ᠶᠠᠩ ᠶᠢᠨ ᠠᠭᠤᠷᠬᠠᠶ ᠶᠢᠨ ᠣᠷᠣᠨ ᠤ ᠣᠷᠴᠢᠨ ᠲᠤᠭᠤᠷᠢᠨ ᠤ ᠶᠡᠷᠦᠩᠬᠡᠶᠢᠯᠡᠨ ᠵᠠᠰᠠᠬᠤ ᠠᠵᠢᠯ ᠤᠨ ᠲᠤᠬᠠᠶ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠨᠢᠭᠤᠴᠠ ᠪᠠᠷ ᠰᠤᠷᠪᠤᠯᠵᠢᠯᠠᠨ ᠰᠢᠮᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2021/9/6
     9 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠮᠠᠨ ᠤ ᠬᠤᠲᠠ ᠶᠢᠨ ᠬᠡᠰᠡᠭ ᠠᠭᠤᠷᠬᠠᠶ ᠶᠢᠨ ᠣᠷᠣᠨ ᠳᠤ ᠭᠦᠨᠵᠡᠭᠡᠶᠢᠷᠡᠵᠦ᠂ ᠣᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠲᠤᠬᠠᠶ ᠶᠢᠨ ᠲᠠᠯᠠᠪᠤᠷ ᠲᠤᠨᠢ ᠨᠢᠭᠤᠴᠠ ᠪᠠᠷ ᠰᠤᠷᠪᠤᠯᠵᠢᠯᠠᠨ ᠰᠢᠮᠳᠠᠭᠤᠯᠤᠨ ᠪᠠᠶᠢᠴᠠᠭᠠᠪᠠ᠃ ᠬᠤᠲᠠ ᠶᠢᠨ ᠳᠡᠳ᠋ ᠳᠠᠷᠤᠭ᠎ᠠ ᠴᠢᠶᠣᠤ ᠢᠦᠶ ᠬᠠᠮᠲᠤ ᠪᠠᠷ ᠰᠢᠮᠳᠠᠭᠤᠯᠤᠨ ᠪᠠᠶᠢᠴᠠᠭᠠᠪᠠ᠃      ᠶᠠᠩ ᠶᠢᠨ ᠨᠡᠷ ᠤᠷᠢᠳ ᠬᠤᠵᠢᠳ ᠯᠦᠩ ᠴᠠᠩ ᠤᠨ ᠠᠵᠤ ᠦᠢᠯᠡᠳᠪᠦᠷᠢ ᠠᠷᠠᠯᠵᠢᠶᠠᠨ ᠤ ᠺᠣᠮᠫᠠᠨᠢ ᠶᠢᠨ ᠲᠡᠮᠡᠭᠡᠲᠤ ᠠᠭᠤᠯᠠᠨ ᠤ ᠨᠡᠭᠦᠷᠡᠰᠦᠨ ᠠᠭᠤᠷᠬᠠᠢ᠂ ᠱᠧᠨ ᠬᠤᠸᠠ ᠪᠦᠯᠦᠭᠯᠡᠯ ᠤᠨ ᠬᠠᠶᠢᠷᠤᠪ ᠤᠨ ᠲᠤᠬᠤᠢ ᠶᠢᠨ ᠠᠭᠤᠷᠬᠠᠢ ᠶᠢᠨ ᠦᠢᠯᠡᠰ ᠤᠨ ᠺᠣᠮᠫᠠᠨᠢ ᠶᠢᠨ ᠵᠠᠳᠠᠭᠠᠢ ᠨᠡᠭᠦᠷᠡᠰᠦᠨ ᠠᠭᠤᠷᠬᠠᠢ ᠳᠤ ᠬᠦᠷᠴᠦ᠂ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠵᠠᠰᠠᠯᠲᠠ᠂ ᠠᠭᠤᠷᠬᠠᠢ ᠶᠢᠨ ᠣᠷᠣᠨ ᠤ ᠳᠡᠭᠳᠡᠮᠡᠯ ᠲᠣᠭᠤᠰᠣᠨ ᠤ ᠪᠣᠬᠢᠷᠲᠤᠯ ᠢ ᠬᠠᠮᠢᠶᠠᠷᠤᠨ ᠡᠵᠡᠮᠳᠡᠭᠰᠡᠨ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠰᠡᠷᠭᠦᠭᠡᠯᠲᠡ ᠵᠢᠴᠢ ︽ᠬᠤᠶᠠᠷ ᠬᠠᠷᠢᠭᠤᠴᠠᠯᠭ᠎ᠠ ᠬᠤᠶᠠᠷ ᠳᠠᠷᠤᠭ᠎ᠠ ᠶᠢᠨ ᠲᠦᠷᠢᠮ︾ ᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠵᠠᠰᠠᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠶᠠᠷᠢᠯᠴᠠᠨ ᠰᠤᠳᠤᠯᠵᠠᠢ᠃      ᠶᠠᠩ ᠶᠢᠨ ᠴᠢᠬᠤᠯᠠᠴᠢᠯᠠᠭᠰᠠᠨ ᠨᠢ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠣᠯ ᠴᠢᠬᠤᠯᠠ ᠶᠡᠭᠡ ᠤᠯᠤᠰ ᠲᠦᠷᠦ ᠶᠢᠨ ᠡᠭᠦᠷᠭᠡ᠂ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠡᠯ᠎ᠡ ᠲᠤᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ︾ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ  ᠤ ᠱᠦᠵᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠶᠢᠨ ᠮᠠᠨ ᠤ ᠬᠤᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠮᠠᠨ ᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠳᠡᠢ᠃ ︽ᠬᠤᠶᠠᠷ ᠬᠠᠷᠢᠭᠤᠴᠠᠯᠭ᠎ᠠ ᠬᠤᠶᠠᠷ ᠲᠠᠷᠤᠭ᠎ᠠ ᠶᠢᠨ ᠲᠦᠷᠢᠮ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠶᠡᠷᠦᠩᠬᠡᠶᠢᠯᠡᠨ ᠵᠠᠰᠠᠵᠤ᠂ ᠨᠡᠭᠦᠷᠡᠰᠦᠨ ᠠᠭᠤᠷᠬᠠᠢ᠂ ᠨᠡᠭᠦᠷᠡᠰᠦᠨ ᠪᠤᠰᠤ ᠠᠭᠤᠷᠬᠠᠢ ᠶᠢ ᠨᠡᠶᠢᠳᠬᠡᠵᠦ ᠲᠠᠬᠢᠨ ᠵᠣᠬᠢᠶᠠᠨ ᠪᠠᠶᠢᠭᠤᠯᠬᠤ ᠶᠢ ᠬᠦᠴᠦᠲᠡᠢ ᠠᠬᠢᠭᠤᠯᠵᠤ᠂ ᠠᠭᠤᠷᠬᠠᠢ ᠶᠢᠨ ᠣᠷᠣᠨ ᠢ ᠨᠢᠭᠡᠳᠦᠯᠲᠡᠢ ᠲᠥᠯᠥᠪᠵᠢᠭᠦᠯᠬᠦ᠂ ᠬᠡᠰᠡᠭ ᠬᠡᠰᠡᠭ ᠢᠶᠠᠷ ᠨᠡᠭᠡᠭᠡᠨ ᠬᠥᠭᠵᠢᠭᠦᠯᠬᠦ᠂ ᠲᠥᠪᠯᠡᠷᠡᠭᠦᠯᠦᠨ ᠵᠠᠰᠠᠬᠤ ᠶᠢ ᠪᠡᠶᠡᠯᠡᠭᠦᠯᠬᠦ ᠶᠢ ᠠᠬᠢᠭᠤᠯᠵᠤ᠂ ᠪᠦᠳᠦᠭᠦᠯᠢᠭ ᠨᠡᠭᠦᠷᠡᠰᠦ ᠮᠠᠯᠲᠠᠬᠤ ᠠᠷᠭ᠎ᠠ ᠬᠡᠯᠪᠡᠷᠢ ᠶᠢ ᠦᠨᠳᠦᠰᠦᠨ ᠠᠴᠠ ᠨᠢ ᠬᠤᠪᠢᠷᠠᠭᠤᠯᠬᠤ ᠬᠡᠷᠡᠭᠲᠡᠢ᠃ ᠠᠷᠭ᠎ᠠ ᠬᠡᠮᠵᠢᠶ᠎ᠡ ᠵᠣᠬᠢᠰᠲᠠᠢ ᠪᠠᠶᠢᠵᠤ᠂ ᠰᠢᠨᠵᠢᠯᠡᠬᠦ ᠤᠬᠠᠭᠠᠨ ᠢ ᠬᠦᠨᠳᠦᠳᠬᠡᠵᠦ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠵᠤ᠂ ᠠᠭᠤᠷᠬᠠᠢ ᠶᠢᠨ ᠪᠠᠶᠢᠳᠠᠯ ᠳᠤᠨᠢ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠰᠡᠷᠭᠦᠭᠡᠨ ᠨᠣᠭᠤᠭᠠᠷᠠᠭᠤᠯᠬᠤ᠂ ᠬᠡᠯᠪᠡᠷᠢ ᠪᠠᠨ ᠬᠤᠪᠢᠷᠠᠭᠤᠯᠤᠨ ᠠᠰᠢᠭᠯᠠᠬᠤ᠂ ᠪᠠᠶᠢᠭᠠᠯᠢ ᠶᠢ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠥᠨᠳᠥᠷ ᠪᠠᠷᠢᠮᠵᠢᠶ᠎ᠠ᠂ ᠥᠨᠳᠥᠷ ᠶᠠᠰᠤ ᠴᠢᠨᠠᠷ᠂ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠬᠤ ᠬᠡᠷᠡᠭᠲᠡᠢ᠃ ᠠᠮᠢ ᠠᠬᠤᠶ ᠶᠢᠨ ᠦᠷ᠎ᠡ ᠠᠰᠢᠭ ᠬᠢᠭᠡᠳ ᠠᠵᠤ ᠠᠬᠤᠶ ᠶᠢᠨ ᠦᠷ᠎ᠡ ᠠᠰᠢᠭ ᠢ ᠵᠡᠷᠭᠡ ᠪᠠᠷ ᠴᠢᠬᠤᠯᠠᠴᠢᠯᠠᠬᠤ᠂ ᠣᠷᠴᠢᠨ ᠠᠬᠤᠶ ᠶᠢᠨ ᠬᠠᠮᠠᠭᠠᠯᠠᠯᠲᠠ ᠪᠠ ᠠᠵᠤ ᠠᠬᠤᠶ ᠶᠢᠨ ᠬᠥᠭᠵᠢᠯᠲᠡ ᠶᠢ ᠵᠡᠷᠭᠡ ᠪᠠᠷ ᠶᠠᠪᠤᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠳ ᠬᠥᠭᠵᠢᠯᠲᠡ ᠶᠢᠨ ᠳᠤᠮᠳᠠ ᠪᠠᠨ ᠰᠡᠳᠬᠢᠴᠡ ᠪᠠᠨ ᠬᠤᠪᠢᠷᠠᠭᠤᠯᠵᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠠᠮᠢ ᠠᠬᠤᠶ ᠶᠢᠨ ᠬᠠᠮᠠᠭᠠᠯᠠᠯᠲᠠ ᠪᠠ ᠣᠷᠴᠢᠨ ᠠᠬᠤᠶ ᠶᠢᠨ ᠵᠠᠰᠠᠯᠲᠠ ᠶᠢᠨ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶ ᠶᠢᠨ ᠬᠥᠭᠵᠢᠯᠲᠡ ᠬᠢᠭᠡᠳ ᠠᠮᠢ ᠠᠬᠤᠶ ᠶᠢᠨ ᠬᠠᠮᠠᠭᠠᠯᠠᠯᠲᠠ ᠶᠢᠨ ᠵᠣᠬᠢᠴᠠᠩᠭᠤᠶ ᠪᠥᠭᠡᠳ ᠡᠶ᠎ᠡ ᠵᠣᠬᠢᠴᠠᠯ ᠲᠠᠢ ᠨᠢᠭᠡᠳᠦᠯ ᠲᠠᠢ ᠪᠠᠶᠢᠬᠤ ᠶᠢ ᠠᠬᠢᠭᠤᠯᠬᠤ ᠬᠡᠷᠡᠭᠲᠡᠶ ᠬᠡᠵᠡᠢ᠃      ᠰᠢᠮᠳᠠᠭᠤᠯᠤᠨ ᠪᠠᠶᠢᠴᠠᠭᠠᠬᠤ ᠶᠠᠪᠤᠴᠠ ᠳᠤ᠂ ᠶᠠᠩ ᠶᠢᠨ ᠪᠠᠰᠠ ᠵᠠᠮ ᠳᠠᠭᠠᠤ ᠵᠠᠮ ᠢ ᠵᠠᠰᠠᠬᠤ᠂ ᠲᠡᠷᠭᠡ ᠶᠢ ᠵᠠᠰᠠᠬᠤ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠬᠦᠴᠦᠲᠡᠢ ᠬᠡᠷᠡᠭᠵᠢᠭᠦᠯᠵᠦ᠂ ᠬᠦᠴᠦᠨ ᠢᠶᠠᠨ ᠲᠥᠪᠯᠡᠷᠡᠭᠦᠯᠵᠦ᠂ ︽ᠳᠤᠯᠤᠭ᠎ᠠ ᠶᠢ ᠵᠠᠰᠠᠬᠤ︾ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠯ᠎ᠡ ᠵᠦᠢᠯ ᠤᠨ ᠵᠠᠰᠠᠯᠲᠠ ᠶᠢᠨ ᠡᠭᠦᠷᠭᠡ ᠶᠢ ᠡᠷᠡᠰ ᠪᠡᠶᠡᠯᠡᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号