ᠮᠠᠨ ᠤ ᠬᠤᠲᠠ ᠶᠢᠨ ᠴᠢᠨᠠᠷ ᠰᠠᠶᠢᠲᠠᠶ ᠦᠵᠦᠮ ᠤᠨ ᠭᠠᠷᠤᠯᠲᠠ 700 ᠲᠦᠮᠡᠨ ᠺᠢᠯᠣᠭ᠍ᠷᠠᠮ ᠳᠤ ᠬᠦᠷᠴᠦ ᠨᠢᠳᠤᠨᠤᠨ ᠤ ᠬᠢ ᠠᠴᠠ 50% ᠪᠠᠷ ᠨᠡᠮᠡᠭᠳᠡᠨ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2021/9/24
     ᠠᠯᠲᠠᠨ ᠨᠠᠮᠤᠷ ᠤᠨ ᠶᠢᠰᠦᠨ ᠰᠠᠷ᠎ᠠ ᠪᠣᠯ ᠦᠵᠦᠮ ᠪᠣᠯᠪᠠᠰᠤᠷᠠᠬᠤ ᠴᠠᠭ ᠮᠥᠨ᠃ ᠮᠠᠨ ᠤ ᠬᠤᠲᠠ ᠶᠢᠨ 100 ᠭᠠᠷᠤᠶ ᠵᠦᠢᠯ ᠤᠨ ᠰᠢᠨ᠎ᠡ ᠰᠣᠷᠭᠤᠭ ᠦᠵᠦᠮ ᠨᠢᠭᠡᠨᠲᠡ ᠶᠡᠭᠡ ᠬᠡᠪᠴᠢᠶ᠎ᠡ ᠪᠠᠷ ᠵᠠᠬ᠎ᠠ ᠳᠡᠯᠭᠡᠭᠦᠷ ᠲᠤ ᠭᠠᠷᠴᠤ᠂ ᠲᠤᠰ ᠭᠠᠵᠠᠷ ᠤᠨ ᠠᠷᠢᠬᠢᠨ ᠡᠳ᠋ᠯᠡᠩ ᠪᠠᠰᠠ ᠵᠠᠯᠭᠠᠭ᠎ᠠ ᠵᠠᠯᠭᠠᠭ᠎ᠠ ᠪᠠᠷ ᠠᠷᠢᠬᠢ ᠨᠡᠷᠡᠵᠦ ᠡᠬᠢᠯᠡᠪᠡ᠃ ᠡᠨᠡ ᠵᠢᠯ ᠮᠠᠨ ᠤ ᠬᠤᠲᠠ ᠶᠢᠨ ᠰᠢᠨ᠎ᠡ ᠪᠠᠷ ᠨᠡᠮᠡᠭᠳᠡᠭᠰᠡᠨ ᠦᠵᠦᠮ ᠳᠠᠷᠢᠬᠤ ᠲᠠᠯᠠᠪᠠᠶ 556 ᠮᠥ᠂ ᠶᠡᠷᠦᠩᠬᠡᠢ ᠦᠵᠦᠮ ᠲᠠᠷᠢᠭᠰᠠᠨ ᠲᠠᠯᠠᠪᠠᠶ 2.6 ᠲᠦᠮᠡᠨ ᠮᠥ ᠬᠦᠷᠴᠦ᠂ ᠴᠢᠨᠠᠷ ᠰᠠᠶᠢᠲᠠᠶ ᠦᠵᠦᠮ ᠤᠨ ᠭᠠᠷᠤᠯᠲᠠ 700 ᠲᠦᠮᠡᠨ ᠺᠢᠯᠣᠭ᠍ᠷᠠᠮ ᠳᠤ ᠬᠦᠷᠴᠦ᠂ ᠨᠢᠳᠤᠨᠤᠨ ᠤ ᠬᠢ ᠠᠴᠠ 50% ᠪᠠᠷ ᠨᠡᠮᠡᠭᠳᠡᠨ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃      9 ᠰᠠᠷ᠎ᠠ ᠶᠢᠨ 20 ᠤ ᠡᠳᠦᠷ᠂ ᠰᠤᠷᠪᠤᠯᠵᠢᠯᠠᠭᠴᠢ ᠬᠠᠶᠢᠨᠠᠨ ᠲᠣᠭᠤᠷᠢᠭ ᠤᠨ ᠰᠠᠶᠢᠬᠠᠬᠤᠰᠣ ᠲᠣᠰᠬᠤᠨ ᠤ ᠬᠠᠳᠤᠨ ᠭᠤᠣᠯ ᠤᠨ ᠲᠣᠰᠬᠤᠨ ᠤ ᠠᠷᠠᠳ ᠤᠨ ᠳᠤᠭᠤᠶᠢᠯᠠᠩ ᠳᠤ ᠬᠦᠷᠬᠦ ᠳᠤ᠂ ᠦᠵᠦᠮ ᠤᠨ ᠬᠦᠷᠢᠶᠡᠯᠡᠩ ᠠᠴᠠ ᠳᠡᠮᠡᠢ ᠬᠤᠯᠠ ᠦᠭᠡᠢ ᠵᠠᠰᠠᠮᠠᠯ ᠵᠠᠮ ᠤᠨ ᠬᠠᠵᠠᠭᠤ ᠳᠤ ᠣᠯᠠᠨ ᠮᠠᠶᠢᠬᠠᠨ ᠪᠤᠰᠬᠠᠵᠤ᠂ ᠤᠢᠢᠷ᠎ᠠ ᠬᠠᠪᠢ ᠶᠢᠨ ᠲᠠᠷᠢᠶᠠᠴᠢᠨ ᠡᠷᠦᠬᠡ ᠶᠢᠨ ᠥᠪᠡᠷ ᠤᠨ ᠲᠠᠷᠢᠭᠰᠠᠨ ᠦᠵᠦᠮ ᠢᠶᠠᠨ ᠲᠡᠯᠬᠡᠨ ᠪᠤᠷᠤᠯᠠᠭᠤᠯᠵᠤ᠂ ᠬᠤᠩ ᠲᠢ᠂ ᠯᠦᠩ ᠶᠠᠨ᠂ ᠦᠷ᠎ᠡ ᠦᠭᠡᠢ ᠴᠠᠭᠠᠨ ᠦᠵᠦᠮ᠂ ᠮᠸᠢ ᠭᠦᠢ ᠰᠢᠶᠠᠩ ᠵᠡᠷᠭᠡ ᠡᠯ᠎ᠡ ᠲᠦᠷᠦᠯ ᠤᠨ ᠰᠢᠯᠢᠳᠡᠭ ᠦᠵᠦᠮ ᠤᠨ ᠲᠦᠷᠦᠯ ᠵᠦᠢᠯ ᠪᠦᠷᠢᠨ᠂ ᠴᠥᠭᠡᠨ ᠪᠤᠰᠤ ᠬᠤᠳᠠ ᠶᠢᠨ ᠠᠷᠠᠳ ᠤᠨ ᠪᠠᠭ᠋ᠠᠷᠬᠠᠯ ᠢ ᠲᠠᠳᠠᠵᠤ ᠪᠠᠶᠢᠬᠤ ᠶᠢ ᠤᠯᠵᠤ ᠬᠠᠷᠠᠵᠠᠢ᠃ ᠲᠠᠷᠢᠶᠠᠴᠢᠨ ᠸᠠᠩ ᠹᠧᠩ ᠯᠠᠨ ᠬᠡᠯᠡᠭᠰᠡᠨ ᠨᠢ᠄ ︽ᠡᠨᠡ ᠵᠢᠯ ᠤᠨ ᠬᠡᠷᠡᠯ ᠤᠨ ᠲᠤᠰᠤᠯᠲᠠ ᠰᠠᠶᠢᠨ᠂ ᠬᠤᠷ᠎ᠠ ᠲᠣᠨᠣᠳᠠᠰᠤ ᠲᠣᠬᠢᠷᠠᠮᠵᠢᠲᠠᠶ᠂ ᠦᠵᠦᠮ ᠤᠨ ᠥᠩᠭᠡ ᠣᠷᠣᠭᠤᠯᠬᠤ ᠪᠠ ᠰᠢᠬᠢᠷᠯᠢᠭ ᠤᠨ ᠬᠡᠮᠵᠢᠶ᠎ᠡ ᠨᠢ ᠪᠦᠷ ᠵᠦᠭᠡᠷ᠂ ᠪᠢᠳᠡ ᠠᠷᠪᠠᠨ ᠬᠡᠳᠦᠨ ᠮᠥ ᠦᠵᠦᠮ ᠳᠠᠷᠢᠵᠤ᠂ ᠠᠷᠪᠠᠨ ᠬᠡᠳᠦᠨ ᠵᠦᠢᠯ ᠤᠨ ᠲᠦᠷᠦᠯ ᠪᠤᠢ᠂ ᠨᠡᠯᠢᠶᠡᠳ ᠰᠠᠶᠢᠨ ᠬᠤᠳᠠᠯᠳᠤᠵᠤ ᠪᠠᠶᠢᠨ᠎ᠠ᠂ ᠣᠷᠣᠯᠭ᠎ᠠ ᠨᠢ ᠪᠠᠷᠤᠭ ᠨᠢᠳᠤᠨᠤᠨ ᠤ ᠬᠢ ᠠᠴᠠ ᠨᠢᠭᠡ ᠳᠠᠬᠢᠨ ᠨᠡᠮᠡᠭᠳᠡᠬᠦ ᠪᠣᠯᠤᠨ᠎ᠠ︾ ᠭᠡᠵᠡᠶ᠃      ᠰᠢᠨ᠎ᠡ ᠰᠣᠷᠭᠤᠭ ᠦᠵᠦᠮ ᠢᠳᠡᠬᠦ ᠪᠠᠷ ᠠᠳᠠᠯ ᠪᠣᠰᠬᠠᠭᠰᠠᠨ ︽ᠶᠦᠨ ᠹᠸᠢ ᠦᠵᠦᠮ︾ ᠨᠢ ᠡᠨᠡ ᠵᠢᠯ 150 ᠬᠦᠯᠡᠮᠵᠢ ᠪᠠᠷ ᠢᠶᠠᠨ ᠪᠠᠷᠢᠮᠵᠢᠶᠠᠵᠢᠭᠰᠠᠨ ᠲᠥᠬᠦᠭᠡᠷᠦᠮᠵᠢ ᠶᠢᠨ ᠲᠠᠷᠢᠮᠠᠯ ᠤᠨ ᠰᠠᠭᠤᠷᠢᠨ ᠭᠠᠵᠠᠷ ᠪᠣᠯᠭᠠᠵᠤ᠂ ᠪᠠᠰᠠ ᠦᠵᠦᠮ ᠤᠨ ᠬᠤᠣᠰ T ᠦᠰᠦᠭ ᠤᠨ ᠬᠡᠯᠪᠡᠷᠢ ᠪᠣᠯᠤᠨ ᠵᠠᠳᠠᠭᠠᠶ ᠭᠠᠵᠠᠷ ᠤᠨ ᠦᠵᠦᠮ ᠤᠨ ᠲᠦᠪᠰᠢᠨ ᠤ ᠲᠡᠭᠰᠢ ᠰᠠᠷᠠᠪᠴᠢ ᠶᠢᠨ ᠮᠡᠷᠭᠡᠵᠢᠯ ᠢ ᠬᠡᠷᠡᠭᠯᠡᠵᠦ᠂ ᠦᠵᠦᠮ ᠤᠨ ᠭᠠᠷᠤᠯᠲᠠ ᠪᠠᠨ ᠶᠡᠭᠡ ᠪᠠᠷ ᠨᠡᠮᠡᠭᠳᠡᠭᠦᠯᠵᠡᠢ᠃ ᠬᠤᠲᠠ ᠶᠢᠨ ᠶᠦᠨ ᠹᠸᠢ ᠲᠠᠷᠢᠶᠠᠯᠠᠩ ᠤᠨ ᠳᠠᠷᠢᠵᠤ ᠲᠡᠵᠢᠭᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠯᠪᠠᠨ ᠬᠡᠷ ᠤᠨ ᠡᠷᠬᠢᠯᠡᠭᠴᠢ ᠸᠧᠶ ᠲᠦᠩ ᠰᠤᠷᠪᠤᠯᠵᠢᠯᠠᠭᠴᠢ ᠳᠤ ᠬᠡᠯᠡᠭᠰᠡᠨ ᠨᠢ᠂ ᠶᠦᠨ ᠹᠸᠢ ᠺᠣᠮᠫᠠᠨᠢ ᠡᠨᠡ ᠵᠢᠯ ᠪᠠᠷᠤᠭ 500 ᠮᠥ ᠰᠢᠨ᠎ᠡ ᠰᠣᠷᠭᠤᠭ ᠦᠵᠦᠮ ᠳᠠᠷᠢᠵᠤ᠂ ᠮᠥ ᠪᠦᠷᠢ ᠶᠢᠨ ᠭᠠᠷᠤᠯᠲᠠ ᠨᠢ 200 ᠺᠢᠯᠣᠭ᠍ᠷᠠᠮ ᠣᠷᠴᠢᠮ ᠪᠠᠶᠢᠵᠤ᠂ ᠭᠠᠷᠤᠯᠲᠠ ᠨᠢ ᠥᠨᠳᠥᠷ ᠪᠣᠯᠵᠣ᠂ ᠪᠣᠷᠣᠯᠠᠭᠤᠯᠭ᠎ᠠ ᠶᠢᠨ ᠬᠡᠮᠵᠢᠶ᠎ᠡ ᠴᠦ ᠨᠢᠳᠤᠨᠤᠨ ᠤ ᠬᠢ ᠠᠴᠠ 30% ᠣᠷᠴᠢᠮ ᠳᠡᠭᠡᠭᠰᠢᠯᠡᠵᠡᠶ ᠭᠡᠵᠡᠶ᠃      ᠬᠤᠲᠠ ᠶᠢᠨ ᠲᠠᠷᠢᠶᠠᠯᠠᠩ ᠤᠨ ᠬᠦᠭᠵᠢᠬᠦᠯᠦᠯᠳᠡ ᠶᠢᠨ ᠲᠥᠪ ᠤᠨ ᠳᠡᠭᠡᠳᠦ ᠲᠠᠰ ᠤᠨ ᠲᠠᠷᠢᠶᠠᠯᠠᠩ ᠤᠨ ᠮᠡᠷᠭᠡᠵᠢᠯᠲᠡᠨ ᠭᠦᠸᠧ ᠶᠠᠨ ᠯᠢᠩ ᠬᠡᠯᠡᠭᠰᠡᠨ ᠨᠢ᠄ ︽ᠲᠣᠰ ᠭᠠᠵᠠᠷ ᠤᠨ ᠦᠵᠦᠮ ᠳᠠᠷᠢᠬᠤ ᠮᠡᠷᠭᠡᠵᠢᠯ ᠤᠨ ᠰᠠᠶᠢᠵᠢᠷᠠᠭᠤᠯᠤᠯᠲᠠ ᠪᠠ ᠰᠢᠨ᠎ᠡ ᠡᠭᠦᠯᠳᠡᠷ ᠢ ᠣᠷᠣᠭᠤᠯᠤᠨ ᠠᠪᠴᠢᠷᠠᠬᠤ᠂ ᠲᠤᠷᠰᠢᠯᠲᠠ ᠬᠢᠬᠦ ᠪᠠᠷ ᠳᠡᠮᠵᠢᠨ᠂ ᠡᠨᠡ ᠵᠢᠯ ᠦᠵᠦᠮ ᠤᠨ ᠭᠠᠷᠤᠯᠲᠠ 20% ᠪᠠᠷ ᠨᠡᠮᠡᠭᠳᠡᠪᠡ᠃ ᠮᠠᠭᠤ ᠠᠭᠤᠷ ᠠᠮᠢᠰᠬᠤᠯ ᠤᠨᠠᠯᠲᠠ ᠳᠤ ᠨᠡᠯᠢᠶᠡᠳ ᠶᠡᠭᠡ ᠨᠥᠯᠥᠭᠡ ᠦᠵᠡᠭᠦᠯᠬᠦ ᠠᠴᠠ ᠰᠡᠷᠭᠡᠶᠢᠯᠡᠬᠦ ᠶᠢᠨ ᠲᠥᠯᠥᠭᠡ᠂ ᠮᠠᠨ ᠤ ᠬᠤᠲᠠ ᠬᠤᠶᠢᠰᠢᠳᠠ ᠪᠡᠯᠡᠳᠭᠡᠮᠵᠢᠳᠤ ᠦᠵᠦᠮ ᠤᠨ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠦᠨ᠎ᠡ᠂ ᠳᠠᠷᠢᠬᠤ ᠲᠠᠯᠠᠪᠠᠶ ᠶᠢᠨ ᠨᠡᠮᠡᠭᠳᠡᠬᠦ ᠶᠢ ᠲᠠᠭᠠᠯᠳᠣᠨ᠂ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠲᠠᠰᠤᠷᠠᠯᠲᠠ ᠥᠬᠡᠶ ᠳᠡᠯᠭᠡᠷᠡᠭᠦᠯᠵᠤ᠂ ᠮᠠᠨ ᠤ ᠬᠤᠲᠠ ᠶᠢᠨ ᠪᠡᠯᠡᠳᠭᠡᠮᠵᠢᠳᠤ ᠦᠵᠦᠮ ᠨᠢ ᠦᠨᠡᠨ ᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠠᠷᠠᠳ ᠢ ᠪᠠᠶᠠᠵᠢᠭᠤᠯᠬᠤ ᠠᠵᠤ ᠦᠢᠯᠡᠰ ᠪᠣᠯᠬᠤ ᠪᠣᠯᠤᠨ᠎ᠠ︾ ᠭᠡᠵᠡᠶ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号