ᠶᠠᠩ ᠶᠢᠨ ᠬᠤᠶᠠᠳᠤᠭᠠᠷ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠣᠯᠴᠠᠬᠤ ᠳᠠᠭᠠᠨ ᠵᠢᠭᠠᠵᠤ ᠭᠠᠷᠭᠠᠭᠰᠠᠨ ᠨᠢ  ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ ᠢᠲᠡᠭᠡᠯ ᠵᠣᠷᠢᠭ ᠢᠶᠠᠨ ᠪᠠᠲᠤᠳᠬᠠᠵᠤ ᠰᠢᠨ᠎ᠡ ᠠᠶᠠᠨ ᠵᠠᠮ ᠳᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠳᠡᠢ ᠬᠡᠵᠡᠢ
ᠨᠡᠶᠢᠲᠡᠯᠡᠭᠰᠡᠨ ᠴᠠᠭ᠄
2021/9/28
     

     9 ᠰᠠᠷ᠎ᠠ ᠶᠢᠨ 27 ᠤ ᠡᠳᠦᠷ᠂ ᠶᠠᠩ ᠶᠢᠨ ᠬᠤᠳᠠ ᠶᠢᠨ ᠨᠠᠢᠮᠠᠳᠤᠭᠠᠷ ᠣᠳᠠᠭᠠᠨ ᠤ ᠨᠠᠮ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠲᠥᠯᠥᠭᠡᠯᠡᠭᠴᠢᠳ ᠤᠨ ᠪᠦᠯᠬᠦᠮ ᠳᠤ ᠬᠦᠷᠴᠦ᠂

ᠲᠥᠯᠥᠭᠡᠯᠡᠭᠴᠢᠳ ᠲᠠᠢ ᠬᠠᠮᠲᠤ ᠪᠠᠷ ᠬᠤᠳᠠ ᠶᠢᠨ ᠨᠠᠮ ᠤᠨ ᠬᠤᠷᠢᠶᠠᠨ ᠤ ᠢᠯᠡᠳᠭᠡᠯ ᠪᠣᠯᠤᠨ ᠬᠤᠳᠠ ᠶᠢᠨ ᠰᠠᠬᠢᠯᠭ᠎ᠠ

ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠭᠡᠯ ᠢ ᠶᠠᠷᠢᠯᠴᠠᠪᠠ᠃

     ᠶᠠᠷᠢᠯᠴᠠᠬᠤ ᠬᠤᠷᠠᠯ ᠤᠨ ᠠᠬᠤᠶ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂

ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠥᠪᠡᠷ ᠥᠪᠡᠷ ᠤᠨ

ᠰᠠᠨᠠᠯ ᠢᠶᠠᠨ ᠦᠬᠦᠯᠡᠵᠦ᠂ ᠢᠯᠡᠳᠬᠡᠯ ᠪᠠ ᠭᠠᠵᠠᠷ ᠣᠷᠣᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ

ᠠᠰᠠᠭᠤᠳᠠᠯ ᠢ ᠶᠠᠷᠢᠯᠴᠠᠵᠤ᠂ ᠰᠠᠨᠠᠭᠤᠯᠭ᠎ᠠ ᠳᠤᠷᠠᠳᠴᠤ᠂ ᠬᠥᠭᠵᠢᠯᠲᠡ ᠶᠢᠨ ᠲᠤᠬᠠᠶ ᠶᠠᠷᠢᠯᠴᠠᠪᠠ᠃

     ᠶᠠᠩ ᠶᠢᠨ ᠵᠢᠭᠠᠵᠤ ᠭᠠᠷᠭᠠᠭᠰᠠᠨ ᠨᠢ᠂ ᠬᠤᠳᠠ ᠶᠢᠨ ᠨᠠᠮ ᠤᠨ ᠬᠤᠷᠢᠶᠠᠨ ᠤ ᠢᠯᠡᠳᠭᠡᠯ ᠨᠢ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠶᠢ ᠲᠤᠤᠱᠯᠠᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠬᠥᠮᠦᠰ ᠤᠨ ᠰᠡᠳᠬᠢᠯ ᠢ ᠬᠥᠭᠵᠢᠭᠡᠵᠦ᠂

ᠬᠠᠷᠠᠯᠲᠠ ᠲᠣᠳᠣᠷᠬᠠᠢ᠂ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠨᠠᠷᠢᠯᠢᠭ ᠣᠨᠣᠴᠠᠲᠠᠢ ᠨᠠᠶᠢᠳᠠᠪᠤᠷᠢᠵᠢᠭᠤᠯᠵᠤ᠂

ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠲᠥᠪ ᠬᠤᠷᠢᠶᠠᠨ ᠤ ᠵᠣᠷᠢᠭ ᠰᠠᠨᠠᠭ᠎ᠠ ᠶᠢ ᠢᠯᠡᠷᠡᠭᠦᠯᠦᠭᠰᠡᠨ᠂ ᠠᠷᠠᠳ

ᠲᠦᠮᠡᠨ ᠤ ᠬᠦᠰᠡᠯ ᠰᠠᠨᠠᠭ᠎ᠠ ᠶᠢ ᠢᠯᠡᠷᠡᠭᠦᠯᠦᠭᠰᠡᠨ᠂ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠰᠠᠶᠢᠨ

ᠢᠯᠡᠳᠭᠡᠯ ᠪᠤᠯᠤᠨ᠎ᠠ ᠬᠡᠵᠡᠢ᠃ ᠤᠳᠠ ᠲᠣᠭᠤᠷᠢᠭ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ

ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ

ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ

ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠬᠤᠳᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ

ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶᠠᠨ

 ᠤ ᠲᠣᠭᠲᠠᠭᠠᠭᠰᠠᠨ ᠬᠥᠭᠵᠢᠯᠲᠡ ᠶᠢᠨ ᠰᠡᠳᠬᠢᠴᠡ ᠪᠣᠯᠤᠨ ︽ᠲᠠᠪᠤᠨ ᠰᠢᠨ᠎ᠡ︾ ᠶᠢ ᠪᠡᠶᠡᠯᠡᠭᠦᠯᠬᠦ ᠶᠢ ᠠᠬᠢᠭᠤᠯᠬᠤ

ᠬᠠᠷᠠᠯᠲᠠ ᠡᠭᠦᠷᠭᠡ ᠶᠢᠨ ᠶᠣᠰᠣᠭᠠᠷ᠂ ᠬᠡᠪᠰᠢᠭᠰᠡᠨ ᠰᠡᠳᠬᠢᠬᠦᠢ ᠶᠢᠨ ᠲᠣᠭᠲᠠᠭᠰᠠᠨ ᠬᠡᠯᠪᠡᠷᠢ ᠶᠢ ᠲᠠᠶᠠᠭᠳᠠᠵᠤ᠂

ᠴᠠᠭ ᠠᠴᠠ ᠥᠩᠭᠡᠷᠡᠭᠰᠡᠨ ᠬᠥᠭᠵᠢᠯᠲᠡ ᠶᠢᠨ ᠵᠠᠭᠪᠤᠷ ᠢ ᠡᠪᠳᠡᠵᠦ᠂ ᠤᠯᠠᠮᠵᠢᠯᠠᠯᠲᠤ ᠠᠷᠭ᠎ᠠ ᠵᠠᠮ ᠤᠨ

ᠲᠦᠰᠢᠭᠯᠡᠯ ᠠᠴᠠ ᠠᠩᠭᠢᠵᠢᠷᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠢᠲᠡᠭᠡᠯ

ᠵᠣᠷᠢᠭ ᠢᠶᠠᠨ ᠪᠠᠲᠤᠳᠬᠠᠵᠤ᠂ ᠰᠢᠨ᠎ᠡ ᠠᠶᠠᠨ ᠵᠠᠮ ᠳᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠠᠶᠢᠲᠤᠷ

ᠪᠢᠴᠢᠭᠯᠡᠬᠦ ᠬᠡᠷᠡᠭᠳᠡᠢ ᠬᠡᠵᠡᠢ᠃

     ᠶᠠᠩ ᠶᠢᠨ ᠴᠢᠬᠤᠯᠠᠴᠢᠯᠠᠭᠰᠠᠨ ᠨᠢ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ

ᠪᠠᠲᠤᠲᠠᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠣᠭᠤᠮᠲᠠ ᠰᠢᠪᠲᠤᠯᠬᠤ

ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ

 ᠶᠢ ᠶᠡᠷᠦᠩᠬᠡᠶᠢᠯᠡᠨ ᠵᠠᠰᠠᠬᠤ  ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠢ

ᠲᠥᠯᠥᠪᠵᠢᠭᠦᠯᠦᠨ ᠠᠬᠢᠭᠤᠯᠵᠤ᠂ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠪᠦᠬᠦ

ᠬᠦᠴᠦᠨ ᠢᠶᠠᠷ ᠢᠶᠠᠨ ᠰᠠᠶᠢᠵᠢᠷᠠᠭᠤᠯᠵᠤ᠂ ᠪᠣᠬᠢᠷᠲᠤᠯ ᠦᠭᠡᠢ ᠬᠥᠭᠵᠢᠯᠲᠡ ᠶᠢ ᠴᠢᠨᠠᠷ ᠰᠠᠶᠢᠲᠠᠢ ᠬᠥᠭᠵᠢᠯᠲᠡ ᠶᠢᠨ

ᠬᠠᠮᠤᠭ ᠤᠨ ᠢᠯᠡ ᠲᠣᠳᠣ ᠰᠠᠭᠤᠷᠢ ᠦᠩᠬᠡ ᠪᠣᠯᠭᠠᠬᠤ ᠬᠡᠷᠡᠭᠲᠡᠢ᠃ ᠠᠵᠤ ᠦᠢᠯᠡᠰ ᠤᠨ ᠬᠡᠯᠪᠡᠷᠢ ᠪᠠᠨ

ᠬᠤᠪᠢᠷᠠᠭᠤᠯᠤᠨ ᠬᠦᠭᠵᠢᠬᠦᠯᠬᠦ ᠶᠢ ᠲᠦᠷᠭᠡᠳᠬᠡᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ

᠂ ᠶᠠᠰᠤ ᠴᠢᠨᠠᠷ ᠢᠶᠠᠨ ᠳᠡᠭᠡᠭᠰᠢᠯᠡᠭᠦᠯᠦᠨ ᠤᠨᠢᠨ ᠳᠡᠭᠡᠷ᠎ᠡ ᠨᠢ ᠠᠷᠠᠯᠵᠢᠶᠠᠴᠢᠨ ᠤᠷᠢᠵᠤ᠂ ᠰᠢᠨ᠎ᠡ ᠪᠠᠷ ᠮᠠᠨᠳᠤᠭᠰᠠᠨ

ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠶᠡᠬᠡᠪᠡᠷ

ᠬᠥᠭᠵᠢᠭᠦᠯᠵᠦ᠂ ᠠᠵᠤ ᠦᠢᠯᠡᠰ ᠤᠨ ᠪᠦᠲᠦᠴᠡ ᠪᠠᠨ ᠳᠠᠰᠤᠷᠠᠯᠳᠠ ᠦᠬᠡᠢ ᠲᠤᠬᠢᠷᠠᠭᠤᠯᠤᠨ ᠰᠢᠯᠢᠳᠡᠭᠵᠢᠭᠦᠯᠵᠦ᠂

ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠠᠬᠢᠭᠤᠯᠵᠤ ᠰᠢᠨ᠎ᠡ ᠰᠢᠪᠲᠤᠯᠤᠯᠲᠠ ᠲᠠᠢ ᠪᠣᠯᠭᠠᠬᠤ ᠬᠡᠷᠡᠭᠲᠡᠢ᠃

ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠰᠠᠶᠢᠲᠤᠷ ᠲᠥᠯᠥᠪᠵᠢᠭᠦᠯᠵᠦ᠂ ᠠᠶᠤᠯ ᠲᠦᠭᠰᠢᠭᠦᠷᠢ ᠶᠢᠨ

ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠣᠯᠭᠠᠵᠤ᠂ ᠠᠮᠤᠷ ᠲᠦᠪᠰᠢᠨ

ᠬᠥᠭᠵᠢᠯᠲᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶᠡᠨ ᠤ ᠪᠦᠬᠦ ᠶᠠᠪᠤᠴᠠ ᠳᠤ

ᠲᠤᠤᠱᠯᠠᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ

ᠠᠷᠢᠯᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠰᠠᠶᠢᠨ ᠡᠬᠢᠯᠡᠯᠲᠡ ᠲᠠᠢ ᠪᠣᠯᠬᠤ ᠳᠤ

ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ

ᠴᠢᠩᠭᠠᠳᠬᠠᠵᠤ᠂ ᠴᠢᠩᠭ᠎ᠠ ᠭᠤᠣᠯ ᠬᠦᠭ ᠠᠶᠠᠰ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠪᠦᠬᠦ ᠲᠠᠯ᠎ᠠ ᠪᠠᠷ

ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ

ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠤ

᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠦᠨᠡᠨᠬᠦ ᠪᠤᠢ ᠪᠣᠯᠭᠠᠬᠤ ᠬᠡᠷᠡᠭᠲᠡᠢ ᠬᠡᠵᠡᠢ᠃

 

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号