ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠪᠦᠬᠦᠳᠡ ᠬᠤᠷᠠᠯᠳᠣᠪᠠ
ᠨᠡᠶᠢᠲᠡᠯᠡᠭᠰᠡᠨ ᠴᠠᠭ᠄
2021/9/27
     9 ᠰᠠᠷ᠎ᠠ ᠶᠢᠨ 26 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠪᠦᠬᠦᠳᠡ ᠬᠤᠷᠠᠯᠳᠣᠪᠠ᠃      ᠲᠤᠰ ᠣᠳᠠᠭᠠᠨ ᠤ ᠪᠦᠬᠦᠳᠠ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠲᠠᠩ ᠢ᠂ ᠶᠠᠩ ᠶᠢᠨ᠂ ᠼᠦᠢ ᠵᠢᠩ ᠶᠢᠩ᠂ ᠬᠤ᠋ ᠱᠠᠨ ᠱᠦᠨ᠂ ᠡᡁᠦ᠋ᠸᠧ ᠵᠧᠨ ᠭᠦᠸᠧ᠂ ᠳ᠋ᠧᠩ ᠺᠠᠢ᠂ ᠯᠢ ᠠᠩ᠂ ᠵᠢᠶᠠ ᠴᠢᠩ ᠳ᠋ᠦᠩ᠂ ᠰᠦᠨ ᠬᠤᠤ᠂ ᠯᠢ ᠳ᠋ᠦᠩ᠂ ᠮᠧᠩ ᠫᠸᠢ ᠶᠦᠨ᠂ ᠯᠢ ᠴᠦᠨ ᠰᠢᠶᠤᠤ᠂ ᠵᠠᠩ ᠴᠤᠸᠠᠨ ᠯᠢ᠂ ᠯᠢ ᠭᠤᠸᠠᠩ ᠰᠢ᠂ ᠵᠠᠩ ᠬᠤᠩ ᠪᠢᠨ᠂ ᠵᠠᠩ ᠴᠢᠶᠠᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠵᠠᠢ᠃ ᠥᠪᠡᠷᠲᠡᠭᠡᠨ ᠵᠠᠰᠠᠬᠤ ᠣᠷᠣᠨ ᠤ ᠲᠤᠬᠠᠢ ᠶᠢᠨ ᠲᠠᠯᠠᠪᠠᠢ ᠶᠢᠨ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠳᠤᠭᠤᠶᠢᠯᠠᠩ ᠤᠨ ᠬᠤᠯᠪᠤᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠬᠤᠷᠠᠯ ᠢ ᠲᠠᠩ ᠢ ᠡᠷᠬᠢᠯᠡᠪᠡ᠃ ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 319 ᠬᠥᠮᠦᠨ᠂ ᠪᠣᠳᠠᠲᠠᠶ ᠣᠷᠣᠯᠴᠠᠭᠰᠠᠨ ᠲᠥᠯᠥᠭᠡᠯᠡᠭᠴᠢ 311 ᠬᠥᠮᠦᠨ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠪᠡ᠃      ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠣᠳᠠᠭᠠᠨ  ᠤ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ︾ ᠶᠢ ᠪᠠᠲᠤᠯᠠᠪᠠ︔ ᠶᠡᠷᠦᠩᠬᠡᠶ ᠫᠢᠶᠣᠣ ᠬᠢᠨᠠᠭᠴᠢ᠂ ᠳᠡᠳ᠋ ᠶᠡᠷᠦᠩᠬᠡᠶ ᠫᠢᠶᠣᠣ ᠬᠢᠨᠠᠭᠴᠢ ᠪᠠ ᠫᠢᠶᠣᠣ ᠬᠢᠨᠠᠭᠴᠢ ᠶᠢᠨ ᠨᠡᠷᠡᠰ ᠢ ᠪᠠᠲᠤᠯᠠᠪᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号