9 ᠳ᠋ᠣᠭᠡᠷ ᠰᠠᠷ᠎ᠠ ᠶᠢᠨ 23 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ | ᠨᠡᠷ ᠤᠷᠢᠳ ᠬᠤᠵᠢᠳ ᠷᠠᠰᠢᠵᠦ᠋ᠩ ᠵᠡᠭᠡᠯᠢ ᠭᠤᠳᠤᠮᠵᠢ ᠶᠢᠨ ᠽᠧ ᠶᠤᠸᠠᠨ ᠨᠡᠶᠢᠭᠡᠮ ᠲᠣᠭᠤᠷᠢᠭ᠂ ᠰᠢᠨ ᠶᠤᠸᠠᠨ | ᠨᠡᠶᠢᠭᠡᠮ ᠲᠣᠭᠤᠷᠢᠭ᠂ ᠬᠠᠶᠢᠨᠠᠨ ᠲᠣᠭᠤᠷᠢᠭ ᠤᠨ ᠭᠤᠷᠪᠠᠳᠤᠭᠠᠷ ᠬᠡᠦᠬᠡᠳ ᠤᠨ ᠴᠡᠴᠡᠷᠯᠢᠭ᠂ ᠬᠠᠢ ᠲᠢᠶᠠᠨ ᠴᠡᠴᠡᠷᠯᠢᠭ᠂ | ᠬᠠᠶᠢᠨᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ︵ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ︶᠂ | ᠬᠠᠶᠢᠨᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ︵ᠨᠠᠰᠤᠨ ᠳᠤ ᠦᠯᠦ ᠬᠦᠷᠦᠭᠰᠡᠳ ᠤᠨ | ᠬᠠᠤᠯᠢᠵᠢᠯ ᠤᠨ ᠬᠥᠮᠦᠵᠢᠯ ᠤᠨ ᠰᠠᠭᠤᠷᠢᠨ︶᠂ ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ︵ | ᠮᠡᠬᠡᠯᠡᠯ ᠢ ᠡᠰᠡᠷᠭᠦᠴᠡᠬᠦ ᠲᠥᠪ︶ ᠵᠡᠷᠭᠡ ᠭᠠᠵᠠᠷ ᠲᠤ ᠬᠦᠷᠴᠦ᠂ ᠪᠥᠬᠦ ᠲᠤᠭᠤᠷᠢᠭ ᠤᠨ ᠬᠤᠲᠠ ᠶᠢᠨ ᠨᠠᠮ ᠤᠨ | ᠪᠠᠶᠢᠭᠤᠯᠤᠯᠲᠠ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ᠂ | ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ ᠵᠡᠷᠭᠡ ᠠᠵᠢᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠰᠣᠳᠣᠯᠪᠠ᠃ ᠲᠣᠭᠤᠷᠢᠭ ᠤᠨ ᠤᠳᠤᠷᠢᠳᠤᠯᠭ᠎ᠠ ᠵᠢᠢ ᠰᠢᠨ ᠴᠤᠤ᠂ ᠵᠤᠤ ᠽᠧ ᠨᠢᠩ᠂ ᠸᠧᠢ | ᠵᠤᠤ ᠳ᠋ᠦᠩ᠂ ᠸᠠᠩ ᠵᠢᠶᠠ ᠴᠢᠶᠠᠩ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠬᠤᠯᠪᠣᠭᠳᠠᠯ ᠪᠦᠬᠦᠢ | ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠢᠦᠢ | ᡁᠢ ᠶᠦᠩ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ | ᠳᠠᠭᠠᠭᠤᠯᠬᠤ ᠵᠥᠪ ᠴᠢᠭᠯᠡᠯ ᠢ ᠪᠠᠲᠤᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ | ᠲᠦᠷᠦ ᠶᠢᠨ ᠴᠢᠳᠠᠪᠬᠢ ᠪᠣᠯᠤᠨ ᠵᠣᠬᠢᠶᠠᠨ ᠪᠠᠶᠢᠭᠤᠯᠬᠤ ᠬᠦᠴᠦᠨ ᠢ ᠳᠠᠰᠤᠷᠠᠯᠳᠠ ᠦᠭᠡᠢ ᠴᠢᠩᠭᠠᠳᠬᠠᠵᠤ᠂ | ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠤᠨ | ᠲᠣᠭᠲᠠᠴᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠬᠤ ᠶᠢᠨ ᠳᠠᠭᠠᠤ᠂ ︽ᠲᠣᠣᠷᠵᠢᠯ + ᠴᠠᠭᠳᠠᠭ᠎ᠠ ᠶᠢᠨ ᠪᠠᠶᠢᠳᠠᠯ︾ | ᠢ ᠭᠦᠨᠵᠡᠭᠡᠢ ᠠᠭᠤᠰᠤᠯᠴᠠᠭᠤᠯᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠦᠴᠦᠨ ᠢᠶᠠᠨ | ᠲᠥᠪᠯᠡᠷᠡᠭᠦᠯᠦᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠣᠯᠤᠨ ᠡᠯ᠎ᠡ ᠵᠦᠢᠯ ᠤᠨ ᠭᠡᠮ ᠰᠣᠭᠤᠭ ᠢ ᠰᠠᠶᠢᠲᠤᠷ | ᠰᠢᠢᠳᠪᠦᠷᠢᠯᠡᠵᠦ᠂ ᠲᠣᠣᠷᠵᠢᠯ ᠤᠨ ᠵᠠᠰᠠᠯᠲᠠ ᠶᠢᠨ ᠴᠢᠳᠠᠪᠤᠷᠢ ᠪᠣᠯᠤᠨ ᠦᠨᠳᠦᠰᠦᠨ ᠱᠠᠲᠤᠨ ᠤ ᠴᠠᠭᠳᠠᠭᠠᠨ ᠤ | ᠶᠠᠪᠤᠳᠠᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ ᠭᠡᠪᠡ᠃ | ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠲᠤᠬᠠᠢ ᠶᠢᠨ ᠲᠠᠯᠪᠤᠷ ᠲᠤ᠂ ᠢᠦᠶ ᡁᠢ | ᠶᠦᠩ ᠵᠢᠭᠠᠵᠤ ᠭᠠᠷᠭᠠᠭᠰᠠᠨ ᠨᠢ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠪᠣᠯ ᠠᠷᠠᠳ ᠤᠨ | ᠠᠮᠢᠳᠤᠷᠠᠯ ᠤᠨ ᠨᠢᠭᠡ ᠵᠦᠢᠯ ᠤᠨ ᠢᠨᠵᠧᠨᠧᠷᠢᠩ ᠮᠥᠨ᠂ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠣᠯᠬᠤᠷ᠂ ᠲᠥᠷᠥ ᠶᠢᠨ ᠪᠣᠳᠣᠯᠭ᠎ᠠ ᠪᠠᠷ ᠲᠡᠳᠬᠦᠬᠦ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ | ᠪᠠ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠂ ᠴᠢᠳᠠᠪᠤᠷᠢᠲᠠᠨ ᠢ ᠬᠥᠮᠦᠵᠢᠭᠦᠯᠬᠦ ᠪᠠ ᠡᠬᠢ ᠪᠠᠶᠠᠯᠢᠭ ᠢ | ᠬᠠᠮᠲᠤᠪᠠᠷ ᠡᠳ᠋ᠯᠡᠬᠦ ᠵᠡᠷᠭᠡ ᠲᠠᠯ᠎ᠠ ᠪᠠᠷ ᠶᠡᠭᠡ ᠬᠦᠴᠦ ᠣᠷᠣᠭᠤᠯᠵᠤ ᠪᠠᠶᠢᠭᠠᠳ ᠮᠣᠩᠭᠤᠯ ᠬᠢᠲᠠᠳ ᠡᠮ ᠡᠮᠨᠡᠯᠭᠡ ᠶᠢᠨ | ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠠᠰᠤᠷᠠᠯᠲᠠ ᠥᠬᠡᠶ ᠳᠥᠯᠭᠢᠨ ᠠᠬᠢᠭᠤᠯᠬᠤ ᠬᠡᠷᠡᠭᠲᠡᠶ᠃ | ᠠᠷᠠᠳ ᠤᠯᠠᠨ ᠤ ᠠᠩᠬᠠᠷᠴᠤ ᠪᠠᠶᠢᠭ᠎ᠠ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ ᠵᠡᠷᠭᠡ ᠲᠠᠯ᠎ᠠ ᠶᠢᠨ | ᠲᠣᠭᠤᠷᠢᠨ ᠳᠤ᠂ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ | ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠷᠳᠭᠷᠨ᠂ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠵᠤ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠬᠦᠴᠦᠯᠡᠨ | ᠳᠡᠭᠡᠭᠰᠢᠯᠡᠭᠦᠯᠬᠦ ᠬᠡᠷᠡᠭᠲᠡᠢ ᠭᠡᠪᠡ᠃ | ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠳᠤ᠂ ᠢᠦᠶ ᡁᠢ ᠶᠦᠩ ᠱᠠᠭᠠᠷᠳᠠᠭᠰᠠᠨ ᠨᠢ᠂ ᠲᠤᠭᠤᠷᠢᠭ ᠤᠨ ᠪᠠᠶᠢᠴᠠᠭᠠᠬᠤ ᠬᠤᠷᠢᠶ᠎ᠠ ᠶᠢᠨ ᠵᠠᠯᠠᠭᠤᠴᠤᠳ | ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠤᠨ ᠰᠠᠭᠤᠷᠢᠨ ᠭᠠᠵᠠᠷ ᠤᠨ ᠴᠢᠳᠠᠮᠵᠢ ᠦᠢᠯᠡᠳᠦᠯ ᠢ ᠤᠯᠠᠮ ᠨᠢᠭᠡ | ᠠᠯᠬᠤᠮ ᠪᠠᠳᠠᠷᠠᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠪᠠᠷ ᠵᠠᠰᠠᠬᠤ ᠰᠡᠷᠡᠮᠵᠢᠯᠡᠭᠦᠯᠬᠦ ᠬᠥᠮᠦᠵᠢᠯ ᠪᠠ | ᠰᠡᠳᠬᠢᠴᠡ ᠶᠢᠨ ᠬᠠᠪᠰᠤᠷᠤᠨ ᠵᠢᠯᠣᠭᠤᠳᠬᠤ ᠠᠵᠢᠯ ᠢ ᠴᠢᠬᠤᠯᠠᠴᠢᠯᠠᠨ᠂ ᠨᠠᠰᠤᠨ ᠳᠤ ᠥᠯᠥ ᠭᠦᠷᠦᠭᠰᠡᠳ ᠤᠨ | ᠬᠠᠤᠯᠢ ᠶᠢ ᠵᠥᠷᠢᠴᠡᠵᠦ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠵᠦ ᠨᠠᠰᠤᠨ ᠳᠤ ᠥᠯᠥ ᠭᠦᠷᠦᠭᠰᠡᠳ ᠤᠨ ᠦᠵᠡᠯ | ᠰᠠᠨᠠᠭ᠎ᠠ ᠶᠣᠰᠣ ᠮᠣᠷᠠᠯ ᠤᠨ ᠬᠥᠮᠦᠵᠢᠯ ᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ | ᠪᠤᠶᠢᠵᠢᠬᠤ ᠶᠢ ᠠᠬᠢᠭᠤᠯᠬᠤ ᠬᠡᠷᠡᠭᠲᠡᠶ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ | ᠤᠬᠠᠭᠤᠯᠭ᠎ᠠ ᠶᠢᠨ ᠡᠷᠴᠢᠮ ᠢ ᠤᠯᠠᠮ ᠴᠢᠨᠠᠭᠰᠢᠳᠠ ᠴᠢᠩᠭᠠᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠶᠢ ᠤᠶᠠᠯᠳᠤᠭᠤᠯᠤᠭᠰᠠᠨ ᠤᠬᠠᠭᠤᠯᠭ᠎ᠠ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠦᠯᠵᠢᠶᠡᠨ ᠤ | ᠮᠡᠬᠡᠯᠡᠯ ᠤᠨ ᠬᠤᠣᠷ ᠬᠥᠨᠥᠭᠡᠯ ᠵᠢᠴᠢ ᠠᠷᠭ᠎ᠠ ᠵᠠᠮ ᠢ ᠬᠥᠮᠦᠨ ᠪᠦᠬᠦᠨ ᠳᠤ ᠮᠡᠳᠡᠭᠦᠯᠬᠦ ᠬᠡᠷᠡᠭᠲᠡᠢ᠃ ᠲᠤᠰᠬᠠᠢ | ᠮᠡᠷᠭᠡᠵᠢᠯ ᠤᠨ ᠬᠦᠴᠦᠨ ᠳᠤ ᠲᠦᠰᠢᠭᠯᠡᠨ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠵᠣᠬᠢᠴᠠᠭᠤᠯᠤᠨ ᠬᠠᠮᠵᠢᠯᠴᠠᠬᠤ ᠪᠠᠨ | ᠴᠢᠩᠭᠠᠳᠬᠠᠵᠤ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠪᠡ᠃ |