ᠰᠢ ᠶᠢᠨ ᠫᠢᠩ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠳᠡᠭᠡᠷ᠎ᠡ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ ᠳᠡᠯᠡᠬᠡᠶ ᠶᠢᠨ ᠴᠢᠬᠤᠯᠠ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠬᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/9/30
ᠯᠢ ᠺᠧ ᠴᠢᠶᠠᠩ ᠬᠤᠷᠠᠯ ᠢ ᠡᠷᠭᠢᠯᠡᠵᠦ ᠯᠢ ᠵᠠᠨ ᠱᠤ᠋ ᠸᠠᠩ ᠶᠠᠩ ᠵᠣᠣ ᠯᠧ ᠵᠢᠶ ᠬᠠᠨ ᠵᠧᠩ ᠬᠤᠷᠠᠯ ᠳᠤ ᠣᠷᠣᠯᠴᠠᠵᠤ ᠸᠠᠩ ᠬᠤ᠋ ᠨᠢᠩ ᠶᠠᠷᠢᠶ᠎ᠠ ᠲᠠᠯᠪᠢᠵᠠᠶ
     9 ᠰᠠᠷ᠎ᠠ ᠶᠢᠨ 27 ᠠᠴᠠ 28 ᠤ ᠡᠳᠦᠷ ᠪᠣᠯᠲᠠᠯ᠎ᠠ᠂ ᠲᠦᠪ ᠤᠨ ᠴᠢᠳᠠᠪᠦᠷᠢᠲᠠᠨ ᠤ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠣᠸᠠᠢ ᠷᠧᠨ ᠰᠡᠭᠦᠳᠡᠷᠯᠡᠪᠡ      ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 28 ᠤ ᠴᠠᠬᠢᠯᠭᠠᠨ ᠮᠡᠳᠡᠭᠡ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ 9 ᠰᠠᠷ᠎ᠠ ᠶᠢᠨ 27 ᠠᠴᠠ 28 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠵᠤ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠶᠢ ᠪᠠᠷᠢᠮᠲᠠᠯᠠᠵᠤ᠂ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠭᠤᠯᠬᠤ᠂ ᠠᠵᠤ ᠠᠬᠤᠶ ᠶᠢᠨ ᠭᠤᠤᠯ ᠲᠡᠶᠢᠯᠠᠯᠳᠤᠭᠠᠨ ᠤ ᠲᠠᠯᠠᠪᠤᠷ ᠲᠤ ᠬᠠᠨᠳᠤᠭᠤᠯᠬᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠭᠤᠯᠬᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠭᠤᠯᠬᠤ ᠶᠢ ᠪᠠᠷᠢᠮᠳᠠᠯᠠᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠴᠢᠳᠠᠪᠤᠷᠢᠲᠠᠨ ᠢ ᠪᠦᠬᠦ ᠲᠠᠯ᠎ᠠ ᠪᠠᠷ ᠬᠥᠮᠦᠵᠢᠭᠦᠯᠵᠦ᠂ ᠣᠷᠣᠭᠤᠯᠤᠨ ᠠᠪᠴᠢᠷᠠᠵᠤ᠂ ᠰᠠᠶᠢᠲᠤᠷ ᠬᠡᠷᠡᠭᠯᠡᠵᠦ᠂ ᠳᠡᠯᠡᠬᠡᠢ ᠶᠢᠨ ᠴᠢᠬᠤᠯᠠ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠭᠡᠨ ᠪᠠᠶᠢᠭᠤᠯᠵᠤ᠂ 2035 ᠣᠨ ᠪᠤᠯᠳᠠᠯ᠎ᠠ ᠨᠡᠶᠢᠭᠡᠮ ᠵᠢᠷᠤᠮᠳᠤ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠵᠤ᠂ 2050 ᠣᠨ ᠪᠤᠯᠳᠠᠯ᠎ᠠ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠬᠦ ᠲᠠᠯ᠎ᠠ ᠪᠠᠷ ᠪᠡᠶᠡᠯᠡᠭᠦᠯᠬᠦ ᠳᠤ ᠴᠢᠳᠠᠪᠤᠷᠢᠲᠠᠨ ᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃      ᠯᠢ ᠺᠧ ᠴᠢᠶᠠᠩ ᠬᠤᠷᠠᠯ ᠢ ᠡᠷᠬᠢᠯᠡᠪᠡ᠃ ᠯᠢ ᠵᠠᠨ ᠱᠤ᠋᠂ ᠸᠠᠩ ᠶᠠᠩ᠂ ᠵᠤᠤ ᠯᠧ ᠵᠢᠢ᠂ ᠬᠠᠨ ᠵᠧᠩ ᠬᠤᠷᠠᠯ ᠳᠤ ᠣᠷᠣᠯᠴᠠᠪᠠ᠃ ᠸᠠᠩ ᠬᠤ᠋ ᠨᠢᠩ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃      ᠰᠢ ᠶᠢᠨ ᠫᠢᠩ ᠶᠠᠷᠢᠶᠠᠨ ᠳᠠᠭᠠᠨ᠂ ᠵᠠᠭᠤᠨ ᠵᠢᠯ ᠤᠨ ᠲᠡᠮᠡᠴᠡᠯ ᠤᠨ ᠶᠠᠪᠤᠴᠠ ᠳᠤ᠂ ᠮᠠᠨ ᠤ ᠨᠠᠮ ᠢᠮᠠᠭᠲᠠ ᠴᠢᠳᠠᠪᠤᠷᠢᠲᠠᠨ ᠢ ᠬᠥᠮᠦᠵᠢᠭᠦᠯᠬᠦ᠂ ᠴᠢᠳᠠᠪᠤᠷᠢᠲᠠᠨ ᠢ ᠪᠦᠯᠬᠦᠮᠳᠡᠭᠦᠯᠬᠦ᠂ ᠴᠢᠳᠠᠪᠤᠷᠢᠲᠠᠨ ᠢ ᠬᠦᠳᠦᠯᠦᠨ ᠳᠠᠭᠠᠭᠤᠯᠬᠤ᠂ ᠴᠢᠳᠠᠪᠤᠷᠢᠲᠠᠨ ᠢ ᠠᠮᠵᠢᠯᠳᠠ ᠤᠯᠭᠤᠭᠤᠯᠬᠤ ᠶᠢ ᠴᠢᠬᠤᠯᠠᠴᠢᠯᠠᠵᠤ᠂ ᠡᠯ᠎ᠡ ᠲᠠᠯ᠎ᠠ ᠶᠢᠨ ᠴᠢᠳᠠᠪᠤᠷᠢᠲᠠᠨ ᠢ ᠪᠦᠯᠬᠦᠮᠳᠡᠭᠦᠯᠦᠨ ᠳᠡᠮᠵᠢᠵᠦ ᠨᠠᠮ ᠪᠣᠯᠤᠨ ᠠᠷᠠᠳ ᠲᠦᠮᠡᠨ ᠤ ᠦᠢᠯᠡᠰ ᠲᠤ ᠭᠠᠪᠢᠶ᠎ᠠ ᠵᠢᠳᠬᠦᠯ ᠦᠵᠡᠭᠦᠯᠵᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶᠠᠨ ᠠᠴᠠ ᠴᠢᠳᠠᠪᠤᠷᠢᠲᠠᠨ ᠪᠣᠯ ᠦᠨᠳᠦᠰᠦᠲᠡᠨ ᠤ ᠮᠠᠨᠳᠤᠯᠳᠠ ᠶᠢ ᠪᠡᠶᠡᠯᠡᠭᠦᠯᠬᠦ᠂ ᠤᠯᠠᠨ ᠤᠯᠤᠰ ᠤᠨ ᠥᠷᠢᠰᠥᠯᠳᠦᠭᠡᠨ ᠤ ᠰᠠᠨᠠᠭᠠᠴᠢᠯᠠᠭᠠᠲᠤ ᠡᠷᠬᠡ ᠶᠢ ᠤᠯᠬᠤ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠮᠥᠨ ᠭᠡᠬᠦ ᠴᠢᠬᠤᠯᠠ ᠶᠡᠭᠡ ᠮᠠᠭᠠᠳᠯᠠᠯᠲᠠ ᠭᠠᠷᠭᠠᠵᠤ᠂ ᠴᠢᠳᠠᠪᠤᠷᠢᠲᠠᠨ ᠢ ᠪᠦᠬᠦ ᠲᠠᠯ᠎ᠠ ᠪᠠᠷ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠤᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ᠃ ᠴᠢᠳᠠᠪᠤᠷᠢᠲᠠᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠪᠦᠬᠦ ᠲᠠᠯ᠎ᠠ ᠪᠠᠷ ᠴᠢᠩᠭᠠᠳᠴᠤ᠂ ᠴᠢᠳᠠᠪᠤᠷᠢᠲᠠᠨ ᠤ ᠡᠩᠨᠡᠭᠡ ᠦᠳᠲᠡᠷ ᠲᠦᠷᠭᠡᠨ ᠪᠤᠵᠠᠭᠠᠶᠢᠷᠠᠵᠤ᠂ ᠴᠢᠳᠠᠪᠤᠷᠢᠲᠠᠨ ᠤ ᠬᠦᠴᠦᠨ ᠴᠢᠳᠠᠪᠤᠷᠢ ᠦᠷᠭᠦᠯᠵᠢᠯᠡᠨ ᠴᠢᠩᠭᠠᠷᠠᠵᠤ᠂ ᠴᠢᠳᠠᠪᠤᠷᠢᠲᠠᠨ ᠤ ᠬᠠᠷᠢᠴᠠᠩᠭᠤᠢ ᠳᠠᠪᠠᠭᠤᠯᠢᠭ ᠲᠣᠭᠲᠠᠭᠤᠨ ᠢᠶᠠᠷ ᠴᠢᠩᠭᠠᠷᠠᠵᠤ᠂ ᠮᠠᠨ ᠤ ᠤᠯᠤᠰ ᠨᠢᠭᠡᠨᠲᠡ ᠬᠡᠪᠴᠢᠶ᠎ᠡ ᠪᠠᠷ ᠯᠤᠳᠤ ᠶᠡᠭᠡ᠂ ᠬᠡᠪ ᠴᠢᠨᠠᠷ ᠰᠢᠯᠢᠳᠡᠭ ᠰᠠᠶᠢᠨ᠂ ᠪᠦᠲᠦᠴᠡ ᠨᠢ ᠲᠠᠰᠤᠷᠠᠯᠳᠠ ᠦᠭᠡᠢ ᠰᠢᠯᠢᠳᠡᠭᠵᠢᠵᠦ᠂ ᠦᠢᠯᠡᠳᠦᠯ ᠨᠢ ᠡᠳᠦᠷ ᠢᠷᠡᠬᠦᠶ᠎ᠡ ᠲᠤᠪᠤᠶᠢᠮ᠎ᠠ ᠪᠣᠯᠤᠭᠰᠠᠨ ᠨᠢᠭᠡᠨ ᠰᠠᠯᠠᠭ᠎ᠠ ᠴᠢᠳᠠᠪᠤᠷᠢᠲᠠᠨ ᠤ ᠡᠩᠨᠡᠭᠡ ᠲᠠᠢ ᠪᠤᠯᠵᠤ᠂ ᠮᠠᠨ ᠤ ᠤᠯᠤᠰ ᠤᠨ ᠴᠢᠳᠠᠪᠤᠷᠢᠲᠠᠨ ᠤ ᠠᠵᠢᠯ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠪᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠣᠳᠣᠬᠠᠨ ᠳᠤ ᠮᠠᠨ ᠤ ᠤᠯᠤᠰ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠳᠤ ᠮᠤᠷᠳᠠᠵᠤ᠂ ᠪᠢᠳᠠ ᠲᠡᠦᠬᠡ ᠶᠢᠨ ᠠᠯᠢ ᠴᠤ ᠦᠶ᠎ᠡ ᠠᠴᠠ ᠢᠯᠡᠭᠦᠦ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠬᠠᠷᠠᠯᠲᠠ ᠳᠤ ᠣᠶᠢᠷᠠᠳᠴᠤ᠂ ᠪᠠᠰᠠ ᠲᠡᠦᠬᠡ ᠶᠢᠨ ᠠᠯᠢ ᠴᠤ ᠦᠶ᠎ᠡ ᠠᠴᠠ ᠢᠯᠡᠭᠦᠦ ᠴᠢᠳᠠᠪᠤᠷᠢᠲᠠᠨ ᠢ ᠬᠦᠰᠡᠨ ᠱᠠᠭᠠᠷᠳᠠᠵᠤ ᠪᠠᠶᠢᠨ᠎ᠠ᠃ ᠪᠢᠳᠡᠨ ᠤ ᠲᠡᠮᠡᠴᠡᠯ ᠤᠨ ᠬᠠᠷᠠᠯᠲᠠ ᠪᠠᠨ ᠪᠡᠶᠡᠯᠡᠭᠦᠯᠬᠦ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠨᠳᠥᠷ ᠲᠦᠪᠰᠢᠨ ᠪᠦᠬᠦᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠣᠯ ᠵᠠᠩᠭᠢᠯᠠᠭ᠎ᠠ ᠪᠣᠯᠤᠨ᠎ᠠ᠃ ᠤᠯᠤᠰ ᠤᠨ ᠶᠡᠷᠦᠩᠬᠡᠶᠢᠯᠡᠭᠰᠡᠨ ᠬᠦᠴᠦᠨ ᠤ ᠥᠷᠢᠰᠥᠯᠳᠦᠭᠡᠨ ᠨᠢ ᠡᠴᠦᠰ ᠤᠨ ᠡᠴᠦᠰ ᠲᠡᠭᠡᠨ ᠴᠢᠳᠠᠪᠤᠷᠢᠲᠠᠨ ᠤ ᠥᠷᠢᠰᠥᠯᠳᠦᠭᠡᠨ ᠪᠣᠯᠤᠨ᠎ᠠ᠃ ᠴᠢᠳᠠᠪᠤᠷᠢᠲᠠᠨ ᠪᠣᠯ ᠨᠢᠭᠡ ᠤᠯᠤᠰ ᠤᠨ ᠤᠯᠤᠰ ᠤᠨ ᠶᠡᠷᠦᠩᠬᠡᠶᠢᠯᠡᠭᠰᠡᠨ ᠬᠦᠴᠦᠨ ᠢ ᠬᠡᠮᠵᠢᠬᠦ ᠴᠢᠬᠤᠯᠠ ᠭᠦᠢᠴᠡᠳᠬᠡᠯ ᠲᠤᠭ᠎ᠠ ᠮᠥᠨ᠃ ᠤᠯᠤᠰ ᠤᠨ ᠬᠥᠭᠵᠢᠯᠲᠡ ᠴᠢᠳᠠᠪᠤᠷᠢᠲᠠᠨ ᠳᠤ ᠲᠦᠰᠢᠭᠯᠡᠨ᠎ᠡ᠂ ᠦᠨᠳᠦᠰᠦᠲᠡᠨ ᠤ ᠮᠠᠨᠳᠤᠯᠳᠠ ᠴᠢᠳᠠᠪᠤᠷᠢᠲᠠᠨ ᠳᠤ ᠲᠦᠰᠢᠭᠯᠡᠨ᠎ᠡ᠃ ᠪᠢᠳᠡ ᠡᠷᠬᠡᠪᠰᠢ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠶᠢ ᠨᠡᠩ ᠴᠢᠬᠤᠯᠠᠴᠢᠯᠠᠨ᠂ ᠴᠢᠳᠠᠪᠤᠷᠢᠲᠠᠨ ᠤ ᠡᠬᠢ ᠪᠠᠶᠠᠯᠢᠭ ᠤᠨ ᠥᠷᠢᠰᠥᠯᠳᠦᠭᠡᠨ ᠤ ᠳᠠᠪᠠᠭᠤᠯᠢᠭ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠶᠠᠭᠤᠨ ᠳᠤ ᠴᠢᠳᠠᠪᠤᠷᠢᠲᠠᠨ ᠤ ᠬᠦᠴᠦᠷᠭᠡᠭ ᠤᠯᠤᠰ ᠢ ᠪᠦᠲᠦᠭᠡᠨ ᠪᠠᠶᠢᠭᠤᠯᠬᠤ᠂ ᠴᠢᠳᠠᠪᠤᠷᠢᠲᠠᠨ ᠤ ᠬᠦᠴᠦᠷᠭᠡᠭ ᠤᠯᠤᠰ ᠨᠢ ᠶᠠᠮᠠᠷ ᠪᠠᠶᠢᠬᠤ᠂ ᠴᠢᠳᠠᠪᠤᠷᠢᠲᠠᠨ ᠤ ᠬᠦᠴᠦᠷᠭᠡᠭ ᠤᠯᠤᠰ ᠢ ᠬᠡᠷᠬᠢᠨ ᠪᠦᠲᠦᠬᠡᠨ ᠪᠠᠶᠢᠭᠤᠯᠬᠤ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠪᠠᠶᠢᠯᠳᠤᠬᠤ ᠪᠤᠳᠤᠯᠭ᠎ᠠ ᠰᠢᠨ᠎ᠡ ᠠᠷᠭ᠎ᠠ ᠬᠡᠮᠵᠢᠶ᠎ᠡ ᠶᠢ ᠳᠤᠷᠠᠳᠴᠠᠢ᠃ ᠨᠢᠭᠡ ᠳᠤ ᠴᠢᠳᠠᠪᠤᠷᠢᠲᠠᠨ ᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠂ ᠬᠤᠶᠠᠷ ᠲᠤ ᠴᠢᠳᠠᠪᠤᠷᠢᠲᠠᠨ ᠤ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠪᠠᠷᠢᠮᠲᠠᠯᠠᠨ᠎ᠠ᠂ ᠭᠤᠷᠪᠠ ᠳᠤ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠭᠤᠯᠬᠤ᠂ ᠠᠵᠤ ᠠᠬᠤᠶ ᠶᠢᠨ ᠭᠤᠤᠯ ᠲᠡᠶᠢᠯᠠᠯᠳᠤᠭᠠᠨ ᠤ ᠲᠠᠯᠠᠪᠤᠷ ᠲᠤ ᠬᠠᠨᠳᠤᠭᠤᠯᠬᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠭᠤᠯᠬᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠭᠤᠯᠬᠤ ᠶᠢ ᠪᠠᠷᠢᠮᠲᠠᠯᠠᠨ᠎ᠠ᠂ ᠳᠥᠷᠪᠡ ᠳᠤ ᠴᠢᠳᠠᠪᠤᠷᠢᠲᠠᠨ ᠢ ᠪᠥᠬᠦ ᠲᠠᠯ᠎ᠠ ᠪᠠᠷ ᠬᠥᠮᠦᠵᠢᠭᠦᠯᠦᠨ ᠰᠠᠶᠢᠲᠤᠷ ᠬᠡᠷᠡᠭᠯᠡᠬᠦ ᠶᠢ ᠪᠠᠷᠢᠮᠲᠠᠯᠠᠨ᠎ᠠ᠂ ᠲᠠᠪᠤ ᠳᠤ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ᠂ ᠵᠢᠷᠭᠤᠭ᠎ᠠ ᠳᠤ ᠳᠡᠯᠡᠬᠡᠶ ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠴᠤᠭᠯᠠᠭᠤᠯᠤᠨ ᠬᠡᠷᠡᠭᠯᠡᠬᠦ ᠶᠢ ᠪᠠᠷᠢᠮᠲᠠᠯᠠᠨ᠎ᠠ᠂ ᠳᠣᠯᠤᠭ᠎ᠠ ᠳᠤ ᠴᠢᠳᠠᠪᠤᠷᠢᠲᠠᠨ ᠢ ᠲᠠᠨᠢᠬᠤ ᠴᠢᠳᠠᠪᠤᠷᠢᠲᠠᠨ ᠢ ᠬᠠᠶᠢᠷᠠᠯᠠᠬᠤ ᠴᠢᠳᠠᠪᠤᠷᠢᠲᠠᠨ ᠢ ᠬᠦᠨᠳᠦᠳᠬᠡᠬᠦ ᠴᠢᠳᠠᠪᠤᠷᠢᠲᠠᠨ ᠢ ᠬᠡᠷᠡᠭᠯᠡᠬᠦ ᠣᠷᠴᠢᠨ ᠨᠥᠬᠦᠴᠡᠯ ᠢ ᠪᠣᠶ ᠪᠣᠯᠭᠠᠬᠤ ᠶᠢ ᠪᠠᠷᠢᠮᠲᠠᠯᠠᠨ᠎ᠠ᠂ ᠨᠠᠢᠮᠠ ᠳᠤ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠨ᠎ᠠ᠃ ᠳᠡᠭᠡᠷᠡᠬᠢ 8 ᠵᠤᠷᠪᠤᠰ ᠪᠣᠯ ᠮᠠᠨ ᠤ ᠤᠯᠤᠰ ᠤᠨ ᠴᠢᠳᠠᠪᠤᠷᠢᠲᠠᠨ ᠤ ᠦᠢᠯᠡᠰ ᠤᠨ ᠬᠥᠭᠵᠢᠯᠲᠡ ᠶᠢᠨ ᠵᠢᠮ᠎ᠡ ᠶᠣᠰᠣᠴᠢ ᠴᠢᠨᠠᠷ ᠤᠨ ᠲᠤᠬᠠᠶ ᠪᠢᠳᠡᠨ ᠤ ᠲᠠᠨᠢᠯᠲᠠ ᠶᠢᠨ ᠭᠦᠨᠵᠡᠭᠡᠶᠢᠷᠡᠯ ᠮᠥᠨ᠂ ᠡᠭᠦᠨ ᠢ ᠢᠮᠠᠭᠲᠠ ᠪᠠᠷᠢᠮᠲᠠᠯᠠᠬᠤ ᠶᠢᠨ ᠬᠠᠮᠲᠤ ᠲᠠᠰᠤᠷᠠᠯᠲᠠ ᠦᠭᠡᠶ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠶ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠳᠡᠯᠡᠬᠡᠢ ᠶᠢᠨ ᠴᠢᠬᠤᠯᠠ ᠴᠢᠳᠠᠪᠤᠷᠢᠲᠠᠨ ᠤ ᠲᠥᠪ ᠪᠣᠯᠤᠨ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠬᠡᠨ ᠪᠠᠶᠢᠭᠤᠯᠬᠤ ᠳᠤ ᠡᠷᠬᠡᠪᠰᠢ ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠦᠵᠦ ᠲᠥᠯᠥᠪᠯᠡᠭᠡ ᠪᠣᠯᠤᠨ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢ ᠰᠠᠶᠢᠲᠤᠷ ᠬᠢᠬᠦ ᠬᠡᠷᠡᠭᠲᠡᠢ᠃ ᠪᠢᠳᠡᠨ ᠤ ᠬᠠᠷᠠᠯᠲᠠ ᠪᠣᠯ᠄ 2025 ᠤᠨ ᠪᠤᠯᠳᠠᠯ᠎ᠠ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠳᠠᠬᠢ ᠣᠷᠣᠭᠤᠯᠤᠯᠲᠠ ᠶᠢ ᠶᠡᠭᠡ ᠪᠠᠷ ᠨᠡᠮᠡᠭᠳᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠬᠦᠴᠦᠨ ᠤ ᠡᠩᠨᠡᠭᠡ ᠶᠢᠨ ᠪᠠᠶᠢᠭᠤᠯᠤᠯᠲᠠ ᠶᠢ ᠴᠢᠬᠤᠯᠠ ᠠᠬᠢᠴᠠ ᠲᠠᠢ ᠪᠣᠯᠭᠠᠵᠤ᠂ ᠣᠷᠦ᠋ᠢᠯᠠᠭᠰᠠᠨ ᠰᠢᠨᠵᠢᠯᠡᠬᠦ ᠤᠬᠠᠭᠠᠨᠲᠠᠳ ᠢ ᠴᠤᠭᠯᠠᠷᠠᠭᠤᠯᠬᠤ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠬᠦᠷᠢᠶᠡᠨ ᠳᠤ ᠨᠢᠭᠡ ᠪᠦᠯᠦᠭ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ᠂ ᠲᠡᠷᠢᠭᠦᠨ ᠤ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠲᠠᠢ ᠪᠣᠯᠭᠠᠨ᠎ᠠ︔ 2030 ᠤᠨ ᠪᠤᠯᠳᠠᠯ᠎ᠠ ᠴᠢᠨᠠᠷ ᠰᠠᠶᠢᠲᠠᠶ ᠬᠥᠭᠵᠢᠯᠲᠡ ᠳᠤ ᠵᠣᠬᠢᠴᠠᠬᠤ ᠴᠢᠳᠠᠪᠤᠷᠢᠲᠠᠨ ᠤ ᠲᠦᠷᠢᠮ ᠤᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ ᠰᠢᠨ᠎ᠡ ᠶᠢ ᠡᠭᠦᠳᠬᠦ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠳᠡᠯᠡᠬᠡᠶ ᠶᠢᠨ ᠰᠢᠯᠢᠳᠡᠭ ᠴᠢᠳᠠᠪᠤᠷᠢᠲᠠᠨ ᠢ ᠲᠠᠲᠠᠬᠤ ᠬᠦᠴᠦᠨ ᠢ ᠢᠯᠡᠳᠲᠡ ᠴᠢᠩᠭᠠᠷᠠᠭᠤᠯᠵᠤ᠂ ᠭᠤᠤᠯ ᠪᠣᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠤ ᠨᠢᠭᠡ ᠪᠦᠯᠦᠭ ᠡᠭᠦᠳᠦᠨ ᠨᠡᠭᠡᠭᠡᠭᠴᠢ ᠲᠠᠢ ᠪᠤᠯᠵᠤ᠂ ᠰᠢᠨ᠎ᠡ ᠪᠠᠷ ᠮᠠᠨᠳᠤᠭᠰᠠᠨ ᠬᠤᠰᠢᠭᠤᠷᠠᠯ ᠰᠣᠯᠪᠢᠴᠠᠯ ᠬᠦᠷᠢᠶᠡᠨ ᠳᠤ ᠨᠢᠭᠡ ᠪᠦᠯᠦᠭ ᠵᠠᠮ ᠨᠡᠭᠡᠭᠡᠭᠴᠢ ᠲᠠᠢ ᠪᠤᠯᠤᠨ᠎ᠠ︔ 2035 ᠤᠨ ᠪᠤᠯᠳᠠᠯ᠎ᠠ᠂ ᠮᠠᠨ ᠤ ᠤᠯᠤᠰ ᠤᠨ ᠤᠯᠠᠨ ᠬᠦᠷᠢᠶᠡᠨ ᠳᠠᠬᠢ ᠴᠢᠳᠠᠪᠤᠷᠢᠲᠠᠨ ᠤ ᠥᠷᠢᠰᠥᠯᠳᠦᠭᠡᠨ ᠤ ᠳᠠᠪᠠᠭᠤᠯᠢᠭ ᠢ ᠪᠦᠷᠢᠯᠳᠦᠭᠦᠯᠵᠦ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠪᠣᠯᠤᠨ ᠥᠨᠳᠥᠷ ᠲᠦᠪᠰᠢᠨ ᠪᠦᠬᠦᠢ ᠴᠢᠳᠠᠪᠤᠷᠢᠲᠠᠨ ᠤ ᠡᠩᠨᠡᠭᠡ ᠶᠢ ᠳᠡᠯᠡᠬᠡᠢ ᠶᠢᠨ ᠡᠮᠦᠨ᠎ᠡ ᠡᠩᠨᠡᠭᠡᠨ ᠳᠤ ᠤᠷᠤᠭᠤᠯᠤᠨ᠎ᠠ ᠭᠡᠵᠤ ᠴᠢᠬᠤᠯᠠᠴᠢᠯᠠᠪᠠ᠃      ᠰᠢ ᠶᠢᠨ ᠫᠢᠩ᠂ ᠳᠡᠯᠡᠬᠡᠢ ᠶᠢᠨ ᠴᠢᠬᠤᠯᠠ ᠴᠢᠳᠠᠪᠤᠷᠢᠲᠠᠨ ᠤ ᠲᠥᠪ ᠪᠣᠯᠤᠨ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠬᠡᠨ ᠪᠠᠶᠢᠭᠤᠯᠬᠤ ᠳᠤ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠬᠢᠬᠦ ᠴᠢᠬᠤᠯᠠᠲᠠᠢ᠃ ᠶᠡᠷᠦᠩᠬᠡᠶᠢᠯᠡᠨ ᠪᠣᠳᠣᠯᠬᠢᠯᠠᠪᠠᠯ᠂ ᠪᠡᠭᠡᠵᠢᠩ᠂ ᠱᠠᠩᠬᠠᠢ᠂ ᠭᠤᠸᠠᠩᠳᠦ᠋ᠩ ᠰᠢᠶᠠᠩᠭᠠᠩ ᠣᠣᠮᠧᠨ ᠤ ᠲᠤᠮᠤ ᠪᠤᠯᠤᠩ ᠤᠨ ᠣᠷᠣᠨ ᠳᠤ ᠥᠨᠳᠥᠷ ᠲᠦᠪᠰᠢᠨ ᠪᠦᠬᠦᠢ ᠴᠢᠳᠠᠪᠤᠷᠢᠲᠠᠨ ᠤ ᠥᠨᠳᠦᠷᠯᠢᠭ ᠢ ᠪᠦᠳᠦᠭᠡᠨ ᠪᠠᠶᠢᠭᠤᠯᠵᠤ ᠪᠣᠯᠤᠨ᠎ᠠ᠂ ᠵᠠᠷᠢᠮ ᠳᠡᠭᠡᠳᠦ ᠲᠡᠰ ᠤᠨ ᠴᠢᠳᠠᠪᠤᠷᠢᠲᠠᠨ ᠲᠥᠪᠯᠡᠷᠡᠭᠰᠡᠨ ᠲᠥᠪ ᠬᠤᠳᠠ ᠴᠤ ᠴᠢᠳᠠᠪᠤᠷᠢᠲᠠᠨ ᠢ ᠲᠠᠲᠠᠬᠤ ᠪᠠ ᠴᠤᠭᠯᠠᠷᠠᠭᠤᠯᠬᠤ ᠲᠠᠪᠴᠠᠩ ᠢ ᠬᠦᠴᠦᠯᠡᠨ ᠪᠠᠶᠢᠭᠤᠯᠵᠤ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠦᠨ᠂ ᠤᠯᠤᠰ ᠤᠨ ᠴᠢᠨᠠᠷ ᠰᠠᠶᠢᠲᠠᠢ ᠡᠬᠢ ᠪᠠᠶᠠᠯᠢᠭ ᠢ ᠲᠥᠪᠯᠡᠷᠡᠭᠦᠯᠦᠨ ᠨᠢᠭᠡ ᠪᠦᠯᠦᠭ ᠤᠯᠤᠰ ᠤᠨ ᠲᠤᠷᠰᠢᠯᠲᠠ ᠶᠢᠨ ᠲᠠᠰᠤᠭ ᠪᠠ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠶᠢ ᠭᠤᠣᠯᠳᠠᠯᠭ᠎ᠠ ᠲᠠᠢ ᠲᠡᠮᠵᠢᠵᠦ᠂ ᠤᠯᠠᠨ ᠤᠯᠤᠰ ᠤᠨ ᠲᠤᠮᠤ ᠰᠢᠨᠵᠢᠯᠡᠬᠦ ᠤᠬᠠᠭᠠᠨ ᠤ ᠲᠥᠯᠥᠪᠯᠡᠭᠡ ᠶᠢ ᠡᠬᠢᠯᠡᠬᠦᠯᠦᠨ᠂ ᠴᠢᠳᠠᠪᠤᠷᠢᠲᠠᠨ ᠳᠤ ᠳᠡᠯᠡᠬᠡᠢ ᠶᠢᠨ ᠲᠡᠷᠢᠭᠦᠨ ᠤ ᠰᠢᠨ᠎ᠡ ᠶᠢ ᠡᠭᠦᠳᠬᠦ ᠲᠠᠪᠴᠠᠩ ᠬᠠᠩᠭᠠᠵᠤ᠂ ᠪᠠᠶᠢᠯᠳᠤᠬᠤ ᠪᠤᠳᠤᠯᠭ᠎ᠠ ᠶᠢᠨ ᠲᠤᠯᠬᠤ ᠴᠡᠭ ᠪᠠ ᠭᠠᠯᠠᠭᠤᠨ ᠤ ᠡᠩᠨᠡᠭᠡ ᠶᠢᠨ ᠪᠠᠶᠢᠷᠢᠰᠢᠯ ᠢ ᠲᠦᠷᠭᠡᠳᠬᠡᠨ ᠪᠤᠢ ᠪᠣᠯᠭᠠᠵᠤ ᠪᠣᠯᠤᠨ᠎ᠠ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠬᠡᠷᠡᠭᠴᠡᠭᠡ ᠪᠠ ᠪᠣᠳᠠᠲᠠᠶ ᠪᠠᠨ ᠦᠨᠳᠦᠰᠦᠯᠡᠨ ᠬᠥᠮᠦᠨ ᠬᠡᠷᠡᠭᠯᠡᠬᠦ ᠭᠤᠤᠯ ᠴᠣᠭᠴᠠ ᠳᠤ ᠭᠦᠢᠴᠡᠳ ᠡᠷᠬᠡ ᠣᠯᠭᠤᠵᠤ᠂ ᠬᠥᠮᠦᠨ ᠬᠡᠷᠡᠭᠯᠡᠬᠦ ᠭᠤᠤᠯ ᠴᠣᠭᠴᠠ ᠶᠢᠨ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ ᠳᠤᠮᠳᠠᠬᠢ ᠢᠳᠡᠪᠬᠢ ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠬᠥᠮᠦᠨ ᠬᠡᠷᠡᠭᠯᠡᠬᠦ ᠭᠤᠤᠯ ᠴᠣᠭᠴᠠ ᠨᠢ ᠪᠡᠶᠡᠴᠢ ᠴᠢᠳᠠᠮᠠᠭᠠᠢ ᠴᠢᠨᠠᠷ ᠢᠶᠠᠨ ᠪᠠᠳᠠᠷᠠᠭᠤᠯᠵᠤ᠂ ᠦᠢᠯᠡᠴᠢᠯᠡᠬᠦ ᠤᠬᠠᠮᠰᠠᠷ ᠪᠠ ᠪᠠᠲᠤᠯᠠᠭ᠎ᠠ ᠶᠢᠨ ᠴᠢᠳᠠᠪᠤᠷᠢ ᠪᠠᠨ ᠴᠢᠩᠭᠠᠳᠬᠠᠨ᠂ ᠥᠪᠡᠷ ᠢ ᠪᠠᠨ ᠬᠢᠵᠠᠭᠠᠷᠯᠠᠬᠤ ᠪᠠ ᠭᠠᠳᠠᠨ᠎ᠠ ᠠᠴᠠ ᠬᠢᠨᠠᠯᠲᠠ ᠲᠠᠯᠪᠢᠬᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠳᠣᠷᠣᠭᠰᠢ ᠪᠠᠭᠤᠯᠭᠠᠭᠰᠠᠨ ᠡᠷᠬᠡ ᠶᠢ ᠬᠦᠯᠢᠶᠡᠨ ᠠᠪᠴᠤ ᠳᠡᠶᠢᠯᠬᠦ᠂ ᠰᠠᠶᠢᠲᠤᠷ ᠬᠡᠷᠡᠭᠯᠡᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠬᠥᠮᠦᠨ ᠬᠡᠷᠡᠭᠯᠡᠬᠦ ᠨᠢᠭᠡᠴᠢ ᠶᠢᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠡᠷᠬᠡ ᠣᠯᠭᠤᠯᠲᠠ ᠶᠢ ᠰᠠᠶᠢᠲᠤᠷ ᠬᠡᠷᠡᠭᠯᠡᠬᠦ ᠦᠭᠡᠢ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠦᠭᠡᠢ ᠪᠠᠶᠢᠪᠠᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠴᠢᠳᠠᠪᠤᠷᠢᠲᠠᠨ ᠤ ᠬᠦᠯᠢᠶᠡᠰᠦ ᠶᠢ ᠢᠳᠡᠪᠬᠢᠳᠠᠢ ᠠᠯᠳᠠᠷᠠᠭᠠᠵᠤ᠂ ᠴᠢᠳᠠᠪᠤᠷᠢᠲᠠᠨ ᠤ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠴᠢᠳᠠᠪᠤᠷᠢᠲᠠᠨ ᠢᠶᠠᠷ ᠦᠨᠳᠦᠰᠦ ᠪᠣᠯᠭᠠᠬᠤ᠂ ᠴᠢᠳᠠᠪᠤᠷᠢᠲᠠᠨ ᠢ ᠢᠲᠡᠭᠡᠬᠦ᠂ ᠴᠢᠳᠠᠪᠤᠷᠢᠲᠠᠨ ᠢ ᠬᠦᠨᠳᠦᠳᠬᠡᠬᠦ᠂ ᠴᠢᠳᠠᠪᠤᠷᠢᠲᠠᠨ ᠳᠤ ᠰᠠᠶᠢᠳᠤᠷ ᠬᠠᠨᠳᠤᠬᠤ᠂ ᠴᠢᠳᠠᠪᠤᠷᠢᠲᠠᠨ ᠢ ᠪᠠᠭᠲᠠᠭᠠᠬᠤ ᠶᠢ ᠪᠡᠶᠡᠯᠡᠭᠦᠯᠬᠦ ᠬᠡᠷᠡᠭᠳᠠᠢ᠃ ᠰᠢᠨᠵᠢᠯᠡᠬᠦ ᠤᠬᠠᠭᠠᠨᠲᠠᠨ ᠳᠤ ᠮᠡᠷᠭᠡᠵᠢᠯ ᠤᠨ ᠱᠤᠭᠤᠮ ᠢᠶᠠᠨ ᠲᠣᠭᠲᠠᠭᠠᠬᠤ ᠨᠡᠩ ᠶᠡᠭᠡ ᠡᠷᠬᠡ᠂ ᠵᠠᠷᠤᠳᠠᠯ ᠢ ᠡᠵᠡᠮᠳᠡᠬᠦ ᠨᠡᠩ ᠶᠡᠭᠡ ᠡᠷᠬᠡ᠂ ᠡᠬᠢ ᠪᠠᠶᠠᠯᠢᠭ ᠢ ᠲᠤᠬᠢᠷᠠᠭᠤᠯᠬᠤ ᠨᠡᠩ ᠶᠡᠭᠡ ᠡᠷᠬᠡ ᠣᠯᠭᠤᠬᠤ ᠶᠢᠨ ᠬᠠᠮᠲᠤ ᠬᠠᠷᠢᠭᠤᠴᠠᠯᠭ᠎ᠠ ᠶᠢᠨ ᠲᠦᠷᠢᠮ ᠪᠠ ᠪᠠᠲᠤᠯᠠᠭ᠎ᠠ ᠶᠢᠨ ᠪᠢᠴᠢᠭ ᠤᠨ ᠲᠦᠷᠢᠮ ᠢ ᠲᠤᠭᠳᠠᠭᠠᠨ ᠪᠦᠷᠢᠨᠰᠢᠬᠦᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠤᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠢ ᠨᠡᠶᠢᠳᠬᠡᠬᠦ ᠲᠥᠯᠥᠪᠯᠡᠭᠡ ᠶᠢ ᠰᠢᠯᠢᠳᠡᠭᠵᠢᠭᠦᠯᠵᠦ᠂ ᠴᠢᠳᠠᠪᠤᠷᠢᠲᠠᠨ ᠢ ᠰᠡᠳᠬᠢᠯ ᠠᠮᠤᠷ ᠢᠶᠠᠷ ᠡᠷᠳᠡᠮ ᠰᠢᠨᠵᠢᠯᠡᠭᠡᠨ ᠬᠢᠯᠭᠡᠵᠦ᠂ ᠰᠤᠳᠤᠯᠭᠠᠨ ᠬᠢᠯᠭᠡᠵᠦ᠂ ᠢᠯᠡᠭᠦᠬᠡᠨ ᠦᠷ᠎ᠡ ᠪᠦᠲᠦᠭᠡᠯ ᠭᠠᠷᠭᠠᠯᠭᠠᠵᠤ᠂ ᠰᠠᠶᠢᠨ ᠦᠷ᠎ᠡ ᠪᠦᠲᠦᠭᠡᠯ ᠭᠠᠷᠭᠠᠯᠭᠠᠬᠤ ᠬᠡᠷᠡᠭᠲᠡᠢ᠃ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠦᠷᠳᠡᠭ᠂ ᠴᠢᠳᠠᠪᠤᠷᠢ᠂ ᠬᠤᠪᠢ ᠨᠡᠮᠡᠷᠢ ᠪᠠᠷ ᠤᠳᠤᠷᠢᠳᠤᠮᠵᠢ ᠪᠣᠯᠭᠠᠭᠰᠠᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠨᠢᠭᠡ ᠰᠡᠳᠬᠢᠯ ᠢᠶᠠᠷ ᠰᠤᠳᠤᠯᠭᠠᠨ ᠬᠢᠬᠦ ᠪᠠ ᠰᠢᠨ᠎ᠡ ᠶᠢ ᠡᠭᠦᠳᠬᠦ ᠳᠤ ᠠᠰᠢᠭᠲᠠᠢ ᠦᠨᠡᠯᠡᠯᠲᠡ ᠶᠢᠨ ᠰᠢᠰᠲ᠋ᠧᠮ ᠢ ᠪᠦᠷᠢᠯᠳᠦᠭᠦᠯᠦᠨ ᠬᠡᠷᠡᠭᠵᠢᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃      ᠰᠢ ᠶᠢᠨ ᠫᠢᠩ᠂ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨᠲᠠᠨ ᠢ ᠶᠡᠭᠡ ᠪᠠᠷ ᠬᠥᠮᠦᠵᠢᠭᠦᠯᠦᠨ ᠬᠡᠷᠡᠭᠯᠡᠵᠦ᠂ ᠦᠢᠯᠡᠳᠦᠯᠭᠡ ᠶᠢᠨ ᠪᠠᠷᠢᠮᠵᠢᠶ᠎ᠠ ᠶᠢ ᠪᠠᠷᠢᠮᠲᠠᠯᠠᠵᠤ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠳᠤ ᠭᠤᠤᠯ ᠬᠦᠴᠦᠨ ᠪᠤᠯᠵᠤ ᠪᠠᠶᠢᠭ᠎ᠠ ᠳᠠᠭᠠᠭᠤᠯᠤᠭᠴᠢ ᠶᠢᠨ ᠳᠤᠮᠳᠠ ᠠᠴᠠ ᠭᠦᠨ ᠵᠤᠵᠠᠭᠠᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠲᠠᠢ᠂ ᠤᠷᠳᠤ ᠬᠤᠭᠤᠴᠠᠭ᠎ᠠ ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ᠂ ᠦᠷᠭᠡᠨ ᠲᠡᠯᠬᠡᠷ ᠬᠠᠷᠠᠭ᠎ᠠ ᠲᠠᠢ᠂ ᠤᠷᠢᠳᠠᠴᠢ ᠮᠠᠭᠠᠳᠯᠠᠯᠳᠠ ᠶᠢᠨ ᠴᠢᠳᠠᠪᠤᠷᠢ ᠴᠢᠩᠭ᠎ᠠ᠂ ᠰᠢᠨᠵᠢᠯᠡᠭᠡᠨ ᠠᠯᠤᠰᠯᠠᠨ ᠣᠶᠢᠯᠠᠭᠠᠬᠤ ᠴᠢᠳᠠᠪᠤᠷᠢ ᠴᠢᠩᠭ᠎ᠠ᠂ ᠶᠡᠭᠡ ᠪᠢᠩᠲ᠋ᠤᠸᠠᠨ ᠤ ᠪᠠᠶᠢᠯᠳᠤᠭᠠᠨ ᠢ ᠵᠣᠬᠢᠶᠠᠨ ᠪᠠᠶᠢᠭᠤᠯᠵᠤ ᠤᠳᠤᠷᠢᠳᠬᠤ ᠴᠢᠳᠠᠪᠤᠷᠢ ᠴᠢᠩᠭ᠎ᠠ ᠰᠢᠨᠵᠢᠯᠡᠬᠦ ᠤᠬᠠᠭᠠᠨᠲᠠᠨ ᠢ ᠢᠯᠡᠷᠡᠭᠦᠯᠬᠦ ᠬᠡᠷᠡᠭᠲᠡᠢ᠃ ᠬᠤᠯᠠ ᠶᠢᠨ ᠬᠠᠷᠠᠴᠠ ᠶᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨᠲᠠᠨ ᠤ ᠨᠢᠭᠤᠭᠳᠠᠮᠠᠯ ᠬᠦᠴᠦᠨ ᠪᠥᠬᠦᠶ ᠨᠠᠩ ᠣᠯᠠᠨ ᠳᠡᠭᠡᠳᠦ ᠲᠠᠰ ᠳᠠᠪᠬᠤᠷᠭ᠎ᠠ ᠶᠢᠨ ᠬᠠᠮ ᠴᠢᠳᠠᠪᠤᠷᠢᠲᠠᠨ ᠢ ᠰᠠᠨᠠᠭᠠᠴᠢᠯᠠᠭ᠎ᠠ ᠲᠠᠢ ᠪᠠᠷ ᠢᠯᠡᠷᠡᠭᠦᠯᠬᠦ ᠪᠠ ᠬᠥᠮᠦᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨᠲᠠᠨ ᠤ ᠦᠰᠦᠨ ᠪᠤᠶᠢᠵᠢᠬᠤ ᠱᠠᠲᠤᠯᠢᠭ ᠡᠩᠨᠡᠭᠡ ᠶᠢ ᠪᠦᠷᠢᠯᠳᠦᠭᠦᠯᠬᠦ ᠬᠡᠷᠡᠭᠲᠡᠶ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠶᠡᠭᠡ ᠬᠡᠮᠵᠢᠶᠡᠨ ᠤ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠣᠯᠤᠨ ᠰᠢᠨ᠎ᠡ ᠶᠢ ᠡᠭᠦᠳᠬᠦ ᠪᠦᠯᠬᠦᠮ ᠢ ᠪᠠᠶᠢᠭᠤᠯᠵᠤ᠂ ᠤᠯᠤᠰ ᠤᠨ ᠲᠤᠷᠰᠢᠯᠲᠠ ᠶᠢᠨ ᠲᠠᠰᠤᠭ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠥᠨᠳᠥᠷ ᠲᠦᠪᠰᠢᠨ ᠪᠦᠬᠦᠢ ᠰᠤᠳᠤᠯᠭᠠᠨ ᠤ ᠬᠡᠯᠪᠡᠷᠢ ᠶᠢᠨ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠤᠯᠤᠰ ᠤᠨ ᠠᠩᠭᠢ ᠶᠢᠨ ᠦᠢᠯᠡᠳᠦᠯ ᠢ ᠪᠠᠳᠠᠷᠠᠭᠤᠯᠵᠤ᠂ ᠤᠯᠤᠰ ᠤᠨ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠪᠠᠶᠢᠭᠤᠯᠤᠮᠵᠢ ᠶᠢᠨ ᠬᠠᠮᠵᠢᠯᠴᠠᠨ ᠪᠣᠭᠤᠮᠲᠠ ᠰᠢᠪᠲᠤᠯᠬᠤ ᠶᠢ ᠵᠣᠬᠢᠶᠠᠨ ᠪᠠᠶᠢᠭᠤᠯᠬᠤ ᠬᠡᠷᠡᠭᠲᠡᠶ᠃ ᠳᠠᠭᠠᠭᠤᠯᠤᠭᠴᠢ ᠴᠢᠳᠠᠪᠤᠷᠢᠲᠠᠨ ᠢ ᠢᠯᠡᠷᠡᠭᠦᠯᠬᠦ ᠲᠣᠭᠲᠠᠴᠠ ᠪᠠ ᠲᠥᠷᠥᠯ ᠵᠦᠢᠯ ᠤᠨ ᠪᠦᠯᠬᠦᠮ ᠨᠡᠶᠢᠲᠡ ᠶᠢ ᠰᠢᠯᠢᠨ ᠰᠣᠩᠭᠤᠬᠤ ᠲᠣᠭᠲᠠᠴᠠ ᠶᠢ ᠰᠢᠯᠢᠳᠡᠭᠵᠢᠭᠦᠯᠵᠦ᠂ ᠳᠠᠭᠠᠭᠤᠯᠤᠭᠴᠢ ᠴᠢᠳᠠᠪᠤᠷᠢᠲᠠᠨ ᠳᠤ ᠴᠢᠳᠠᠪᠤᠷᠢᠲᠠᠨ ᠤ ᠡᠩᠨᠡᠭᠡ ᠶᠢ ᠲᠥᠬᠦᠷᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠢ ᠲᠥᠬᠦᠷᠵᠢᠭᠦᠯᠬᠦ᠂ ᠬᠠᠮᠢᠶᠠᠷᠤᠯᠲᠠ ᠶᠢᠨ ᠲᠣᠭᠲᠠᠴᠠ ᠶᠢ ᠲᠥᠬᠦᠷᠵᠢᠭᠦᠯᠬᠦ ᠣᠨᠴᠠᠭᠠᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠶ᠃ ᠯᠤᠳᠤ ᠶᠡᠭᠡ ᠬᠡᠪᠴᠢᠶ᠎ᠡ ᠲᠠᠢ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠤᠢ ᠪᠣᠯᠭᠠᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠴᠢᠳᠠᠪᠤᠷᠢᠲᠠᠨ ᠤ ᠬᠦᠴᠦᠨ ᠢ ᠬᠥᠮᠦᠵᠢᠭᠦᠯᠬᠦ ᠲᠦᠷᠦ ᠶᠢᠨ ᠪᠤᠳᠤᠯᠭ᠎ᠠ ᠶᠢᠨ ᠭᠤᠣᠯᠳᠠᠯᠭ᠎ᠠ ᠶᠢ ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠳᠡᠭᠡᠷ᠎ᠡ ᠲᠠᠯᠪᠢᠵᠤ᠂ ᠵᠠᠯᠠᠭᠤ ᠴᠢᠳᠠᠪᠤᠷᠢᠲᠠᠨ ᠤ ᠴᠢᠬᠤᠯᠠ ᠡᠭᠦᠷᠭᠡ ᠡᠭᠦᠷᠭᠡᠯᠡᠵᠦ᠂ ᠭᠤᠣᠯ ᠲᠦᠷᠢ ᠪᠣᠯᠬᠤ ᠶᠢ ᠳᠡᠮᠵᠢᠬᠦ ᠬᠡᠷᠡᠭᠲᠡᠢ᠃ ᠦᠯᠡᠮᠵᠢ ᠤᠯᠠᠨ ᠭᠠᠷᠮᠠᠭᠠᠢ ᠢᠨᠵᠧᠨᠧᠷ ᠢ ᠬᠥᠮᠦᠵᠢᠭᠦᠯᠵᠦ᠂ ᠨᠠᠮ ᠢᠶᠠᠨ ᠬᠠᠶᠢᠷᠠᠯᠠᠵᠤ ᠤᠯᠤᠰ ᠲᠠᠭᠠᠨ ᠵᠢᠳᠬᠦᠬᠦ᠂ ᠠᠵᠢᠯ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠬᠦ᠂ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠲᠤᠪᠤᠶᠢᠯᠭᠠᠬᠤ᠂ ᠨᠠᠷᠢᠨ ᠪᠤᠳᠤᠯᠢᠶᠠᠨᠲᠠᠢ ᠢᠨᠵᠧᠨᠧᠷᠢᠩ ᠤᠨ ᠠᠰᠠᠭᠤᠳᠠᠯ ᠢ ᠰᠢᠢᠳᠪᠦᠷᠢᠯᠡᠬᠦ ᠳᠤ ᠴᠢᠳᠠᠮᠠᠭᠠᠢ ᠪᠠᠶᠢᠳᠠᠭ ᠢᠨᠵᠧᠨᠧᠷ ᠤᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠪᠣᠯᠤᠨ ᠠᠵᠤ ᠠᠬᠤᠶᠢᠯᠠᠯ ᠤᠨ ᠢᠳᠡᠪᠬᠢᠵᠢᠯ ᠢ ᠰᠠᠶᠢᠲᠤᠷ ᠲᠠᠶᠢᠴᠢᠯᠠᠵᠥ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠭᠦᠨᠵᠡᠭᠡᠢ ᠠᠭᠤᠰᠤᠯᠴᠠᠯ ᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠶᠡᠭᠡ ᠪᠠᠷ ᠬᠦᠴᠦᠯᠡᠵᠦ ᠪᠠᠶᠢᠭᠠᠳ ᠴᠢᠳᠠᠪᠤᠷᠢᠲᠠᠨ ᠢ ᠪᠦᠬᠦ ᠲᠠᠯ᠎ᠠ ᠪᠠᠷ ᠬᠥᠮᠦᠵᠢᠭᠦᠯᠵᠦ᠂ ᠣᠷᠣᠭᠤᠯᠤᠨ ᠠᠪᠴᠢᠷᠠᠵᠤ᠂ ᠰᠠᠶᠢᠲᠤᠷ ᠬᠡᠷᠡᠭᠯᠡᠬᠦ ᠬᠡᠷᠡᠭᠲᠡᠢ᠃ ᠮᠠᠨ ᠤ ᠤᠯᠤᠰ ᠳᠡᠯᠡᠬᠡᠢ ᠳᠡᠭᠡᠷ᠎ᠡ ᠬᠡᠪᠴᠢᠶ᠎ᠡ ᠪᠠᠷ ᠬᠠᠮᠤᠭ ᠤᠨ ᠶᠡᠭᠡ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠰᠲ᠋ᠧᠮ ᠲᠠᠢ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠥᠷᠭᠡᠨ ᠠᠭᠤᠳᠠᠮ ᠲᠠᠪᠴᠠᠩ ᠲᠠᠢ ᠪᠣᠯᠬᠤᠷ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠢ ᠲᠠᠰᠤᠷᠠᠯᠳᠠ ᠦᠭᠡᠢ ᠬᠥᠮᠦᠵᠢᠭᠦᠯᠵᠦ᠂ ᠶᠡᠭᠡ ᠪᠠᠭᠰᠢ ᠶᠢ ᠪᠦᠷᠢᠮᠦᠰᠦᠨ ᠬᠥᠮᠦᠵᠢᠭᠦᠯᠵᠦ ᠴᠢᠳᠠᠬᠤ ᠶᠤᠮ᠃ ᠪᠢᠳᠠ ᠡᠶᠢᠮᠦ ᠵᠣᠷᠢᠭ᠂ ᠡᠶᠢᠮᠦ ᠢᠲᠡᠭᠡᠯ ᠲᠠᠢ ᠪᠠᠶᠢᠬᠤ ᠬᠡᠷᠡᠭᠲᠡᠢ᠃ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠵᠠᠮ ᠢᠶᠠᠷ ᠰᠠᠶᠢᠲᠤᠷ ᠵᠠᠮᠨᠠᠵᠤ᠂ ᠶᠡᠭᠡ ᠳᠡᠭᠡᠳᠦ ᠰᠤᠷᠭᠠᠭᠤᠯᠢ ᠢᠯᠠᠩᠭᠤᠶ᠎ᠠ ︽ᠬᠤᠣᠰ ᠲᠡᠷᠢᠭᠦᠨ ᠵᠡᠷᠭᠡ︾ ᠶᠢᠨ ᠶᠡᠭᠡ ᠰᠤᠷᠭᠠᠭᠤᠯᠢ ᠰᠠᠭᠤᠷᠢ ᠰᠤᠳᠤᠯᠭᠠᠨ ᠤ ᠴᠢᠳᠠᠪᠤᠷᠢᠲᠠᠨ ᠢ ᠬᠥᠮᠦᠵᠢᠭᠦᠯᠬᠦ ᠭᠤᠣᠯ ᠬᠦᠴᠦᠨ ᠤ ᠦᠢᠯᠡᠳᠦᠯ ᠢᠶᠠᠨ ᠪᠠᠳᠠᠷᠠᠭᠤᠯᠵᠤ᠂ ᠰᠠᠭᠤᠷᠢ ᠰᠢᠨᠵᠢᠯᠡᠭᠡᠨ ᠤ ᠴᠢᠳᠠᠪᠤᠷᠢᠲᠠᠨ ᠢ ᠬᠥᠮᠦᠵᠢᠭᠦᠯᠬᠦ ᠶᠢ ᠪᠦᠬᠦ ᠲᠠᠯ᠎ᠠ ᠪᠠᠷ ᠲᠥᠯᠥᠪᠵᠢᠭᠦᠯᠵᠦ᠂ ᠨᠢᠭᠡ ᠪᠦᠯᠦᠭ ᠰᠠᠭᠤᠷᠢ ᠰᠢᠨᠵᠢᠯᠡᠭᠡᠨ ᠤ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠢ ᠪᠠᠶᠢᠭᠤᠯᠵᠤ᠂ ᠥᠨᠳᠥᠷ ᠲᠦᠪᠰᠢᠨ ᠪᠦᠬᠦᠢ ᠬᠠᠮ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠢ᠃ ᠰᠠᠭᠤᠷᠢ ᠰᠤᠳᠤᠯᠭᠠᠨ ᠤ ᠴᠢᠳᠠᠪᠤᠷᠢᠲᠠᠨ ᠤ ᠲᠤᠰᠬᠠᠢ ᠵᠦᠢᠯᠡᠰ ᠢ ᠲᠣᠭᠲᠠᠭᠠᠨ ᠬᠡᠷᠡᠭᠵᠢᠭᠦᠯᠵᠦ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠦᠷᠢᠶᠡᠨ ᠳᠤ ᠲᠤᠪᠤᠶᠢᠮ᠎ᠠ ᠠᠮᠵᠢᠯᠲᠠ ᠪᠦᠲᠦᠮᠵᠢ ᠣᠯᠤᠭᠰᠠᠨ ᠪᠥᠭᠡᠳ ᠢᠯᠡᠳᠲᠡ ᠰᠢᠨ᠎ᠡ ᠶᠢ ᠡᠭᠦᠳᠬᠦ ᠨᠢᠭᠤᠬᠳᠠᠮᠠᠯ ᠬᠦᠴᠦᠨ ᠲᠠᠢ ᠨᠢᠭᠡ ᠪᠦᠯᠦᠭ ᠵᠠᠯᠠᠭᠤ ᠴᠢᠳᠠᠪᠤᠷᠢᠲᠠᠨ ᠢ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠳᠡᠮᠵᠢᠬᠦ ᠬᠡᠷᠡᠭᠲᠡᠢ᠃ ᠦᠯᠡᠮᠵᠢ ᠤᠯᠠᠨ ᠭᠦᠨ ᠤᠬᠠᠭᠠᠨᠲᠠᠨ᠂ ᠨᠡᠶᠢᠭᠡᠮ ᠤᠨ ᠰᠢᠨᠵᠢᠯᠡᠬᠦ ᠤᠬᠠᠭᠠᠨᠲᠠᠨ᠂ ᠤᠳᠬ᠎ᠠ ᠤᠷᠠᠯᠢᠭᠴᠢᠨ ᠵᠡᠷᠭᠡ ᠡᠯ᠎ᠡ ᠲᠠᠯ᠎ᠠ ᠶᠢᠨ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠢ᠃ ᠴᠢᠳᠠᠪᠤᠷᠢᠲᠠᠨ ᠤ ᠤᠯᠠᠨ ᠤᠯᠤᠰ ᠤᠨ ᠰᠣᠯᠢᠯᠴᠠᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠲᠦᠷᠦᠯ ᠤᠨ ᠴᠢᠳᠠᠪᠤᠷᠢᠲᠠᠨ ᠢ ᠠᠮᠢᠳᠤᠯᠢᠭ ᠰᠠᠶᠢᠲᠤᠷ ᠬᠡᠷᠡᠭᠯᠡᠵᠦ᠂ ᠪᠠᠴᠢᠮ ᠬᠡᠷᠡᠭᠰᠡᠵᠦ ᠪᠠᠶᠢᠭ᠎ᠠ ᠳᠤᠲᠠᠭᠳᠠᠵᠤ ᠪᠠᠶᠢᠭ᠎ᠠ ᠣᠨᠴᠠᠭᠠᠢ ᠴᠢᠳᠠᠪᠤᠷᠢᠲᠠᠨ ᠳᠤ ᠬᠠᠨᠳᠤᠬᠤ ᠳᠠᠭᠠᠨ ᠣᠨᠴᠠᠭᠠᠢ ᠲᠦᠷᠦ ᠶᠢᠨ ᠪᠤᠳᠤᠯᠭ᠎ᠠ ᠠᠪᠬᠤ ᠬᠡᠷᠡᠭᠲᠡᠢ᠂ ᠲᠡᠭᠦᠰ ᠲᠡᠭᠦᠯᠳᠡᠷ ᠪᠤᠯᠭᠠᠬᠤ ᠭᠡᠵᠦ ᠤᠷᠤᠯᠳᠤᠬᠤ ᠦᠭᠡᠢ᠂ ᠬᠢᠷᠢ ᠬᠡᠮ ᠢᠶᠠᠷ ᠨᠢ ᠵᠢᠭᠰᠠᠭᠠᠬᠤ ᠦᠭᠡᠢ᠂ ᠨᠢᠭᠡ ᠯᠡ ᠪᠠᠷᠢᠮᠵᠢᠶ᠎ᠠ ᠪᠠᠷ ᠬᠡᠮᠵᠢᠶᠡᠯᠡᠬᠦ ᠦᠭᠡᠢ᠂ ᠵᠢᠩᠬᠢᠨᠢ ᠴᠢᠳᠠᠪᠤᠷᠢᠲᠠᠨ ᠢ ᠡᠷᠳᠡᠮ ᠴᠢᠳᠠᠪᠤᠷᠢ ᠪᠠᠨ ᠬᠡᠷᠡᠭᠯᠡᠬᠦ ᠭᠠᠵᠠᠷ ᠲᠠᠢ ᠪᠣᠯᠭᠠᠬᠤ ᠬᠡᠷᠡᠭᠲᠡᠢ᠃ ᠢᠲᠡᠭᠡᠯ ᠳᠤ ᠰᠠᠭᠤᠷᠢᠯᠠᠭᠰᠠᠨ ᠴᠢᠳᠠᠪᠤᠷᠢᠲᠠᠨ ᠢ ᠬᠡᠷᠡᠭᠯᠡᠬᠦ ᠲᠣᠭᠲᠠᠴᠠ ᠶᠢ ᠪᠠᠶᠢᠭᠤᠯᠵᠤ᠂ ᠢᠯᠠᠭᠳᠠᠬᠤ ᠶᠢ ᠵᠥᠪᠰᠢᠶᠡᠷᠡᠵᠦ᠂ ᠢᠯᠠᠭᠳᠠᠯ ᠢ ᠠᠭᠤᠴᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠭᠠᠭᠤᠯᠤᠬᠴᠢ ᠴᠢᠳᠠᠪᠤᠷᠢᠲᠠᠨ ᠤ ᠮᠠᠩᠯᠠᠶᠢᠯᠠᠨ ᠠᠶᠠᠨ ᠳᠤ ᠮᠤᠷᠳᠠᠬᠤ ᠶᠢ ᠵᠣᠷᠢᠭᠵᠢᠭᠤᠯᠬᠤ ᠬᠡᠷᠡᠭᠲᠡᠢ ᠃ ᠡᠯ᠎ᠡ ᠲᠦᠷᠦᠯ ᠤᠨ ᠴᠢᠳᠠᠪᠤᠷᠢᠲᠠᠨ ᠳᠤ ᠠᠵᠢᠯ ᠬᠢᠵᠦ ᠦᠢᠯᠡᠰ ᠪᠤᠰᠬᠠᠬᠤ ᠲᠠᠪᠴᠠᠩ ᠪᠠᠶᠢᠭᠤᠯᠤᠨ ᠦᠭᠴᠦ᠂ ᠮᠡᠳᠡᠯᠭᠡ᠂ ᠮᠡᠷᠭᠡᠵᠢᠯ ᠵᠡᠷᠭᠡ ᠰᠢᠨ᠎ᠡ ᠶᠢ ᠡᠭᠦᠳᠬᠦ ᠡᠯᠧᠮᠧᠨ᠋ᠲ ᠤᠨ ᠦᠷᠳᠡᠭ ᠢ ᠭᠦᠢᠴᠡᠳ ᠢᠯᠡᠷᠡᠭᠦᠯᠦᠭᠰᠡᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠵᠤ᠂ ᠠᠵᠢᠯ ᠦᠢᠯᠡᠰ ᠢᠶᠠᠷ ᠴᠢᠳᠠᠪᠤᠷᠢᠲᠠᠨ ᠢ ᠤᠷᠮᠠᠰᠢᠭᠤᠯᠵᠤ᠂ ᠴᠢᠳᠠᠪᠤᠷᠢᠲᠠᠨ ᠢᠶᠠᠷ ᠠᠵᠢᠯ ᠦᠢᠯᠡᠰ ᠪᠦᠲᠦᠭᠡᠯᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠰᠡᠬᠡᠭᠡᠲᠡᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠵᠤ᠂ ᠴᠢᠳᠠᠪᠤᠷᠢᠲᠠᠨ ᠤ ᠤᠯᠤᠰ ᠢᠶᠠᠨ ᠬᠠᠶᠢᠷᠠᠯᠠᠬᠤ ᠰᠡᠳᠬᠢᠯᠭᠡ ᠲᠠᠢ ᠪᠠᠶᠢᠵᠤ᠂ ᠤᠯᠤᠰ ᠲᠠᠭᠠᠨ ᠵᠢᠳᠬᠦᠬᠦ ᠵᠣᠷᠢᠭ ᠢᠶᠠᠨ ᠬᠥᠪᠴᠢᠯᠡᠵᠦ᠂ ᠴᠠᠭ ᠦᠶ᠎ᠡ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠬᠦ ᠶᠢ ᠵᠣᠷᠢᠭᠵᠢᠭᠤᠯᠬᠤ ᠬᠡᠷᠡᠭᠲᠡᠢ᠃ ᠥᠷᠭᠡᠨ ᠤᠯᠠᠨ ᠴᠢᠳᠠᠪᠤᠷᠢᠲᠠᠨ ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠨ ᠤ ᠭᠡᠬᠦᠳᠡᠭ ᠴᠡᠭᠡᠵᠢᠨ ᠳᠡᠭᠡᠨ ᠡᠬᠡ ᠤᠯᠤᠰ ᠢᠶᠠᠨ ᠪᠠᠭᠲᠠᠭᠠᠵᠤ᠂ ᠠᠷᠠᠳ ᠲᠦᠮᠡᠨ ᠳᠤ ᠦᠢᠯᠡᠴᠢᠯᠡᠬᠦ ᠰᠢᠯᠢᠳᠡᠭ ᠵᠠᠩ ᠴᠢᠨᠠᠷ ᠢ ᠵᠠᠯᠭᠠᠮᠵᠢᠯᠠᠨ ᠪᠠᠳᠠᠷᠠᠭᠤᠯᠵᠤ᠂ ᠰᠡᠳᠬᠢᠯ ᠳᠡᠭᠡᠨ ︽ᠤᠯᠤᠰ ᠤᠨ ᠶᠡᠭᠡ ᠶᠠᠪᠤᠳᠠᠯ︾ ᠢ ᠪᠤᠳᠤᠵᠤ᠂ ᠤᠯᠤᠰ ᠤᠨ ᠢᠶᠠᠨ ᠲᠥᠯᠥᠭᠡ ᠰᠠᠨᠠᠭᠠᠰᠢᠷᠠᠵᠤ᠂ ᠤᠯᠤᠰ ᠤᠨ ᠢᠶᠠᠨ ᠲᠥᠯᠥᠭᠡ ᠬᠦᠴᠢᠷ ᠵᠣᠪᠠᠯᠠᠩ ᠢ ᠰᠢᠢᠳᠪᠦᠷᠢᠯᠡᠵᠦ᠂ ᠤᠯᠤᠰ ᠤᠨ ᠢᠶᠠᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠴᠢᠳᠠᠪᠤᠷᠢᠲᠠᠨ ᠢ ᠬᠥᠬᠢᠭᠦᠯᠦᠨ ᠱᠠᠩᠨᠠᠬᠤ ᠲᠦᠷᠢᠮ ᠢ ᠰᠢᠯᠢᠳᠡᠭᠵᠢᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠳᠠᠶᠠᠭᠠᠷ ᠲᠤ ᠴᠢᠳᠠᠪᠤᠷᠢᠲᠠᠨ ᠢ ᠬᠦᠨᠳᠦᠳᠬᠡᠬᠦ ᠬᠡᠪ ᠰᠤᠷᠲᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠴᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠦᠷᠦᠭᠦᠯᠡᠨ ᠶᠡᠷᠦᠩᠬᠡᠶᠢᠯᠡᠨ ᠠᠳᠬᠤᠵᠤ᠂ ᠡᠷᠭᠡ ᠲᠤᠰᠢᠶᠠᠯᠳᠤ ᠰᠠᠯᠠᠭ᠎ᠠ ᠮᠥᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠨᠢᠭᠲᠠ ᠬᠠᠮᠵᠢᠯᠴᠠᠬᠤ᠂ ᠨᠡᠶᠢᠭᠡᠮ ᠤᠨ ᠬᠦᠴᠦᠨ ᠥᠷᠭᠡᠨ ᠢᠶᠠᠷ ᠣᠷᠣᠯᠴᠠᠬᠤ ᠴᠢᠳᠠᠪᠤᠷᠢᠲᠠᠨ ᠤ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠭᠤᠣᠯᠳᠠᠯᠭ᠎ᠠ ᠪᠠᠨ ᠲᠤᠪᠤᠶᠢᠯᠭᠠᠵᠤ᠂ ᠴᠢᠳᠠᠪᠤᠷᠢᠲᠠᠨ ᠤ ᠲᠤᠰᠬᠠᠯ ᠴᠢᠩᠭ᠎ᠠ ᠪᠠᠶᠢᠭ᠎ᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠴᠢᠳᠠᠪᠤᠷᠢᠲᠠᠨ ᠤ ᠬᠥᠭᠵᠢᠯᠲᠡ ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠴᠢᠳᠠᠪᠤᠷᠢᠲᠠᠨ ᠤ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶᠠᠨ ᠤ ᠤᠬᠠᠭᠤᠯᠬᠤ ᠰᠠᠯᠠᠭ᠎ᠠ ᠮᠥᠴᠢᠷ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠠᠮᠤᠷ ᠲᠦᠪᠰᠢᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠣᠶᠣᠯ ᠵᠢᠭᠤᠯᠴᠢᠯᠠᠯ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠮᠥᠩᠭᠦᠨ ᠭᠦᠢᠯᠭᠡᠭᠡᠨ᠂ ᠭᠠᠳᠠᠭᠠᠳᠤ ᠶᠠᠪᠤᠳᠠᠯ ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠤ ᠠᠵᠢᠯ ᠤᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠠᠮᠲᠤ ᠪᠠᠷ ᠰᠠᠶᠢᠲᠤᠷ ᠠᠳᠬᠤᠬᠤ ᠬᠡᠷᠡᠭᠲᠡᠶ ᠬᠡᠵᠦ ᠵᠢᠭᠠᠵᠤ ᠭᠠᠷᠭᠠᠪᠠ᠃      ᠯᠢ ᠺᠧ ᠴᠢᠶᠠᠩ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠦᠨᠳᠦᠷᠴᠡ ᠠᠴᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠴᠢᠳᠠᠪᠤᠷᠢᠲᠠᠨ ᠤ ᠠᠵᠢᠯ ᠤᠨ ᠣᠯᠤᠭᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠡᠷᠭᠢᠴᠡᠭᠦᠯᠵᠦ᠂ ᠡᠭᠦᠰᠦᠭᠰᠡᠨ ᠲᠡᠦᠬᠡᠲᠦ ᠴᠢᠨᠠᠷᠲᠠᠶ ᠬᠤᠪᠢᠰᠤᠯᠲᠠ᠂ ᠴᠢᠳᠠᠪᠤᠷᠢᠲᠠᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠥᠷᠢᠰᠥᠯᠳᠦᠭᠡᠨ ᠢ ᠭᠦᠨᠵᠡᠭᠡᠶ ᠵᠠᠳᠠᠯᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠳᠠ ᠦᠭᠴᠤ᠂ ᠵᠢᠯᠣᠭᠤᠳᠬᠤ ᠦᠵᠡᠯ ᠰᠠᠨᠠᠭ᠎ᠠ ᠶᠢ ᠲᠣᠳᠣᠷᠬᠠᠶᠢᠯᠠᠵᠤ᠂ ᠪᠠᠶᠢᠯᠳᠤᠬᠤ ᠪᠤᠳᠤᠯᠭ᠎ᠠ ᠶᠢᠨ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠤᠷᠤᠭᠰᠢᠯᠠᠬᠤ ᠴᠢᠭᠯᠡᠯ ᠢ ᠵᠢᠭᠠᠨ ᠦᠭᠴᠦ᠂ ᠦᠨᠳᠦᠰᠦᠨ ᠵᠢᠷᠤᠮᠯᠠᠯ ᠬᠠᠩᠭᠠᠭᠰᠡᠨ ᠮᠠᠰᠢ ᠴᠢᠩᠭ᠎ᠠ ᠤᠯᠤᠰ ᠲᠥᠷᠥ ᠶᠢᠨ ᠴᠢᠨᠠᠷ ᠲᠠᠢ᠂ ᠦᠵᠡᠯ ᠰᠠᠨᠠᠭᠠᠴᠢ ᠴᠢᠨᠠᠷ᠂ ᠤᠨᠤᠯ ᠤᠨ ᠴᠢᠨᠠᠷ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠲᠤᠯᠭᠤᠷ ᠪᠢᠴᠢᠭ ᠮᠥᠨ᠃ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠤᠷᠠᠯ ᠤᠨ ᠵᠣᠷᠢᠭ ᠰᠠᠨᠠᠭ᠎ᠠ ᠶᠢ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠴᠢᠳᠠᠪᠤᠷᠢᠲᠠᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠡᠳᠬᠢᠴᠡ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠴᠢᠳᠠᠪᠤᠷᠢᠲᠠᠨ ᠤ ᠬᠦᠴᠦᠷᠬᠡᠭ ᠤᠯᠤᠰ ᠢ ᠲᠦᠷᠭᠡᠳᠬᠡᠨ ᠪᠥᠲᠥᠭᠡᠨ ᠪᠠᠶᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠨᠠᠮ ᠤᠨ ᠴᠢᠳᠠᠪᠤᠷᠢᠲᠠᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠦ ᠵᠢᠭᠠᠵᠤ ᠭᠠᠷᠭᠠᠵᠠᠢ᠃      ᠸᠠᠩ ᠬᠤ᠋ ᠨᠢᠩ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠦᠷᠭᠡᠨ ᠬᠠᠷᠠᠭᠠᠰᠤ᠂ ᠪᠠᠶᠠᠯᠢᠭ ᠠᠭᠤᠯᠤᠭᠳᠠᠬᠤᠨ᠂ ᠭᠦᠨᠵᠡᠭᠡᠢ ᠦᠵᠡᠯ ᠰᠠᠨᠠᠭ᠎ᠠ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠲᠤᠬᠠᠢ ᠰᠢᠨ᠎ᠡ ᠣᠶᠢᠯᠠᠭᠠᠭᠳᠠᠬᠤᠨ ᠰᠢᠨ᠎ᠡ ᠪᠠᠶᠢᠯᠳᠤᠬᠤ ᠪᠤᠳᠤᠯᠭ᠎ᠠ ᠰᠢᠨ᠎ᠡ ᠠᠷᠭ᠎ᠠ ᠬᠡᠮᠵᠢᠶ᠎ᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠲᠤᠬᠠᠢ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠢᠯᠡᠳᠭᠡᠪᠡ᠃      ᠪᠡᠭᠡᠵᠢᠩ ᠬᠤᠳᠠ᠂ ᠱᠠᠩᠬᠠᠢ ᠬᠤᠳᠠ᠂ ᠭᠤᠸᠠᠩᠳᠦ᠋ᠩ ᠮᠤᠵᠢ ᠶᠢᠨ ᠱᠧᠨᠵᠧᠨ ᠬᠤᠳᠠ᠂ ᠰᠤᠷᠭᠠᠨ ᠬᠥᠮᠦᠵᠢᠯ ᠤᠨ ᠶᠠᠮᠤᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠴᠢᠩᠬᠤᠸᠠ ᠶᠡᠭᠡ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃      ᠲᠥᠪ ᠤᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠲᠦᠯᠦᠪᠯᠡᠭᠡ ᠳᠤ ᠲᠤᠰᠠᠭᠠᠷ ᠵᠢᠬᠰᠠᠭᠠᠬᠰᠠᠨ ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ᠂ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠬᠡᠰᠡᠭ ᠤᠯᠤᠰ ᠤᠨ ᠥᠮᠴᠢᠯᠡᠯ ᠤᠨ ᠴᠢᠬᠤᠯᠠ ᠭᠤᠣᠯᠯᠠᠭᠴᠢ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号