ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠳᠣᠯᠣᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠲᠠᠪᠤᠳᠤᠭᠠᠷ ᠣᠳᠠᠭᠠᠨ ᠤ ᠪᠦᠬᠦᠳᠠ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/23
 

 

    9 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ

ᠳᠣᠯᠣᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠲᠠᠪᠤᠳᠤᠭᠠᠷ ᠣᠳᠠᠭᠠᠨ ᠤ ᠪᠥᠬᠦᠳᠡ ︵ᠥᠷᠭᠡᠳᠬᠡᠭᠰᠡᠨ︶

ᠬᠤᠷᠠᠯ ᠬᠤᠷᠠᠯᠳᠤᠪᠠ᠃

     ᠪᠥᠬᠦᠳᠡ ᠬᠤᠷᠠᠯ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠭᠢᠯᠡᠪᠡ᠃ ᠬᠤᠲᠠ ᠶᠢᠨ

ᠨᠠᠮ ᠤᠨ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ ᠬᠤᠷᠠᠯ ᠳᠤ ᠣᠷᠣᠯᠴᠠᠵᠤ᠂ ᠬᠤᠲᠠ ᠶᠢᠨ ᠰᠠᠬᠢᠯᠭ᠎ᠠ ᠪᠠᠲᠤ

ᠪᠠᠶᠢᠴᠠᠭᠠᠬᠤ ᠬᠤᠷᠢᠶᠠᠨ ᠤ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠬᠤᠷᠠᠯ ᠳᠤ ᠰᠤᠯᠠ ᠣᠷᠣᠯᠴᠠᠪᠠ

᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠶᠠᠷᠢᠶ᠎ᠠ ᠲᠠᠯᠪᠢᠪᠠ᠃

     ᠪᠥᠬᠦᠳᠡ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠨᠠᠢᠮᠠᠳᠤᠭᠠᠷ

ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ

ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ

ᠭᠡᠰᠢᠭᠦᠨ᠂ ᠣᠷᠣᠯᠠᠭᠴᠢ ᠭᠡᠰᠢᠭᠦᠨ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠵᠢᠴᠢ ᠮᠠᠨ ᠤ

ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ

ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠶᠢᠨ ᠵᠢᠱᠢᠭᠳᠡᠭᠴᠢ᠂ ᠪᠡᠯᠡᠳᠬᠡᠯ ᠵᠢᠱᠢᠭᠳᠡᠭᠴᠢ ᠶᠢᠨ ᠰᠠᠨᠠᠭᠤᠯᠭ᠎ᠠ ᠶᠢᠨ

ᠨᠡᠷᠡᠰ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠨᠠᠢᠮᠠᠳᠤᠭᠠᠷ ᠣᠳᠠᠭᠠᠨ ᠤ

ᠲᠥᠯᠥᠭᠡᠯᠡᠭᠴᠢᠳ ᠤᠨ ᠶᠡᠭᠡ ᠬᠤᠷᠠᠯ ᠳᠤ ᠰᠤᠯᠠ ᠣᠷᠣᠯᠴᠠᠬᠤ ᠬᠥᠮᠦᠰ ᠤᠨ ᠬᠤᠯᠪᠣᠭᠳᠠᠯ ᠪᠦᠬᠦᠢ ᠤᠴᠢᠷ

ᠶᠠᠪᠤᠳᠠᠯ ᠤᠨ ᠲᠣᠳᠣᠷᠬᠠᠶᠢᠯᠠᠯᠲᠠ ᠶᠢᠨ ᠲᠤᠬᠠᠶ ᠮᠡᠳᠡᠭᠦᠯᠦᠯᠲᠡ ᠶᠢ ᠰᠣᠨᠣᠰᠴᠤ᠂ ᠳᠤᠮᠳᠠᠳᠤ ᠤᠯᠤᠰ ᠤᠨ ᠡᠪ ᠬᠠᠮᠲᠤ

ᠨᠠᠮ ᠤᠨ ᠦᠬᠠᠢ ᠬᠤᠳᠠ ᠶᠢᠨ ᠨᠠᠢᠮᠠᠳᠤᠭᠠᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ

ᠪᠦᠬᠦᠢ ᠤᠴᠢᠷ ᠶᠠᠪᠤᠳᠠᠯ ᠢ ᠬᠢᠨᠠᠨ ᠵᠥᠪᠯᠡᠵᠦ ᠪᠠᠲᠤᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ

ᠤᠯᠠᠮ ᠴᠢᠨᠠᠭᠰᠢᠳᠠ ᠴᠢᠩᠭᠠᠳᠬᠠᠵᠤ᠂ ᠨᠠᠷᠢᠨ ᠨᠢᠮᠪᠠᠢ ᠲᠤᠬᠢᠷᠠᠭᠤᠯᠤᠨ ᠪᠠᠶᠢᠷᠢᠯᠠᠭᠤᠯᠵᠤ᠂ ᠨᠠᠷᠢᠯᠢᠭ ᠠᠴᠠ ᠨᠠᠷᠢᠯᠢᠭ᠂

ᠴᠢᠩᠭ᠎ᠠ ᠠᠴᠠ ᠴᠢᠩᠭ᠎ᠠ ᠪᠠᠶᠢᠵᠤ᠂ ᠶᠡᠭᠡ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠥᠨᠳᠥᠷ

ᠪᠠᠷᠢᠮᠵᠢᠶ᠎ᠠ ᠪᠠᠷ᠂ ᠴᠢᠨᠠᠷ ᠰᠠᠶᠢᠲᠠᠢ ᠰᠠᠶᠢᠲᠤᠷ ᠬᠢᠵᠦ᠂ ᠶᠡᠭᠡ ᠬᠤᠷᠠᠯ ᠤᠨ ᠤᠷᠤᠭᠰᠢᠲᠠᠢ ᠬᠤᠷᠠᠯᠳᠤᠬᠤ᠂ ᠲᠡᠭᠦᠰ

ᠠᠮᠵᠢᠯᠲᠠ ᠲᠠᠢ ᠬᠤᠷᠠᠯᠳᠣᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

     ᠪᠦᠬᠦᠳᠠ ᠬᠤᠷᠠᠯ ᠠᠴᠠ ᠲᠤᠭᠳᠠᠭᠰᠠᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ

ᠬᠤᠳᠠ ᠶᠢᠨ ᠨᠠᠢᠮᠠᠳᠤᠭᠠᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠢ 2021 ᠣᠨ ᠤ 9 ᠰᠠᠷ᠎ᠠ ᠶᠢᠨ

25 ᠤ ᠡᠳᠦᠷ ᠠᠴᠠ 9 ᠰᠠᠷ᠎ᠠ ᠶᠢᠨ 28 ᠤ ᠡᠳᠦᠷ ᠪᠣᠯᠲᠠᠯ᠎ᠠ ᠬᠠᠶᠢᠷᠤᠪ ᠤᠨ ᠲᠤᠬᠤᠢ ᠳᠤ ᠬᠤᠷᠠᠯᠳᠣᠨ᠎ᠠ ᠬᠡᠵᠡᠢ᠃

     ᠲᠠᠩ ᠢ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠲᠠᠪᠤᠨ ᠵᠢᠯ ᠳᠤ᠂ ᠳᠤᠮᠳᠠᠳᠤ ᠤᠯᠤᠰ ᠤᠨ ᠡᠪ ᠬᠠᠮᠲᠤ

ᠨᠠᠮ ᠤᠨ ᠦᠬᠠᠢ ᠬᠤᠲᠠ ᠶᠢᠨ ᠳᠣᠯᠣᠳᠤᠭᠠᠷ ᠬᠤᠭᠤᠴᠠᠭᠠᠨ ᠤ ᠬᠤᠷᠢᠶ᠎ᠠ ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ

ᠪᠣᠯᠭᠠᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ

ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ

ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ

ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ

ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ

᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ

ᠵᠡᠷᠭᠡ ᠭᠤᠣᠯᠳᠠᠯᠭ᠎ᠠ ᠲᠠᠢ ᠠᠵᠢᠯ ᠢ ᠭᠦᠨᠵᠡᠭᠡᠢ ᠰᠤᠳᠤᠯᠵᠤ᠂ ᠪᠣᠳᠠᠲᠠᠢ ᠪᠠᠶᠢᠷᠢᠯᠠᠭᠤᠯᠤᠯᠲᠠ ᠬᠢᠵᠦ᠂ ᠳᠣᠯᠣᠳᠤᠭᠠᠷ

ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ

ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠬᠤᠳᠠ ᠶᠢᠨ ᠡᠯ᠎ᠡ ᠵᠦᠢᠯ ᠤᠨ ᠦᠢᠯᠡᠰ ᠤᠨ ᠰᠢᠨ᠎ᠡ

ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ

ᠬᠤᠲᠠ ᠶᠢᠨ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠪᠣᠯ ᠮᠠᠨ ᠤ ᠬᠤᠲᠠ ᠶᠢᠨ ︽ᠠᠷᠪᠠᠨ

ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠶᠢ ᠲᠡᠭᠦᠰ ᠠᠮᠵᠢᠯᠲᠠ ᠲᠠᠢ ᠲᠡᠭᠦᠰᠬᠡᠵᠦ᠂

︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠠ ᠣᠳᠣᠬᠢᠴᠢᠯᠠᠬᠤ ᠪᠥᠲᠥᠭᠡᠨ

ᠪᠠᠶᠢᠭᠤᠯᠤᠯᠲᠠ ᠶᠢᠨ ᠡᠬᠢᠯᠡᠯᠲᠡ ᠶᠢᠨ ᠵᠢᠯ ᠳᠤ ᠬᠤᠷᠠᠯᠳᠤᠭᠤᠯᠬᠤ ᠨᠢᠭᠡ ᠤᠳᠠᠭᠠᠨ ᠤ ᠤᠷᠢᠳᠤᠬᠢ ᠶᠢ ᠵᠠᠯᠭᠠᠮᠵᠢᠯᠠᠨ

ᠢᠷᠡᠭᠡᠳᠦᠶ ᠶᠢ ᠨᠡᠭᠡᠭᠡᠬᠦ ᠴᠢᠬᠤᠯᠠ ᠬᠤᠷᠠᠯ ᠪᠣᠯᠤᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂

ᠥᠷᠭᠡᠨ ᠤᠯᠠᠨ ᠨᠠᠮ ᠤᠨ ᠭᠡᠰᠢᠭᠦᠨ ᠡᠷᠬᠡᠪᠰᠢ ᠤᠬᠠᠮᠰᠠᠷ ᠠᠴᠠ ᠪᠠᠨ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ

ᠡᠷᠬᠢᠮᠯᠡᠬᠦ ᠦᠨᠳᠦᠷᠴᠡ ᠳᠤ ᠵᠣᠭᠰᠣᠵᠤ᠂ ᠡᠨᠡ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠢ

ᠰᠠᠶᠢᠲᠤᠷ ᠬᠤᠷᠠᠯᠳᠤᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠤᠳᠠ ᠶᠢᠨ ᠨᠠᠮ ᠤᠨ

ᠬᠤᠷᠢᠶᠠᠨ ᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠵᠡᠯ

ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠴᠢᠩᠭᠠᠳᠬᠠᠵᠤ᠂ ᠣᠷᠭᠢᠯᠤᠮ᠎ᠠ ᠬᠠᠯᠠᠭᠤᠨ ᠰᠡᠳᠬᠢᠯᠭᠡ᠂

ᠪᠣᠳᠠᠲᠠᠢ ᠶᠢ ᠡᠷᠬᠢᠮᠯᠡᠬᠦ ᠰᠤᠷᠲᠠᠯ᠂ ᠨᠠᠷᠢᠨ ᠨᠢᠭᠲᠠ ᠪᠡᠯᠡᠳᠬᠡᠯ ᠢᠶᠠᠷ ᠨᠠᠮ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠬᠡᠵᠡᠢ᠃  

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号