ᠸᠠᠩ ᠯᠢ ᠰᠢᠶᠠ ᠦᠬᠠᠢ ᠠᠯᠠᠱᠠ ᠳᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/9/3
     9 ᠰᠠᠷ᠎ᠠ ᠶᠢᠨ 1 ᠤ ᠡᠳᠦᠷ ᠠᠴᠠ 2 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠦᠬᠠᠶ ᠬᠤᠲᠠ᠂ ᠠᠯᠠᠱᠠ ᠠᠶᠢᠮᠠᠭ ᠲᠤ ᠭᠦᠨᠵᠡᠭᠡᠶᠢᠷᠡᠨ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠬᠦᠬᠡ ᠠᠭᠤᠯᠠ ᠬᠥᠬᠡᠮᠳᠦᠭ ᠤᠰᠤ ᠪᠣᠯ ᠲᠠᠷᠣᠢ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠶᠡᠭᠡ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠳᠤᠷ᠎ᠠ ᠪᠠᠷ ᠢᠶᠠᠨ ᠮᠠᠯᠲᠠᠬᠤ ᠠᠵᠢᠯᠯᠠᠭ᠎ᠠ ᠶᠢ ᠬᠤᠷᠢᠭᠯᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦᠯᠬᠦ ᠶᠢ ᠲᠦᠷᠭᠡᠳᠬᠡᠨ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠦᠴᠦᠯᠡᠨ ᠬᠤᠪᠢᠷᠠᠭᠤᠯᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠳᠡᠢ ᠬᠡᠵᠡᠢ᠃

    9 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂

ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠦᠬᠠᠶ ᠬᠤᠲᠠ ᠶᠢᠨ

ᠨᠤᠴᠤᠭᠠᠨ᠎ᠠ ᠶᠢᠨ ᠬᠠᠮᠠᠭᠠᠯᠠᠯᠲᠠ ᠶᠢᠨ ᠣᠷᠣᠨ ᠳᠤ ᠭᠦᠨᠵᠡᠭᠡᠶᠢᠷᠡᠨ ᠬᠠᠮᠠᠭᠠᠯᠠᠯᠲᠠ ᠶᠢᠨ ᠣᠷᠣᠨ ᠤ ᠪᠥᠲᠥᠭᠡᠨ

ᠪᠠᠶᠢᠭᠤᠯᠤᠯᠲᠠ ᠪᠠ ᠠᠮᠢ ᠠᠬᠤᠶ ᠶᠢᠨ ᠵᠠᠰᠠᠯᠲᠠ ᠶᠢᠨ ᠦᠷ᠎ᠡ ᠪᠦᠲᠦᠭᠡᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ

ᠦᠵᠡᠪᠡ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ  

     9 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂

ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠵᠢᠶᠠᠨ ᠯᠦᠩ ᠪᠤᠭᠤᠲᠤ ᠶᠢᠨ ᠪᠣᠯᠣᠳ

ᠲᠡᠮᠦᠷ ᠤᠨ ᠺᠣᠮᠫᠠᠨᠢ ᠶᠢᠨ ᠸᠠᠨ ᠲᠧᠩ ᠪᠣᠯᠣᠳ ᠲᠡᠮᠦᠷ ᠤᠨ ᠺᠣᠮᠫᠠᠨᠢ ᠳᠤ ᠬᠦᠷᠴᠦ᠂ ᠪᠣᠯᠣᠳ ᠲᠡᠮᠦᠷ ᠤᠨ ᠠᠵᠢᠯ

ᠲᠥᠷᠥᠯ ᠤᠨ ᠠᠷᠢᠭᠤᠨ ᠴᠡᠪᠡᠷ ᠦᠢᠯᠡᠳᠪᠦᠷᠢᠯᠡᠯ ᠪᠠ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ

ᠥᠭᠡᠷᠡᠴᠢᠯᠡᠯᠲᠡ ᠶᠢᠨ ᠠᠵᠢᠯ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠰᠤᠷᠪᠤᠯᠵᠢᠯᠠᠭᠴᠢ

ᠬᠠᠨ ᠴᠢᠩ ᠯᠢ ᠰᠡᠭᠦᠳᠡᠷᠯᠡᠪᠡ

     9 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂

ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠦᠬᠠᠶ ᠬᠤᠲᠠ ᠶᠢᠨ ᠰᠣᠬᠠᠶᠢᠲᠤ ᠶᠢᠨ

ᠰᠢᠶᠤᠤ ᠲᠢᠶᠧ ᠮᠤᠤ ᠽᠢ ᠠᠭᠤᠷᠬᠠᠶ ᠶᠢᠨ ᠣᠷᠣᠨ ᠤ ᠮᠠᠯᠲᠠᠵᠤ ᠬᠥᠨᠳᠡᠶᠢᠷᠡᠭᠦᠯᠦᠭᠰᠡᠨ ᠣᠷᠣᠨ ᠳᠤ ᠭᠦᠨᠵᠡᠭᠡᠶᠢᠷᠡᠵᠦ᠂

ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠠᠬᠢᠴᠠ ᠶᠢᠨ

ᠪᠠᠶᠢᠳᠠᠯ ᠢ ᠨᠠᠷᠢᠨ ᠣᠶᠢᠯᠠᠭᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠭᠠᠩ ᠪᠠᠶᠢᠴᠠᠭᠠᠨ

ᠰᠤᠳᠤᠯᠤᠯᠲᠠ ᠳᠤ ᠣᠷᠣᠯᠴᠠᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ

     9 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂

ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠠᠯᠠᠱᠠ ᠠᠶᠢᠮᠠᠭ ᠤᠨ ᠲᠠᠶᠢᠰᠢ ᠶᠢᠨ

ᠨᠡᠭᠦᠷᠡᠰᠦᠨ ᠤ ᠪᠦᠯᠦᠭᠯᠡᠯ ᠤᠨ ᠡᠯ ᠳ᠋ᠤᠤ ᠯᠢᠩ ᠠᠭᠤᠷᠬᠠᠶ ᠶᠢᠨ ᠣᠷᠣᠨ ᠤ ᠰᠢᠷᠣᠶ ᠭᠠᠳᠠᠭᠰᠢᠯᠠᠭᠤᠯᠬᠤ ᠲᠠᠯᠠᠪᠠᠶ ᠳᠤ

ᠭᠦᠨᠵᠡᠭᠡᠶᠢᠷᠡᠵᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠠ ᠠᠭᠤᠷᠬᠠᠶ ᠶᠢᠨ ᠣᠷᠣᠨ ᠤ

ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠭᠰᠠᠨ ᠪᠠᠶᠢᠳᠠᠯ ᠢ ᠣᠶᠢᠯᠠᠭᠠᠪᠠ᠃ ᠰᠤᠷᠪᠤᠯᠵᠢᠯᠠᠭᠴᠢ ᠬᠠᠨ

ᠴᠢᠩ ᠯᠢ ᠰᠡᠭᠦᠳᠡᠷᠯᠡᠪᠡ

     ᠸᠠᠩ ᠯᠢ ᠰᠢᠶᠠ ᠤᠷᠢᠳ ᠬᠤᠵᠢᠳ ᠭᠤᠸᠠᠩ ᠨᠠ ᠨᠡᠭᠦᠷᠡᠰᠦᠨ ᠤ ᠦᠢᠯᠡᠰ ᠤᠨ ᠲᠡᠮᠡᠭᠡᠲᠤ ᠠᠭᠤᠯᠠ ᠶᠢᠨ

ᠠᠭᠤᠷᠬᠠᠢ ᠶᠢᠨ ᠣᠷᠣᠨ᠂ ᠰᠣᠬᠠᠶᠢᠲᠤ ᠶᠢᠨ ᠰᠢᠶᠤᠤ ᠲᠢᠶᠧ ᠮᠤᠤ ᠽᠢ ᠠᠭᠤᠷᠬᠠᠢ ᠶᠢᠨ ᠣᠷᠣᠨ ᠪᠣᠯᠤᠨ

ᠲᠠᠶᠢᠰᠢ ᠶᠢᠨ ᠨᠡᠭᠦᠷᠡᠰᠦᠨ ᠤ ᠪᠦᠯᠦᠭᠯᠡᠯ ᠤᠨ ᠡᠯ ᠳ᠋ᠤᠤ ᠯᠢᠩ ᠠᠭᠤᠷᠬᠠᠢ ᠶᠢᠨ ᠣᠷᠣᠨ ᠳᠤ ᠬᠦᠷᠴᠦ᠂ ᠰᠢᠷᠣᠢ

ᠭᠠᠳᠠᠭᠰᠢᠯᠠᠭᠤᠯᠬᠤ ᠲᠠᠯᠠᠪᠠᠢ ᠪᠣᠯᠤᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠳᠤ ᠭᠦᠨᠵᠡᠭᠡᠶᠢᠷᠡᠵᠦ᠂ ᠪᠣᠬᠢᠷᠲᠤᠯ

ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠪᠣᠯᠤᠨ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ

ᠶᠡᠷᠦᠩᠬᠡᠶᠢᠯᠡᠨ ᠴᠡᠭᠴᠡᠯᠡᠨ ᠵᠠᠰᠠᠭᠰᠠᠨ ᠪᠠᠶᠢᠳᠠᠯ ᠢ ᠨᠠᠷᠢᠨ ᠣᠶᠢᠯᠠᠭᠠᠪᠠ᠃

     ᠲᠡᠷᠡ ᠴᠢᠬᠤᠯᠠᠴᠢᠯᠠᠭᠰᠠᠨ ᠨᠢ᠂ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠪᠠ

ᠠᠭᠤᠷᠬᠠᠶ ᠶᠢᠨ ᠣᠷᠣᠨ ᠤ ᠠᠮᠢ ᠠᠬᠤᠶ ᠶᠢᠨ ᠰᠡᠷᠭᠦᠭᠡᠯᠲᠡ ᠶᠢ ᠠᠬᠢᠭᠤᠯᠬᠤ ᠳᠤ ︽ᠲᠡᠭᠦᠰᠭᠡᠯ︾ ᠬᠡᠵᠦ ᠪᠠᠶᠢᠬᠤ

ᠦᠭᠡᠶ᠂ ᠵᠠᠰᠠᠭ ᠤᠨ ᠣᠷᠳᠣᠨ᠂ ᠠᠵᠤ ᠠᠬᠤᠶᠢᠯᠠᠯ ᠪᠣᠯᠤᠨ ᠨᠡᠶᠢᠭᠡᠮ ᠤᠨ ᠬᠦᠴᠦᠨ ᠢ ᠡᠮᠬᠢᠯᠡᠨ ᠨᠡᠶᠢᠯᠡᠭᠦᠯᠵᠦ᠂

ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠤᠨ ᠱᠠᠭᠠᠷᠳᠠᠯᠭ᠎ᠠ ᠯᠤᠭ᠎ᠠ

ᠪᠠᠷᠢᠮᠵᠢᠶᠠᠯᠠᠨ ᠬᠠᠷᠭᠤᠭᠤᠯᠵᠤ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠨ᠂ ᠶᠡᠷᠦᠩᠬᠡᠶᠢᠯᠡᠨ ᠵᠠᠰᠠᠬᠤ᠂

ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠲᠤᠬᠠᠶ ᠶᠢᠨ ᠭᠠᠵᠠᠷ ᠤᠨ ᠠᠭᠤᠷ ᠠᠮᠢᠰᠬᠤᠯ ᠵᠢᠴᠢ ᠭᠠᠵᠠᠷ

ᠰᠢᠨᠵᠢᠯᠡᠭᠡᠨ ᠤ ᠨᠥᠬᠦᠴᠡᠯ ᠳᠤ ᠴᠢᠭᠯᠡᠭᠦᠯᠦᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠵᠠᠰᠠᠨ

ᠰᠡᠷᠭᠦᠭᠡᠬᠦ ᠠᠷᠭ᠎ᠠ ᠬᠡᠮᠵᠢᠶ᠎ᠡ ᠲᠣᠭᠲᠠᠭᠠᠵᠤ᠂ ᠨᠡᠭᠡᠭᠡᠨ ᠮᠠᠯᠲᠠᠬᠤ ᠶᠢᠨ ᠵᠡᠷᠭᠡ ᠳᠤ ᠵᠠᠰᠠᠬᠤ ᠠᠵᠢᠯ ᠢ ᠵᠡᠷᠭᠡ ᠳᠤᠨᠢ

ᠰᠠᠶᠢᠲᠤᠷ ᠬᠢᠬᠦ ᠬᠡᠷᠡᠭᠲᠡᠶ᠃ ᠡᠯ᠎ᠡ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠳ ᠠᠭᠤᠷᠬᠠᠶ ᠶᠢᠨ ᠠᠮᠢ

ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠡᠷᠭᠦᠭᠡᠨ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ

ᠦᠨᠡᠨᠬᠦ ᠡᠭᠦᠷᠭᠡᠯᠡᠵᠦ᠂ ᠠᠮᠢ ᠠᠬᠤᠶ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢᠶᠠᠨ

ᠦᠷᠭᠦᠯᠵᠢᠯᠡᠨ ᠴᠢᠩᠭᠠᠳᠬᠠᠵᠤ᠂ ᠨᠡᠭᠦᠷᠡᠰᠦ ᠮᠠᠯᠲᠠᠵᠤ ᠬᠥᠨᠳᠡᠶᠢᠷᠡᠭᠦᠯᠦᠭᠰᠡᠨ ᠣᠷᠣᠨ ᠪᠠ ᠴᠥᠮᠥᠷᠡᠭᠰᠡᠨ ᠣᠷᠣᠨ ᠤ

ᠠᠮᠢ ᠠᠬᠤᠶ ᠶᠢ ᠰᠡᠷᠭᠦᠭᠡᠨ ᠵᠠᠰᠠᠬᠤ ᠶᠢ ᠭᠦᠨᠵᠡᠭᠡᠶ ᠳᠥᠯᠭᠢᠨ ᠠᠬᠢᠭᠤᠯᠵᠤ᠂ ᠭᠠᠵᠠᠷ ᠣᠷᠣᠨ ᠤ ᠠᠮᠢ ᠠᠬᠤᠶ ᠶᠢᠨ

ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ᠃

ᠨᠤᠴᠤᠭᠠᠨ᠎ᠠ ᠶᠢᠨ ᠬᠠᠮᠠᠭᠠᠯᠠᠯᠲᠠ ᠶᠢᠨ ᠣᠷᠣᠨ ᠪᠣᠯᠤᠨ ᠠᠯᠠᠱᠠ ᠠᠭᠤᠯᠠᠨ ᠤ ᠠᠮᠢ ᠠᠬᠤᠶ ᠶᠢᠨ ᠣᠷᠴᠢᠨ

ᠲᠣᠭᠤᠷᠢᠨ ᠢ ᠶᠡᠷᠦᠩᠬᠡᠶᠢᠯᠡᠨ ᠵᠠᠰᠠᠬᠤ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠲᠤ᠂ ᠸᠠᠩ ᠯᠢ ᠰᠢᠶᠠ

ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠠ ᠠᠮᠢ ᠠᠬᠤᠶ ᠶᠢᠨ ᠵᠠᠰᠠᠯᠲᠠ ᠶᠢᠨ ᠦᠷ᠎ᠡ ᠪᠦᠲᠦᠭᠡᠯ ᠢ

ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠠᠭᠠᠯᠠᠯᠲᠠ ᠶᠢᠨ ᠣᠷᠣᠨ ᠤ ᠤᠷᠭᠤᠮᠠᠯ ᠤᠨ ᠣᠯᠠᠨ ᠶᠠᠩᠵᠤᠲᠤ

ᠴᠢᠨᠠᠷ ᠵᠢᠴᠢ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠵᠤ ᠪᠠᠶᠢᠭ᠎ᠠ ᠪᠠᠶᠢᠳᠠᠯ ᠢ

ᠨᠠᠷᠢᠨ ᠣᠶᠢᠯᠠᠭᠠᠵᠤ᠂ ᠨᠤᠴᠤᠭᠠᠨ᠎ᠠ ᠭᠡᠬᠦ ᠡᠨᠡᠬᠦ ᠮᠥᠬᠦᠬᠦ ᠰᠢᠬᠠᠭᠰᠠᠨ ᠪᠣᠳᠠᠰ ᠤᠨ ᠳᠦᠷᠰᠦ ᠶᠢ ᠡᠷᠡᠰ ᠰᠠᠶᠢᠲᠤᠷ

ᠬᠠᠮᠠᠭᠠᠯᠠᠵᠤ᠂ ᠤᠷᠭᠤᠮᠠᠯ ᠤᠨ ᠤᠯᠠᠨ ᠶᠠᠩᠵᠤᠲᠤ ᠴᠢᠨᠠᠷ ᠢ ᠰᠠᠶᠢᠲᠤᠷ ᠬᠠᠮᠠᠭᠠᠯᠠᠵᠤ᠂ ᠤᠬᠠᠭᠤᠯᠬᠤ ᠡᠷᠴᠢᠮ ᠪᠣᠯᠤᠨ

ᠬᠠᠮᠠᠭᠠᠯᠠᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ

ᠪᠦᠲᠦᠮᠵᠢᠲᠡᠢ ᠰᠠᠶᠢᠲᠤᠷ ᠬᠠᠮᠢᠶᠠᠷᠤᠨ ᠬᠠᠮᠠᠭᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ

ᠰᠠᠶᠢᠲᠤᠷ ᠬᠠᠮᠠᠭᠠᠯᠠᠵᠤ᠂ ᠠᠯᠠᠱᠠ ᠠᠭᠤᠯᠠᠨ ᠤ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢᠨ ᠳᠤᠮᠳᠠᠬᠢ

ᠳᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠬᠡᠵᠡᠢ᠃

     ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠸᠠᠩ ᠯᠢ ᠰᠢᠶᠠ ᠪᠠᠰᠠ ᠵᠢᠶᠠᠨ ᠯᠦᠩ ᠪᠤᠭᠤᠲᠤ ᠶᠢᠨ

ᠪᠤᠯᠤᠳ ᠲᠡᠮᠤᠷ ᠤᠨ ᠺᠣᠮᠫᠠᠨᠢ ᠶᠢᠨ ᠸᠠᠨ ᠲᠧᠩ ᠪᠤᠯᠤᠳ ᠲᠡᠮᠤᠷ ᠤᠨ ᠺᠣᠮᠫᠠᠨᠢ ᠪᠣᠯᠤᠨ ᠰᠠᠶᠢᠰᠫᠦ᠋ ᠰᠢᠨᠵᠢᠯᠡᠬᠦ

ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠪᠤᠯᠤᠳ ᠲᠡᠮᠤᠷ ᠤᠨ ᠠᠵᠢᠯ ᠲᠦᠷᠦᠯ ᠤᠨ

ᠠᠷᠢᠭᠤᠨ ᠴᠡᠪᠡᠷ ᠦᠢᠯᠡᠳᠪᠦᠷᠢᠯᠡᠯ ᠪᠣᠯᠤᠨ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ

ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃

     ᠲᠡᠷᠡ ᠴᠢᠬᠤᠯᠠᠴᠢᠯᠠᠭᠰᠠᠨ ᠨᠢ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ

ᠳᠡᠪᠰᠢᠭᠦᠯᠬᠦ ᠠᠯᠬᠤᠴᠠ ᠪᠠᠨ ᠲᠦᠷᠭᠡᠳᠬᠡᠵᠦ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢᠶᠠᠷ ᠡᠬᠢ ᠪᠠᠶᠠᠯᠢᠭ ᠤᠨ

ᠬᠡᠯᠪᠡᠷᠢ ᠶᠢᠨ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠯ᠂

ᠭᠠᠳᠠᠭᠰᠢᠯᠠᠭᠤᠯᠤᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠡᠬᠢ ᠪᠠᠶᠠᠯᠢᠭ ᠤᠨ ᠶᠡᠷᠦᠩᠬᠡᠶᠢᠯᠡᠭᠰᠡᠨ

ᠠᠰᠢᠭᠯᠠᠯᠲᠠ ᠶᠢᠨ ᠨᠤᠷᠮ᠎ᠠ ᠪᠣᠯᠤᠨ ᠦᠢᠯᠡᠳᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠬᠡᠮᠵᠢᠶ᠎ᠡ ᠪᠠᠨ

ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠪᠠᠨ ᠳᠠᠰᠤᠷᠠᠯᠳᠠ ᠦᠬᠡᠢ ᠤᠷᠲᠤᠳᠬᠠᠵᠤ᠂ ᠨᠡᠮᠡᠯᠲᠡ ᠦᠷᠳᠡᠭ

 ᠢᠶᠠᠨ ᠳᠡᠭᠡᠭᠰᠢᠯᠡᠭᠦᠯᠵᠦ᠂ ᠤᠯᠠᠮᠵᠢᠯᠠᠯᠲᠤ ᠠᠵᠤ ᠦᠢᠯᠡᠰ ᠢ ᠳᠡᠰ ᠳᠡᠪᠰᠢᠭᠦᠯᠦᠨ ᠥᠭᠡᠷᠡᠴᠢᠯᠡᠬᠦ ᠪᠠᠨ ᠲᠦᠷᠭᠡᠳᠬᠡᠵᠦ᠂

ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢᠶᠠᠨ ᠳᠡᠭᠡᠭᠰᠢᠯᠡᠭᠦᠯᠬᠦ ᠬᠡᠷᠡᠭᠲᠡᠢ ᠬᠡᠵᠡᠢ᠃

     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠤᠤ ᠭᠠᠩ ᠵᠢᠴᠢ ᠬᠤᠯᠪᠣᠭᠳᠠᠯ ᠪᠦᠬᠦᠢ ᠰᠠᠯᠠᠭ᠎ᠠ

ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号