ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ  ᠶᠢᠨ ᠭᠤᠤᠯᠳᠠᠯᠭᠠᠲᠤ ᠳᠤᠭᠤᠶᠢᠯᠠᠩ 2021 ᠣᠨ ᠤ 19 ᠳ᠋ᠣᠭᠡᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/27
     9 ᠰᠠᠷ᠎ᠠ ᠶᠢᠨ 24 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠳᠠ ᠶᠢᠨ ᠳᠠᠷᠤᠭ᠎ᠠ ᠶᠠᠩ ᠶᠢᠨ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2021 ᠣᠨ ᠤ 19 ᠳ᠋ᠣᠭᠡᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃        ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠱᠠᠨᠰᠢ ᠶᠢᠨ ᠲᠡᠮᠡᠭᠡᠲᠤ ᠳᠤ ᠰᠢᠨᠵᠢᠯᠡᠨ ᠪᠠᠶᠢᠴᠠᠭᠠᠬᠤ ᠳᠠᠭᠠᠨ ᠡᠨᠧᠷᠭᠢ ᠶᠢᠨ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠠᠵᠢᠯ ᠳᠤ ᠴᠢᠬᠤᠯᠠ ᠵᠢᠭᠠᠪᠤᠷᠢ ᠥᠭᠴᠦ᠂ ᠮᠠᠨ ᠤ ᠬᠤᠳᠠ ᠶᠢᠨ ᠰᠢᠨ᠎ᠡ ᠬᠥᠭᠵᠢᠯᠲᠡ ᠶᠢᠨ ᠱᠠᠲᠤᠨ ᠳᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠵᠡᠯ ᠰᠠᠨᠠᠭᠠᠨ ᠤ ᠵᠢᠯᠤᠭᠤᠳᠤᠯᠭ᠎ᠠ ᠪᠠ ᠦᠢᠯᠡᠳᠦᠯᠭᠡ ᠶᠢᠨ ᠵᠢᠷᠤᠮᠯᠠᠯ ᠬᠠᠩᠭᠠᠵᠠᠢ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠡᠨᠧᠷᠭᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠶᠢ ᠶᠡᠬᠡᠪᠡᠷ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠬᠤᠶᠠᠷ ᠶᠡᠭᠡ ᠠᠵᠤ ᠦᠢᠯᠡᠰ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠦᠨᠡᠨᠬᠦ ᠴᠢᠩᠭᠠᠳᠬᠠᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠷᠭᠡᠨ ᠤᠯᠠᠨ ᠨᠠᠮ ᠤᠨ ᠬᠡᠰᠢᠭᠦᠳ ᠢ ᠬᠦᠳᠦᠯᠦᠨ ᠵᠢᠯᠣᠭᠤᠳᠴᠤ ᠢᠮᠠᠭᠲᠠ ᠵᠣᠷᠢᠭᠲᠠᠢ ᠪᠠᠷ ᠲᠦᠷᠦᠭᠦᠯᠡᠬᠦ᠂ ᠬᠦᠴᠦᠯᠡᠨ ᠲᠡᠮᠡᠴᠡᠬᠦ ᠴᠤᠭ ᠰᠦᠯᠳᠡ ᠶᠢ ᠨᠢ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠳᠠᠰᠤᠷᠠᠯᠳᠠ ᠦᠬᠡᠢ ᠡᠭᠦᠳᠬᠦ ᠬᠡᠷᠡᠭᠲᠡᠢ᠃ ᠠᠷᠠᠳ ᠲᠦᠮᠡᠨ ᠤ ᠠᠰᠢᠭ ᠲᠤᠰᠠ ᠶᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠷᠠᠳ ᠤᠨ ᠠᠮᠢᠳᠤᠷᠠᠯ ᠢ ᠢᠮᠠᠭᠲᠠ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠬᠡᠷᠡᠭ ᠶᠠᠪᠤᠳᠠᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠳᠠᠩᠰᠠ ᠡᠪᠬᠡᠮᠡᠯ ᠤᠨ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠰᠢᠨ᠎ᠡ ᠴᠠᠭ ᠦᠶ᠎ᠡ ᠶᠢᠨ ᠳᠠᠩᠰᠠ ᠡᠪᠬᠡᠮᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠣᠨᠣᠪᠴᠢᠲᠠᠢ ᠡᠵᠡᠮᠳᠡᠵᠦ᠂ ᠳᠤᠰ ᠭᠠᠵᠠᠷ ᠣᠷᠣᠨ ᠤ ᠪᠠᠨ ᠬᠤᠪᠢᠰᠬᠠᠯᠲᠤ ᠳᠠᠩᠰᠠ ᠡᠪᠬᠡᠮᠡᠯ ᠤᠨ ᠡᠬᠢ ᠪᠠᠶᠠᠯᠢᠭ ᠢ ᠠᠪᠤᠷᠠᠬᠤ᠂ ᠰᠡᠯᠪᠢᠨ ᠵᠠᠰᠠᠬᠤ᠂ ᠡᠮᠬᠢᠯᠡᠬᠦ᠂ ᠬᠠᠮᠠᠭᠠᠯᠠᠬᠤ ᠪᠠ ᠠᠰᠢᠭᠯᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠳᠠᠩᠰᠠ ᠡᠪᠬᠡᠮᠡᠯ ᠢ ᠬᠠᠮᠢᠶᠠᠷᠬᠤ᠂ ᠤᠯᠤᠰ ᠤᠨ ᠲᠥᠯᠥᠭᠡ ᠲᠡᠦᠬᠡ ᠶᠢ ᠵᠢᠷᠣᠮᠯᠠᠵᠤ ᠠᠷᠠᠳ ᠲᠦᠮᠡᠨ ᠳᠤ ᠦᠢᠯᠡᠴᠢᠯᠡᠬᠦ ᠶᠢ ᠠᠵᠢᠯᠯᠠᠭ᠎ᠠ ᠳᠤᠮᠳᠠ ᠪᠠᠨ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠲᠠᠩᠰᠠ ᠡᠪᠬᠡᠮᠡᠯ ᠤᠨ ᠣᠷᠳᠣᠨ ᠤ ᠰᠠᠭᠤᠷᠢ ᠪᠡᠯᠡᠳᠬᠡᠮᠵᠢ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠠᠩᠰᠠ ᠡᠪᠬᠡᠮᠡᠯ ᠢ ᠲᠣᠭᠠᠴᠢᠯᠠᠨ ᠥᠭᠡᠷᠡᠴᠢᠯᠡᠵᠦ ᠲᠠᠰ ᠳᠡᠪᠰᠢᠭᠦᠯᠬᠦ ᠶᠢ ᠶᠡᠬᠡᠪᠡᠷ ᠠᠬᠢᠭᠤᠯᠵᠤ᠂ ᠲᠠᠩᠰᠠ ᠡᠪᠬᠡᠮᠡᠯ ᠤᠨ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠬᠡᠷᠡᠭᠲᠡᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠲᠤᠬᠠᠢ ᠰᠢᠷᠢᠰ ᠴᠢᠬᠤᠯᠠ ᠥᠭᠦᠯᠡᠯᠲᠡ ᠨᠢ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠤᠨᠤᠯᠴᠢ ᠴᠢᠨᠠᠷ ᠪᠠ ᠵᠢᠯᠣᠭᠤᠳᠬᠤ ᠴᠢᠨᠠᠷ ᠲᠠᠢ ᠶᠤᠮ᠃ ᠤᠨᠤᠯ ᠢᠶᠠᠷ ᠵᠡᠪᠰᠡᠭᠯᠡᠬᠦ ᠪᠠᠨ ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠠᠵᠢᠭᠯᠠᠬᠤ᠂ ᠵᠥᠷᠢᠴᠡᠯ ᠢ ᠵᠠᠳᠠᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ︽ᠲᠦᠷᠪᠡᠨ ᠰᠤᠷᠲᠠᠯ︾ ᠢ ᠡᠷᠡᠰ ᠵᠠᠯᠠᠷᠠᠭᠤᠯᠤᠨ ᠵᠠᠰᠠᠵᠤ᠂ ᠢᠯᠵᠢᠷᠡᠯ ᠤᠨ ᠠᠰᠠᠭᠤᠳᠠᠯ ᠢ ᠡᠷᠡᠰ ᠵᠠᠯᠬᠠᠭᠠᠨ ᠰᠢᠳᠬᠡᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠢᠳᠡᠪᠬᠢᠲᠡᠢ ᠪᠤᠢ ᠪᠣᠯᠭᠠᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠤᠬᠠᠮᠰᠠᠷ ᠠᠴᠠ ᠪᠠᠨ ᠤᠯᠤᠰ ᠲᠦᠷᠦ ᠶᠢᠨ ᠲᠠᠯ᠎ᠠ ᠠᠴᠠ ᠨᠢᠭᠡᠳᠦᠮᠡᠯ ᠹᠷᠣᠨᠲ ᠤᠨ ᠠᠵᠢᠯ ᠢ ᠲᠥᠯᠥᠪᠵᠢᠭᠦᠯᠦᠨ ᠠᠬᠢᠭᠤᠯᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠡᠲᠡᠭᠡᠳ ᠤᠨ ᠬᠥᠮᠦᠰ ᠤᠨ ᠤᠯᠤᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠨᠢᠭᠡᠳᠦᠮᠡᠯ ᠹᠷᠣᠨᠲ ᠤᠨ ᠪᠦᠯᠬᠦᠮᠳᠡᠯ ᠤᠨ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠵᠢᠷᠤᠭᠯᠠᠬᠤ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号