ᠦᠬᠠᠶ ᠬᠤᠲᠠ 2021 ᠣᠨ ᠳᠤ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠥᠷᠦ ᠶᠢᠨ ᠪᠣᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/9/23
     ᠨᠢᠭᠡ᠂ 2021 ᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠤᠬᠢᠷᠠᠭᠤᠯᠤᠯᠳᠠ ᠬᠢᠬᠦ ᠬᠥᠮᠦᠰ ᠤᠨ ᠬᠡᠪᠴᠢᠶ᠎ᠡ ᠪᠠ ᠴᠠᠭ ᠢ ᠬᠡᠷᠬᠢᠨ ᠲᠣᠭᠲᠠᠭᠠᠭᠰᠠᠨ ᠪᠤᠢ︖      ᠲᠣᠰ ᠤᠳᠠᠭᠠᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠠᠵᠢᠯᠲᠠᠨ ᠤ ᠬᠡᠪᠴᠢᠶ᠎ᠡ ᠪᠣᠯ᠄ 2020 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠲᠣᠭᠲᠠᠭᠠᠯ ᠶᠣᠰᠣᠭᠠᠷ ᠠᠵᠢᠯ ᠠᠴᠠ ᠪᠠᠨ ᠪᠠᠭᠤᠵᠤ ᠠᠮᠠᠷᠠᠬᠤ ᠭᠠᠷ ᠭᠦᠢᠴᠡᠳᠭᠡᠯ ᠬᠢᠭᠰᠡᠨ ᠪᠥᠭᠡᠳ ᠰᠠᠷ᠎ᠠ ᠪᠠᠷ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠠᠪᠴᠤ ᠪᠠᠶᠢᠭ᠎ᠠ ᠠᠵᠤ ᠠᠬᠤᠶᠢᠯᠠᠯ ᠪᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ᠃ ᠰᠢᠨ᠎ᠡ ᠪᠠᠷ ᠨᠡᠮᠡᠭᠳᠡᠭᠦᠯᠦᠭᠰᠡᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 2021 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠬᠤᠶᠠᠷ᠂ 2021 ᠣᠨ ᠤ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠬᠡᠷᠬᠢᠨ ᠲᠤᠬᠢᠷᠠᠭᠤᠯᠤᠯᠳᠠ ᠬᠢᠬᠦ ᠪᠤᠢ︖      ᠡᠨᠡ ᠵᠢᠯ ᠦᠷᠭᠦᠯᠵᠢᠯᠡᠨ ︽ᠨᠣᠷᠮ᠎ᠠ ᠲᠣᠭᠲᠠᠭᠠᠨ ᠲᠣᠬᠢᠷᠠᠭᠤᠯᠬᠤ᠂ ᠬᠤᠯᠪᠣᠭᠳᠠᠭᠤᠯᠤᠨ ᠲᠣᠬᠢᠷᠠᠭᠤᠯᠬᠤ ᠪᠠ ᠵᠣᠬᠢᠰᠲᠠᠶ ᠪᠠᠷ ᠬᠡᠯᠪᠠᠶᠢᠯᠭᠡᠬᠦ ᠶᠢ ᠤᠶᠠᠯᠳᠤᠭᠤᠯᠬᠤ︾ ᠠᠷᠭ᠎ᠠ ᠪᠠᠷ ᠲᠣᠬᠢᠷᠠᠭᠤᠯᠤᠯᠲᠠ ᠬᠢᠨ᠎ᠡ᠃      ︵ᠨᠢᠭᠡ︶ ᠨᠤᠷᠮ᠎ᠠ ᠲᠣᠭᠲᠠᠭᠠᠨ ᠲᠣᠬᠢᠷᠠᠭᠤᠯᠬᠤ      ᠬᠥᠮᠦᠨ ᠪᠦᠷᠢ ᠳᠤ ᠰᠠᠷ᠎ᠠ ᠳᠤ 56 ᠲᠥᠭᠦᠷᠢᠭ ᠨᠡᠮᠡᠵᠦ ᠥᠭᠭᠦᠨ᠎ᠡ᠃      ︵ᠬᠤᠶᠠᠷ︶ ᠬᠤᠯᠪᠣᠭᠳᠠᠭᠤᠯᠤᠨ ᠲᠣᠬᠢᠷᠠᠭᠤᠯᠬᠤ      1. ᠨᠠᠰᠤᠵᠢᠯ ᠤᠨ ᠮᠥᠩᠭᠦ ᠶᠢᠨ ᠬᠢᠷᠢ ᠬᠡᠮᠵᠢᠶ᠎ᠡ ᠲᠠᠢ ᠬᠤᠯᠪᠣᠭᠳᠠᠭᠤᠯᠤᠨ᠎ᠠ᠃ ᠠᠵᠢᠯ ᠠᠴᠠ ᠪᠠᠨ ᠪᠠᠭᠤᠵᠤ ᠠᠮᠠᠷᠠᠭᠰᠠᠳ ᠤᠨ 2020 ᠣᠨ ᠤ 12 ᠰᠠᠷ᠎ᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ 1.4% ᠪᠠᠷ ᠨᠡᠮᠡᠭᠳᠡᠭᠦᠯᠦᠨ᠎ᠡ ︵ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦᠨ ᠤ ᠲᠥᠯᠦᠪᠦᠷᠢ ᠶᠢᠨ ᠲᠥᠷᠦᠯ ᠵᠦᠢᠯ ᠳᠤ ᠣᠷᠤᠭᠤᠯᠤᠭᠰᠠᠨ ᠢᠶᠠᠷ ᠪᠠᠷᠢᠮᠵᠢᠶ᠎ᠠ ᠪᠣᠯᠭᠠᠨ᠎ᠠ︶     2. ᠰᠦᠢᠳᠭᠡᠯ ᠲᠤᠰᠢᠶᠠᠭᠰᠠᠨ ᠵᠢᠯ ᠬᠤᠭᠤᠴᠠᠭ᠎ᠠ ᠲᠠᠢ ᠬᠤᠯᠪᠣᠭᠳᠠᠭᠤᠯᠤᠨ᠎ᠠ᠃ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠰᠦᠢᠳᠭᠡᠯ ᠲᠤᠰᠢᠶᠠᠭᠰᠠᠨ ᠵᠢᠯ ᠬᠤᠭᠤᠴᠠᠭ᠎ᠠ ᠨᠢ ᠪᠦᠬᠦᠯᠢ 1 ᠵᠢᠯ ᠪᠣᠯᠬᠤ ᠪᠦᠷᠢ 1 ᠲᠥᠭᠦᠷᠢᠭ ᠨᠡᠮᠡᠭᠳᠡᠨ᠎ᠡ ︵ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ᠳᠤ ᠲᠣᠭᠲᠠᠭᠠᠯ ᠶᠣᠰᠣᠭᠠᠷ ᠬᠤᠪᠢ ᠬᠥᠮᠦᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠵᠠᠷᠤᠳᠠᠯ ᠲᠤᠰᠢᠶᠠᠬᠤ ᠲᠦᠷᠢᠮ ᠢ ᠬᠡᠷᠡᠭᠵᠢᠭᠦᠯᠬᠦ ᠠᠴᠠ ᠡᠮᠦᠨᠡᠬᠢ ᠦᠷᠭᠦᠯᠵᠢᠯᠡᠨ ᠠᠵᠢᠯᠯᠠᠭᠰᠠᠨ ᠵᠢᠯ ᠪᠠᠭᠲᠠᠨ᠎ᠠ᠂ 1 ᠵᠢᠯ ᠪᠣᠯᠤᠭᠠᠳᠤᠶ ᠪᠣᠯ 1 ᠵᠢᠯ ᠢᠶᠠᠷ ᠲᠣᠬᠢᠷᠠᠭᠤᠯᠤᠨ᠎ᠠ︶ ᠂ ᠲᠣᠬᠢᠷᠠᠭᠤᠯᠤᠯᠲᠠ ᠬᠢᠭᠡᠳ 15 ᠲᠥᠭᠦᠷᠢᠭ ᠬᠥᠷᠬᠦ ᠥᠬᠡᠶ ᠪᠣᠯ 15 ᠲᠥᠭᠦᠷᠢᠭ ᠢᠶᠠᠷ ᠲᠣᠬᠢᠷᠠᠭᠤᠯᠤᠨ᠎ᠠ᠃      ︵ᠭᠤᠷᠪᠠ︶ ᠬᠡᠯᠪᠠᠶᠢᠯᠭᠡᠵᠦ ᠳᠣᠭᠢᠷᠠᠭᠤᠯᠬᠤ      1. ᠥᠨᠳᠥᠷ ᠨᠠᠰᠤᠲᠠᠶᠢᠴᠤᠳ ᠲᠤ ᠬᠡᠯᠪᠠᠶᠢᠯᠭᠡᠵᠦ ᠲᠣᠬᠢᠷᠠᠭᠤᠯᠤᠯᠲᠠ ᠬᠢᠨ᠎ᠠ᠃ 2020 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠪᠦᠬᠦᠯᠢ 70 ᠨᠠᠰᠤᠲᠠᠢ ᠠᠵᠢᠯ ᠠᠴᠠ ᠪᠠᠨ ᠪᠠᠭᠤᠵᠤ ᠠᠮᠠᠷᠠᠭᠰᠠᠳ ᠲᠤ ᠬᠥᠮᠦᠨ ᠪᠦᠷᠢ ᠰᠠᠷ᠎ᠠ ᠳᠤ 30 ᠲᠥᠭᠦᠷᠢᠭ ᠨᠡᠮᠡᠭᠳᠡᠭᠦᠯᠦᠨ᠎ᠡ︔ ᠪᠦᠬᠦᠯᠢ 70 ᠨᠠᠰᠤᠨ ᠠᠴᠠ ᠳᠡᠭᠡᠭᠰᠢᠬᠢ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠢᠭᠡ ᠨᠠᠰᠤ ᠨᠡᠮᠡᠭᠳᠡᠬᠦ ᠪᠦᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠳᠠᠭᠢᠵᠤ 3 ᠲᠥᠭᠦᠷᠢᠭ ᠨᠡᠮᠡᠭᠳᠡᠭᠦᠯᠦᠨ᠎ᠡ᠃      2. ᠠᠵᠤ ᠠᠬᠤᠶᠢᠯᠠᠯ ᠠᠴᠠ ᠠᠵᠢᠯ ᠠᠴᠠ ᠪᠠᠨ ᠪᠠᠭᠤᠵᠤ ᠠᠮᠠᠷᠠᠭᠰᠠᠨ ᠴᠡᠷᠢᠭ ᠺᠠᠳ᠋ᠷ ᠤᠷᠤᠭᠤ ᠰᠢᠯᠵᠢᠭᠰᠡᠨ ᠤ ᠳᠠᠷᠠᠭ᠎ᠠ ᠳᠡᠭᠡᠷ᠎ᠡ ᠳᠤᠷᠠᠳᠤᠭᠰᠠᠨ ᠲᠣᠭᠲᠠᠭᠰᠠᠨ ᠨᠣᠷᠮ᠎ᠠ ᠪᠠᠷ ᠲᠣᠬᠢᠷᠠᠭᠤᠯᠤᠯᠲᠠ ᠬᠢᠵᠦ᠂ ᠬᠤᠯᠪᠣᠭᠳᠠᠭᠤᠯᠤᠨ ᠲᠣᠬᠢᠷᠠᠭᠤᠯᠤᠯᠲᠠ ᠬᠢᠵᠦ᠂ ᠥᠨᠳᠥᠷ ᠨᠠᠰᠤᠲᠠᠶᠢᠴᠤᠳ ᠲᠤ ᠬᠡᠯᠪᠠᠶᠢᠯᠭᠡᠨ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠲᠤᠬᠠᠶ ᠶᠢᠨ ᠭᠠᠵᠠᠷ ᠤᠨ ᠠᠵᠤ ᠠᠬᠤᠶᠢᠯᠠᠯ ᠠᠴᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠳᠤᠮᠳᠠᠴᠢ ᠨᠠᠰᠤᠵᠢᠯ ᠤᠨ ᠮᠥᠩᠭᠦ ᠶᠢᠨ ᠬᠢᠷᠢ ᠬᠡᠮᠵᠢᠶ᠎ᠡ ᠠᠴᠠ ᠳᠣᠤᠷ᠎ᠠ ᠪᠠᠶᠢᠪᠠᠯ᠂ ᠲᠤᠬᠠᠶ ᠶᠢᠨ ᠭᠠᠵᠠᠷ ᠤᠨ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠳᠤᠮᠳᠠᠴᠢ ᠨᠠᠰᠤᠵᠢᠯ ᠤᠨ ᠮᠥᠩᠭᠦ ᠶᠢᠨ ᠬᠢᠷᠢ ᠬᠡᠮᠵᠢᠶᠡᠨ ᠳᠤ ᠬᠦᠷᠭᠡᠨ᠎ᠡ᠃      ᠭᠤᠷᠪᠠ᠂ 2021 ᠣᠨ ᠳᠤ ᠲᠤᠰᠢᠶᠠᠯ ᠠᠴᠠ ᠪᠠᠨ ᠪᠠᠭᠤᠭᠰᠠᠳ ᠲᠤ ᠬᠡᠷᠬᠢᠨ ᠲᠤᠬᠢᠷᠠᠭᠤᠯᠤᠯᠳᠠ ᠬᠢᠬᠦ ᠪᠤᠢ︖      ᠲᠤᠰᠢᠶᠠᠯ ᠠᠴᠠ ᠪᠠᠨ ᠪᠠᠭᠤᠭᠰᠠᠳ ᠲᠤ ᠰᠠᠷ᠎ᠠ ᠳᠤ ᠬᠥᠮᠦᠨ ᠪᠦᠷᠢ 56 ᠲᠥᠭᠦᠷᠢᠭ ᠨᠡᠮᠡᠭᠳᠡᠭᠦᠯᠦᠨ᠎ᠡ︔ ᠲᠤᠰᠢᠶᠠᠯ ᠠᠴᠠ ᠪᠠᠭᠤᠭᠰᠠᠨ ᠠᠮᠢᠳᠤᠷᠠᠯ ᠤᠨ ᠵᠠᠷᠤᠳᠠᠯ ᠤᠨ ᠬᠢᠷᠢ ᠬᠡᠮᠵᠢᠶ᠎ᠡ ᠶᠢ 1.4% ᠪᠠᠷ ᠨᠡᠮᠡᠭᠳᠡᠭᠦᠯᠦᠨ᠎ᠡ︔ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ᠨᠢ ᠪᠦᠬᠦᠯᠢ ᠨᠢᠭᠡ ᠵᠢᠯ ᠪᠣᠯᠬᠤ ᠪᠦᠷᠢ 1 ᠲᠥᠭᠦᠷᠢᠭ ᠨᠡᠮᠡᠭᠳᠡᠵᠦ᠂ ᠲᠣᠬᠢᠷᠠᠭᠤᠯᠤᠯᠲᠠ ᠨᠢ 15 ᠲᠥᠭᠦᠷᠢᠭ ᠬᠥᠷᠬᠦ ᠥᠬᠡᠶ ᠪᠠᠶᠢᠪᠠᠯ᠂ 15 ᠲᠥᠭᠦᠷᠢᠭ ᠢᠶᠠᠷ ᠲᠣᠬᠢᠷᠠᠭᠤᠯᠤᠨ᠎ᠠ᠃ ᠥᠨᠳᠥᠷ ᠨᠠᠰᠤᠲᠠᠶᠢᠴᠤᠳ ᠪᠠ ᠠᠵᠤ ᠠᠬᠤᠶᠢᠯᠠᠯ ᠠᠴᠠ ᠠᠵᠢᠯ ᠠᠴᠠ ᠪᠠᠨ ᠪᠠᠭᠤᠵᠤ ᠠᠮᠠᠷᠠᠭᠰᠠᠨ ᠴᠡᠷᠢᠭ ᠺᠠᠳ᠋ᠷ ᠤᠷᠤᠭᠤ ᠰᠢᠯᠵᠢᠵᠤ ᠠᠮᠠᠷᠠᠭᠰᠠᠳ ᠲᠤ ᠬᠡᠯᠪᠠᠶᠢᠯᠭᠡᠨ ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠣᠯᠤᠨ᠎ᠠ᠃      ᠳᠥᠷᠪᠡ᠂ 2021 ᠣᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠬᠠᠷᠢᠴᠠᠯ ᠨᠢ ᠬᠡᠳᠦᠶ ᠪᠣᠶ︖ ᠬᠥᠮᠦᠨ ᠪᠦᠷᠢ ᠳᠤ ᠴᠥᠮ ᠲᠣᠭᠲᠠᠭᠰᠠᠨ ᠬᠠᠷᠢᠴᠠᠯ ᠢᠶᠠᠷ ᠲᠣᠬᠢᠷᠠᠭᠤᠯᠤᠯᠲᠠ ᠬᠢᠨ᠎ᠡ ᠤᠤ︖      2021 ᠣᠨ ᠳᠤ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠲᠣᠬᠢᠷᠠᠭᠤᠯᠤᠯᠲᠠ ᠶᠢᠨ ᠬᠠᠷᠢᠴᠠᠯ ᠨᠢ 4.5% ᠪᠣᠯᠤᠨ᠎ᠠ᠂ ᠡᠨᠡ ᠪᠣᠯ ᠠᠵᠤ ᠠᠬᠤᠶᠢᠯᠠᠯ ᠪᠣᠯᠤᠨ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠪᠥᠬᠦ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠣᠯᠭᠤᠮᠵᠢ ᠶᠢᠨ ᠲᠣᠬᠢᠷᠠᠭᠤᠯᠤᠯᠲᠠ ᠶᠢᠨ ᠬᠥᠮᠦᠨ ᠪᠥᠷᠢ ᠶᠢᠨ ᠳᠤᠮᠳᠠᠴᠢ ᠬᠢᠷᠢ ᠲᠦᠪᠰᠢᠨ ᠮᠥᠨ᠂ ᠬᠠᠷᠢᠨ ᠠᠵᠤ ᠠᠬᠤᠶᠢᠯᠠᠯ ᠪᠣᠯᠤᠨ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠪᠠᠭᠤᠵᠤ ᠠᠮᠠᠷᠠᠭᠰᠠᠳ ᠴᠥᠮ ᠲᠣᠰ ᠬᠥᠮᠦᠨ ᠤ 2020 ᠣᠨ ᠤ 12 ᠰᠠᠷ᠎ᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 4.5% ᠶᠢᠨ ᠬᠠᠷᠢᠴᠠᠯ ᠢᠶᠠᠷ ᠲᠣᠬᠢᠷᠠᠭᠤᠯᠤᠯᠲᠠ ᠬᠢᠬᠦ ᠪᠢᠰᠢ ᠶᠤᠮ᠃ ᠪᠣᠳᠠᠲᠠᠶ ᠪᠠᠷ ᠬᠡᠯᠡᠪᠡᠯ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠨ ᠨᠢᠭᠡᠪᠦᠷᠢ ᠶᠢᠨ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ᠪᠠ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠬᠡᠮᠵᠢᠶ᠎ᠡ ᠨᠢ ᠠᠳᠠᠯᠢ ᠪᠤᠰᠤ ᠵᠡᠷᠭᠡ ᠰᠢᠯᠲᠠᠭᠠᠨ ᠠᠴᠠ ᠪᠤᠯᠵᠤ᠂ ᠪᠣᠳᠠᠲᠠᠶ ᠨᠡᠮᠡᠭᠳᠡᠭᠰᠡᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠷᠢᠴᠠᠯᠠᠰᠢᠭᠦᠶ ᠲᠤᠭ᠎ᠠ ᠨᠢ ᠠᠳᠠᠯᠢ ᠦᠭᠡᠢ ᠪᠠᠶᠢᠳᠠᠭ᠂ ᠬᠤᠪᠢ ᠬᠥᠮᠦᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠡᠵᠡᠯᠡᠬᠦ ᠶᠣᠰᠣᠲᠠᠶ ᠬᠠᠷᠢᠴᠠᠯ ᠨᠢ ᠴᠦ ᠠᠳᠠᠯᠢ ᠦᠭᠡᠢ ᠪᠠᠶᠢᠳᠠᠭ᠃ ᠡᠩ ᠤᠨ ᠪᠠᠶᠢᠳᠠᠯ ᠳᠤ ᠠᠪᠴᠤ ᠬᠡᠯᠡᠪᠡᠯ᠂ ᠠᠵᠢᠯ ᠤᠨ ᠪᠠᠶᠢᠷᠢᠨ ᠳᠤ ᠪᠠᠶᠢᠭ᠎ᠠ ᠰᠦᠢᠳᠭᠡᠯ ᠲᠤᠰᠢᠶᠠᠭᠰᠠᠨ ᠵᠢᠯ ᠬᠤᠭᠤᠴᠠᠭ᠎ᠠ ᠨᠢ ᠣᠷᠳᠣ᠂ ᠰᠦᠢᠳᠭᠡᠯ ᠲᠤᠰᠢᠶᠠᠭᠰᠠᠨ ᠴᠠᠯᠢᠩ ᠤᠨ ᠬᠢᠷᠢ ᠬᠡᠮᠵᠢᠶ᠎ᠡ ᠨᠢ ᠥᠨᠳᠥᠷ ᠬᠥᠮᠦᠰ ᠤᠨ ᠨᠡᠮᠡᠭᠳᠡᠭᠰᠡᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠷᠢᠴᠠᠯᠠᠰᠢᠭᠦᠶ ᠲᠤᠭ᠎ᠠ ᠨᠢ ᠴᠦ ᠬᠠᠷᠢᠴᠠᠩᠭᠤᠶ ᠪᠠᠷ ᠨᠡᠯᠢᠶᠡᠳ ᠥᠨᠳᠥᠷ ᠪᠠᠶᠢᠳᠠᠭ᠃      ᠲᠠᠪᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠭᠰᠡᠨ ᠪᠣᠳᠠᠲᠠᠶ ᠵᠢᠱᠢᠶ᠎ᠡ      ᠵᠢᠱᠢᠶ᠎ᠡ ᠨᠢᠭᠡ᠄ ᠸᠠᠩ ᠠᠨᠢᠶ᠎ᠠ᠂ 1968 ᠣᠨ ᠤ 5 ᠰᠠᠷ᠎ᠠ ᠳᠤ ᠳᠦᠷᠦᠵᠡᠶ᠂ 2018 ᠣᠨ ᠤ 5 ᠰᠠᠷ᠎ᠠ ᠳᠤ ᠠᠵᠢᠯ ᠠᠴᠠ ᠪᠠᠨ ᠠᠮᠠᠷᠠᠪᠠ᠂ ᠰᠦᠢᠳᠭᠡᠯ ᠲᠤᠰᠢᠶᠠᠭᠰᠠᠨ ᠵᠢᠯ ᠬᠤᠭᠤᠴᠠᠭ᠎ᠠ ︵ᠰᠦᠢᠳᠭᠡᠯ ᠲᠤᠰᠢᠶᠠᠭᠰᠠᠨ ᠵᠢᠯ ᠬᠤᠭᠤᠴᠠᠭ᠎ᠠ ᠲᠠᠢ ᠠᠳᠠᠯᠢ ᠪᠠᠷ ᠦᠵᠡᠨ᠎ᠡ︶ ᠨᠢ 28 ᠵᠢᠯ 10 ᠰᠠᠷ᠎ᠠ ᠪᠠᠶᠢᠵᠤ᠂ 2020 ᠣᠨ ᠤ 12 ᠰᠠᠷ᠎ᠠ ᠶᠢᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠨᠢ 2807.5 ᠲᠥᠭᠦᠷᠢᠭ ᠪᠣᠯᠤᠨ᠎ᠠ᠃ ᠲᠣᠰ ᠤᠳᠠᠭᠠᠨ ᠤ ᠬᠠᠷᠠᠭᠠᠯᠵᠠᠯ ᠳᠤ ᠲᠣᠬᠢᠷᠠᠭᠤᠯᠤᠯᠲᠠ ᠬᠢᠬᠦ ᠠᠷᠭ᠎ᠠ ᠶᠢᠨ ᠶᠣᠰᠣᠭᠠᠷ᠂ ᠸᠠᠩ ᠠᠨᠢᠶ᠎ᠠ ᠶᠢᠨ ᠰᠠᠷ᠎ᠠ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠵᠦ ᠨᠡᠮᠡᠭᠳᠡᠭᠰᠡᠨ ᠵᠣᠭᠤᠰ ᠤᠨ ᠲᠤᠭ᠎ᠠ ᠨᠢ᠄      1. ᠲᠣᠭᠲᠠᠭᠰᠠᠨ ᠨᠣᠷᠮ᠎ᠠ ᠶᠢᠨ ᠲᠣᠬᠢᠷᠠᠭᠤᠯᠤᠯᠲᠠ᠄ 56 ᠲᠥᠭᠦᠷᠢᠭ \ ᠰᠠᠷ᠎ᠠ᠃      2. ᠬᠤᠯᠪᠣᠭᠳᠠᠭᠤᠯᠤᠨ ᠲᠣᠬᠢᠷᠠᠭᠤᠯᠬᠤ᠄ ① ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠲᠠᠢ ᠬᠤᠯᠪᠣᠭᠳᠠᠭᠤᠯᠤᠨ ᠲᠣᠬᠢᠷᠠᠭᠤᠯᠬᠤ᠄ 29 ᠵᠢᠯ ︵ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠨᠢ 1 ᠵᠢᠯ ᠬᠦᠷᠬᠦ ᠦᠭᠡᠢ ᠪᠣᠯ 1 ᠵᠢᠯ ᠢᠶᠠᠷ ᠪᠤᠳᠤᠨ᠎ᠠ︶ × 1 ᠲᠥᠭᠦᠷᠢᠭ / ᠵᠢᠯ =29 ᠲᠥᠭᠦᠷᠢᠭ︔ ② ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠲᠦᠪᠰᠢᠨ ᠲᠠᠢ ᠬᠤᠯᠪᠣᠭᠳᠠᠭᠤᠯᠤᠨ ᠲᠣᠬᠢᠷᠠᠭᠤᠯᠬᠤ᠄ 2807.5 ᠲᠥᠭᠦᠷᠢᠭ × 1.4% = 39.3 ᠲᠥᠭᠦᠷᠢᠭ / ᠰᠠᠷ᠎ᠠ᠃ ᠬᠤᠯᠪᠣᠭᠳᠠᠭᠤᠯᠤᠨ ᠲᠣᠬᠢᠷᠠᠭᠤᠯᠤᠯᠲᠠ ᠬᠢᠭᠡᠳ ᠨᠡᠶᠢᠲᠡ 29 ᠲᠥᠭᠦᠷᠢᠭ \ ᠰᠠᠷ᠎ᠠ + 39.3 ᠲᠥᠭᠦᠷᠢᠭ \ ᠰᠠᠷ᠎ᠠ = 68.3 ᠲᠥᠭᠦᠷᠢᠭ \ ᠰᠠᠷ᠎ᠠ ᠪᠣᠯᠤᠨ᠎ᠠ᠃       ᠳᠡᠭᠡᠷᠡᠬᠢ ᠬᠤᠶᠠᠷ ᠵᠦᠢᠯ ᠢ ᠨᠡᠶᠢᠯᠡᠭᠦᠯᠪᠡᠯ᠂ ᠸᠠᠩ ᠠᠨᠢᠶ᠎ᠠ ᠶᠢᠨ ᠰᠠᠷ᠎ᠠ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠨᠡᠮᠡᠭᠳᠡᠯ ᠨᠢ 56 ᠲᠥᠭᠦᠷᠢᠭ + 68.3 ᠲᠥᠭᠦᠷᠢᠭ = 124.3 ᠲᠥᠭᠦᠷᠢᠭ ᠪᠣᠯᠤᠨ᠎ᠠ᠃      ᠵᠢᠱᠢᠶ᠎ᠡ ᠬᠤᠶᠠᠷ᠄ ᠯᠢ ᠨᠠᠰᠤᠲᠠᠨ᠂ 1937 ᠣᠨ ᠤ 5 ᠰᠠᠷ᠎ᠠ ᠳᠤ ᠳᠦᠷᠦᠵᠡᠶ᠂ 1997 ᠣᠨ ᠤ 5 ᠰᠠᠷ᠎ᠠ ᠳᠤ ᠠᠵᠢᠯ ᠠᠴᠠ ᠪᠠᠨ ᠠᠮᠠᠷᠠᠵᠠᠶ᠂ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ︵ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠲᠠᠢ ᠠᠳᠠᠯᠢ ᠪᠠᠷ ᠦᠵᠡᠨ᠎ᠡ︶ ᠨᠢ 43 ᠵᠢᠯ ᠤᠨ ᠪᠦᠬᠦᠯᠢ ᠬᠤᠭᠤᠴᠠᠭ᠎ᠠ ᠪᠣᠯᠤᠨ᠎ᠠ᠂ 2020 ᠣᠨ ᠤ 12 ᠰᠠᠷ᠎ᠠ ᠶᠢᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠨᠢ 4305.23 ᠲᠥᠭᠦᠷᠢᠭ ᠪᠣᠯᠤᠨ᠎ᠠ᠃ ᠲᠣᠰ ᠤᠳᠠᠭᠠᠨ ᠤ ᠬᠠᠷᠠᠭᠠᠯᠵᠠᠯ ᠤᠨ ᠲᠣᠬᠢᠷᠠᠭᠤᠯᠤᠯᠲᠠ ᠶᠢᠨ ᠠᠷᠭ᠎ᠠ ᠶᠢᠨ ᠶᠣᠰᠣᠭᠠᠷ᠂ ᠯᠢ ᠨᠠᠰᠤᠲᠠᠨ ᠤ ᠰᠠᠷ᠎ᠠ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠵᠦ ᠨᠡᠮᠡᠭᠳᠡᠭᠰᠡᠨ ᠵᠣᠭᠤᠰ ᠤᠨ ᠲᠤᠭ᠎ᠠ ᠨᠢ᠄        1. ᠲᠣᠭᠲᠠᠭᠰᠠᠨ ᠨᠣᠷᠮ᠎ᠠ ᠶᠢᠨ ᠲᠣᠬᠢᠷᠠᠭᠤᠯᠤᠯᠲᠠ᠄ 56 ᠲᠥᠭᠦᠷᠢᠭ \ ᠰᠠᠷ᠎ᠠ᠃      2. ᠬᠤᠯᠪᠣᠭᠳᠠᠭᠤᠯᠤᠨ ᠲᠣᠬᠢᠷᠠᠭᠤᠯᠬᠤ᠄ ① ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠲᠠᠢ ᠬᠤᠯᠪᠣᠭᠳᠠᠭᠤᠯᠤᠨ  ᠲᠣᠬᠢᠷᠠᠭᠤᠯᠪᠠᠯ᠄ 43 ᠵᠢᠯ ︵ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠨᠢ 1 ᠵᠢᠯ ᠬᠦᠷᠬᠦ ᠦᠭᠡᠢ ᠪᠣᠯ 1 ᠵᠢᠯ ᠢᠶᠠᠷ ᠪᠤᠳᠤᠨ᠎ᠠ︶ × 1 ᠲᠥᠭᠦᠷᠢᠭ / ᠵᠢᠯ =43 ᠲᠥᠭᠦᠷᠢᠭ︔ ② ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠲᠦᠪᠰᠢᠨ ᠲᠠᠢ ᠬᠤᠯᠪᠣᠭᠳᠠᠭᠤᠯᠤᠨ ᠲᠣᠬᠢᠷᠠᠭᠤᠯᠬᠤ᠄ 430523 ᠲᠥᠭᠦᠷᠢᠭ × 14% = 6027 ᠲᠥᠭᠦᠷᠢᠭ / ᠰᠠᠷ᠎ᠠ᠃ ᠬᠤᠯᠪᠣᠭᠳᠠᠭᠤᠯᠤᠨ ᠲᠣᠬᠢᠷᠠᠭᠤᠯᠤᠯᠲᠠ ᠬᠢᠭᠡᠳ ᠨᠡᠶᠢᠲᠡ 43 ᠲᠥᠭᠦᠷᠢᠭ \ ᠰᠠᠷ᠎ᠠ + 60.27 ᠲᠥᠭᠦᠷᠢᠭ \ ᠰᠠᠷ᠎ᠠ = 103.27 ᠲᠥᠭᠦᠷᠢᠭ \ ᠰᠠᠷ᠎ᠠ ᠪᠣᠯᠤᠨ᠎ᠠ᠃      3. ᠥᠨᠳᠥᠷ ᠨᠠᠰᠤᠨ ᠤ ᠬᠠᠷᠠᠭᠠᠯᠵᠠᠯ᠄ ① 2020 ᠣᠨ ᠤ 12 ᠰᠠᠷ᠎ᠠ ᠳᠤ᠂ ᠪᠦᠬᠦᠯᠢ 70 ᠨᠠᠰᠤᠨ ᠤ ᠠᠵᠢᠯ ᠠᠴᠠ ᠪᠠᠨ ᠪᠠᠭᠤᠵᠤ ᠠᠮᠠᠷᠠᠭᠰᠠᠳ ᠲᠤ ᠬᠥᠮᠦᠨ ᠪᠦᠷᠢ ᠰᠠᠷ᠎ᠠ ᠳᠤ 30 ᠲᠥᠭᠦᠷᠢᠭ ᠨᠡᠮᠡᠭᠳᠡᠭᠦᠯᠦᠨ᠎ᠡ︔ ② ᠯᠢ ᠨᠠᠰᠤᠲᠠᠨ ᠪᠦᠬᠦᠯᠢ 83 ᠨᠠᠰᠤ ᠬᠦᠷᠦᠭᠰᠡᠨ᠂ 70 ᠨᠠᠰᠤᠨ ᠠᠴᠠ ᠳᠡᠭᠡᠭᠰᠢᠬᠢ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠢᠭᠡ ᠨᠠᠰᠤ ᠨᠡᠮᠡᠭᠳᠡᠬᠦ ᠪᠦᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠲᠠᠬᠢᠭᠠᠳ 3 ᠲᠥᠭᠦᠷᠢᠭ ᠨᠡᠮᠡᠭᠳᠡᠭᠦᠯᠬᠦ ᠪᠠᠷᠢᠮᠵᠢᠶ᠎ᠠ ᠪᠠᠷ ᠯᠢ ᠨᠠᠰᠤᠲᠠᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠠᠰᠠ ︵83 — 70 ᠨᠠᠰᠤ︶ × 3 ᠲᠥᠭᠦᠷᠢᠭ / ᠰᠠᠷ᠎ᠠ =39 ᠲᠥᠭᠦᠷᠢᠭ / ᠰᠠᠷ᠎ᠠ ᠨᠡᠮᠡᠭᠳᠡᠭᠦᠯᠦᠨ᠎ᠡ᠃ ᠥᠨᠳᠥᠷ ᠨᠠᠰᠤᠨ ᠤ ᠬᠡᠯᠪᠠᠶᠢᠯᠲᠡ ᠶᠢᠨ ᠲᠣᠬᠢᠷᠠᠭᠤᠯᠤᠯᠲᠠ ᠳᠤ ᠨᠡᠶᠢᠲᠡ 30 ᠲᠥᠭᠦᠷᠢᠭ / ᠰᠠᠷ᠎ᠠ + 39 ᠲᠥᠭᠦᠷᠢᠭ / ᠰᠠᠷ᠎ᠠ = 69 ᠲᠥᠭᠦᠷᠢᠭ / ᠰᠠᠷ᠎ᠠ ᠨᠡᠮᠡᠭᠳᠡᠭᠦᠯᠦᠨ᠎ᠡ᠃      ᠳᠡᠭᠡᠷᠡᠬᠢ ᠭᠤᠷᠪᠠᠨ ᠵᠦᠢᠯ ᠢ ᠨᠡᠶᠢᠯᠡᠭᠦᠯᠪᠡᠯ᠂ ᠯᠢ ᠡᠪᠦᠭᠡ ᠶᠢᠨ ᠰᠠᠷ᠎ᠠ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠨᠡᠮᠡᠭᠳᠡᠯ ᠨᠢ 56 ᠲᠥᠭᠦᠷᠢᠭ + 103.27 ᠲᠥᠭᠦᠷᠢᠭ + 69 ᠲᠥᠭᠦᠷᠢᠭ = 228.27 ᠲᠥᠭᠦᠷᠢᠭ ᠪᠣᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号