠠᠷ ᠬᠢ ᠲᠠᠪᠰᠢᠬᠤ᠂ ᠪᠠᠭᠤᠬᠤ᠂ ᠦᠯᠡᠳᠡᠬᠦ᠂ ᠰᠢᠯᠵᠢᠬᠦ ᠳᠤ ᠵᠥᠪ ᠢᠶᠠᠷ ᠬᠠᠨᠳᠤᠵᠤ᠂ ᠵᠥᠪ ᠡᠷᠬᠡ ᠶᠢᠨ ᠦᠵᠡᠯᠲᠡ᠂ ᠪᠠᠶᠢᠷᠢ ᠰᠠᠭᠤᠷᠢ ᠶᠢᠨ ᠦᠵᠡᠯᠲᠡ᠂ ᠠᠰᠢᠭ ᠲᠤᠰᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ︽ᠲᠠᠪᠰᠢᠬᠤ︾ ᠨᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ︽ᠪᠠᠭᠤᠬᠤ︾ ᠨᠢ ᠤᠬ ᠰᠠᠨᠠᠭ᠎ᠠ ᠪᠠᠨ ᠰᠠᠬᠢᠵᠤ᠂ ︽ᠦᠯᠡᠳᠡᠬᠦ︾ ᠨᠢ ᠲᠠᠬᠢᠨ ᠠᠶᠠᠯᠠᠯ ᠢᠶᠠᠨ ᠡᠬᠢᠯᠡᠭᠦᠯᠵᠦ᠂ ︽ᠰᠢᠯᠵᠢᠬᠦ︾ ᠨᠢ ᠰᠢᠨ᠎ᠡ ᠪᠠᠶᠢᠳᠠᠯ ᠢ ᠡᠭᠦᠳᠴᠦ᠂ ᠦᠵᠡᠯ ᠰᠠᠨᠠᠭ᠎ᠠ ᠪᠠᠨ ᠰᠠᠮᠠᠭᠤᠷᠠᠬᠤ ᠦᠭᠡᠢ᠂ ᠠᠵᠢᠯ ᠢᠶᠠᠨ ᠬᠤᠶᠢᠰᠢᠯᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠺᠠᠳ᠋ᠷᠴᠤᠳ ᠤᠨ ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠣᠨᠣᠪᠴᠢᠲᠠᠢ ᠡᠵᠡᠮᠰᠢᠵᠦ᠂ ᠰᠡᠳᠬᠢᠯ ᠤᠨ ᠦᠭᠡ ᠪᠠᠨ ᠶᠠᠷᠢᠯᠴᠠᠬᠤ ᠠᠵᠢᠯ  ᠢᠶᠠᠨ ᠨᠢᠭᠤᠷᠳᠠᠨ ᠰᠠᠶᠢᠲᠤᠷ ᠬᠢᠵᠦ᠂ ᠠᠵᠢᠯ ᠤᠨ ᠪᠠᠶᠢᠷᠢ ᠰᠣᠯᠢᠬᠤ ᠪᠠ ᠤᠳᠤᠷᠢᠳᠬᠤ ᠪᠠᠶᠢᠷᠢ ᠠᠴᠠ ᠪᠠᠨ ᠪᠠᠭᠤᠭᠰᠠᠨ ᠺᠠᠳ᠋ᠷᠴᠤᠳ ᠤᠨ ᠵᠣᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠳᠠ ᠶᠢ ᠤᠬᠠᠮᠰᠠᠷ ᠠᠴᠠ ᠪᠠᠨ ᠲᠠᠭᠠᠬᠤ ᠶᠢ ᠬᠦᠳᠦᠯᠦᠨ ᠵᠢᠯᠣᠭᠤᠳᠴᠤ᠂ ᠰᠢᠨ᠎ᠡ ᠪᠠᠷ ᠲᠤᠰᠢᠶᠠᠯ ᠳᠤ ᠭᠠᠷᠤᠭᠰᠠᠨ ᠨᠥᠬᠦᠳ ᠤᠨ ᠠᠵᠠ ᠲᠣᠬᠢᠶᠠᠯ ᠢ ᠨᠠᠨᠳᠢᠩᠨᠠᠵᠤ᠂ ᠢᠳᠡᠪᠬᠢᠲᠡᠢ ᠪᠠᠷ ᠤᠷᠤᠭᠰᠢᠯᠠᠨ ᠲᠠᠪᠰᠢᠬᠤ ᠶᠢ ᠵᠣᠷᠢᠭᠵᠢᠭᠤᠯᠵᠤ᠂ ᠣᠷᠣᠨ ᠪᠠᠶᠢᠷᠢ ᠲᠠᠢ ᠪᠠᠶᠢᠪᠠᠯ ᠨᠡᠩ ᠠᠮᠵᠢᠯᠲᠠ ᠲᠠᠢ ᠪᠣᠯᠬᠤ ᠶᠢ ᠪᠡᠶᠡᠯᠡᠭᠦᠯᠬᠦ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号