ᠲᠠᠩ ᠢ ᠪᠠᠶᠢᠭᠤᠯᠵᠤ ᠪᠠᠶᠢᠭ᠎ᠠ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠡᠮᠦᠨ᠎ᠡ ᠹᠷᠣᠨᠲ ᠲᠤ ᠪᠠᠶᠢᠭ᠎ᠠ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ
ᠨᠡᠶᠢᠲᠡᠯᠡᠭᠰᠡᠨ ᠴᠠᠭ᠄
2021/9/23
     9 ᠰᠠᠷ᠎ᠠ ᠶᠢᠨ 21 ᠤ ᠡᠳᠦᠷ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠲᠤᠬᠠᠶ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠤᠳᠠ ᠲᠣᠭᠤᠷᠢᠭ ᠲᠤ ᠭᠦᠨᠵᠡᠭᠡᠶᠢᠷᠡᠨ᠂ ᠪᠠᠶᠢᠭᠤᠯᠵᠤ ᠪᠠᠶᠢᠭ᠎ᠠ ᠬᠡᠰᠡᠭ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠮᠦᠨ᠎ᠡ ᠹᠷᠣᠨᠲ ᠲᠤ ᠪᠠᠶᠢᠭ᠎ᠠ ᠥᠷᠭᠡᠨ ᠣᠯᠠᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ ᠬᠤᠲᠠ ᠶᠢᠨ ᠤᠳᠤᠷᠢᠳᠤᠯᠭ᠎ᠠ ᠵᠢᠶᠠ ᠴᠢᠩ ᠳ᠋ᠦᠩ᠂ ᠯᠢ ᠴᠦᠨ ᠰᠢᠶᠤᠤ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠵᠡᠶ᠃      ᠲᠠᠩ ᠢ ᠨᠡᠷ ᠤᠷᠢᠳ ᠬᠤᠵᠢᠳ ᠶᠢᠩ ᠯᠠᠢ ᠰᠢᠨ᠎ᠡ ᠮᠠᠲ᠋ᠧᠷᠢᠶᠠᠯ᠂ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ᠂ ᠰᠢᠨ᠎ᠡ ᠨᠦᠩ ᠵᠢᠢ᠂ ᠢ ᠽᠧ ᠡᠮ ᠦᠢᠯᠡᠳᠬᠦ᠂ ᠯᠢᠶᠠᠨ ᠴᠢᠶᠦ᠋ᠨ ᠬᠢᠮᠢ ᠶᠢᠨ ᠠᠵᠤ ᠦᠢᠯᠡᠳᠪᠦᠷᠢ᠂ ᠬᠠᠢ ᠢ ᠲᠦᠩ ᠤᠨ ᠶᠢᠨ ᠯᠦᠩ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠠᠵᠤ ᠠᠬᠤᠶᠢᠯᠠᠯ ᠳᠤ ᠬᠦᠷᠴᠦ᠂ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠭᠦᠨᠵᠡᠭᠡᠶᠢᠷᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠵᠦ᠂ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠪᠥᠲᠥᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ᠂ ᠪᠠᠯᠠ ᠮᠥᠩᠭᠦ ᠶᠢᠨ ᠣᠷᠣᠭᠤᠯᠤᠯᠲᠠ᠂ ᠵᠠᠬ᠎ᠠ ᠳᠡᠯᠭᠡᠭᠦᠷ ᠤᠨ ᠠᠯᠤᠰ ᠤᠨ ᠲᠥᠯᠥᠪ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠢᠯ ᠢ ᠳᠥᠯᠭᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠶᠢᠨ ᠬᠠᠮᠲᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠲᠠᠢ ᠳᠣᠲᠣᠨᠣ ᠪᠠᠷ ᠶᠠᠷᠢᠯᠴᠠᠪᠡ᠃ ᠲᠠᠩ ᠢ ᠡᠯ᠎ᠡ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠶᠢᠨ ᠠᠵᠢᠯ ᠢᠶᠠᠨ ᠵᠣᠬᠢᠶᠠᠨ ᠪᠠᠶᠢᠭᠤᠯᠵᠤ᠂ ᠲᠣᠭᠲᠠᠭᠰᠠᠨ ᠴᠠᠭ ᠤᠨ ᠵᠠᠩᠭᠢᠯᠠᠭ᠎ᠠ ᠶᠢᠨ ᠴᠢᠭ ᠶᠣᠰᠣᠭᠠᠷ ᠬᠤᠷᠳᠤᠴᠠ ᠪᠠᠨ ᠳᠡᠭᠡᠭᠰᠢᠯᠡᠭᠦᠯᠵᠦ᠂ ᠡᠷᠴᠢᠮ ᠢᠶᠠᠨ ᠴᠢᠩᠭᠠᠷᠠᠭᠤᠯᠵᠤ᠂ ᠠᠬᠢᠴᠠ ᠪᠠᠨ ᠪᠠᠲᠤᠯᠠᠵᠤ᠂ ᠲᠦᠷᠦᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ ᠴᠢᠨᠠᠷ ᠰᠠᠶᠢᠲᠠᠢ ᠪᠠᠶᠢᠭᠤᠯᠤᠭᠳᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠵᠠᠬᠢᠪᠠ᠃      ᠲᠠᠩ ᠢ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠲᠦᠷᠦᠯ ᠵᠦᠢᠯ ᠪᠣᠯ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠭᠦᠷ ᠪᠠ ᠬᠦᠴᠦᠲᠦ ᠬᠥᠳᠡᠯᠭᠡᠬᠦ ᠬᠦᠴᠦᠨ ᠮᠥᠨ᠂ ᠮᠠᠨ ᠤ ᠬᠤᠳᠠ ᠶᠢᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠢ ᠪᠠᠶᠢᠭᠤᠯᠬᠤ ᠵᠠᠩᠭᠢᠯᠠᠭ᠎ᠠ ᠶᠢᠨ ᠭᠠᠷᠳᠠᠴᠠ ᠮᠥᠨ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠰᠡᠳᠬᠢᠯ ᠰᠠᠨᠠᠭ᠎ᠠ ᠤᠶᠤᠨ ᠴᠢᠳᠠᠯ ᠢᠶᠠᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠳᠬᠤᠬᠤ ᠳᠡᠭᠡᠷ᠎ᠡ ᠲᠥᠪᠯᠡᠷᠡᠭᠦᠯᠵᠦ᠂ ᠰᠡᠳᠬᠢᠬᠦᠢ ᠪᠠᠨ ᠲᠦᠷᠭᠡᠨ ᠬᠤᠪᠢᠷᠠᠭᠤᠯᠵᠤ᠂ ᠵᠠᠮ ᠱᠤᠭᠤᠮ ᠤᠨ ᠲᠦᠰᠢᠭᠯᠡᠯ ᠠᠴᠠ ᠮᠤᠯᠲᠤᠷᠠᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷᠳᠡᠯ ᠪᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢᠶᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠲᠤᠰᠬᠠᠢ ᠪᠠᠭ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠬᠥᠭᠵᠢᠯᠲᠡ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠦᠨᠡᠨᠬᠦ ᠨᠢᠭᠡᠳᠦᠭᠡᠷ ᠹᠷᠣᠨᠲ ᠤᠨ ᠦᠢᠯᠡᠴᠢᠯᠡᠭᠡ ᠳᠡᠭᠡᠷ᠎ᠡ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠬᠤᠯᠪᠣᠭᠳᠠᠯ ᠪᠦᠬᠦᠢ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号