ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ  ᠲᠠᠩ ᠢ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2021/9/6
     9 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠳᠤ ᠶᠠᠮᠠᠷ ᠲᠤᠭ ᠢ ᠡᠷᠭᠦᠬᠦ᠂ ᠶᠠᠮᠠᠷ ᠵᠠᠮ ᠢᠶᠠᠷ ᠵᠠᠮᠨᠠᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠴᠡᠢ᠂ ᠡᠨᠡ ᠪᠣᠯ ᠨᠠᠮ ᠤᠨ ᠦᠨᠳᠦᠰᠦᠲᠡᠨ ᠤ ᠠᠵᠢᠯ ᠤᠨ ᠦᠢᠯᠡᠳᠦᠯᠭᠡ ᠶᠢᠨ ᠬᠠᠮᠤᠭ ᠤᠨ ᠰᠢᠨ᠎ᠡ ᠳ᠋ᠦᠩᠨᠡᠯᠲᠡ ᠪᠣᠯᠤᠨ᠎ᠠ᠂ ᠪᠢᠳᠡᠨ ᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠡᠦᠬᠡ ᠶᠢᠨ ᠵᠠᠶᠢᠯᠠᠰᠢ ᠦᠭᠡᠢ ᠴᠢᠨᠠᠷ᠂ ᠲᠦᠢᠯ ᠤᠨ ᠴᠢᠬᠤᠯᠠ ᠴᠢᠨᠠᠷ ᠪᠠ ᠠᠬᠤᠶᠢᠴᠢ ᠬᠠᠨᠳᠤᠯᠭᠠᠲᠤ ᠴᠢᠨᠠᠷ ᠢ ᠭᠦᠢᠴᠡᠳ ᠲᠠᠨᠢᠵᠤ ᠂ ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠦᠨᠳᠦᠰᠦᠲᠡᠨ ᠤ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠦᠨᠳᠦᠰᠦᠲᠡᠨ ᠤ ᠠᠵᠢᠯ ᠤᠨ ᠲᠤᠬᠠᠢ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠮᠠᠨ ᠤ ᠬᠤᠲᠠ ᠳᠤ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠲᠦᠯᠬᠢᠨ ᠠᠬᠢᠭᠤᠯᠬᠤ ᠬᠡᠷᠡᠭᠳᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠪᠠᠲᠤ ᠪᠠᠬᠢ ᠪᠤᠢ ᠪᠣᠯᠭᠠᠬᠤ ᠶᠢ ᠤᠯᠤᠰ ᠠᠷᠠᠳ ᠤᠨ ᠰᠤᠷᠭᠠᠨ ᠬᠥᠮᠦᠵᠢᠯ᠂ ᠺᠠᠳ᠋ᠷ ᠤᠨ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ ᠤᠨ ᠪᠦᠬᠦ ᠶᠠᠪᠤᠴᠠ ᠳᠤ ᠣᠷᠣᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠡᠯᠭᠡᠷᠡᠬᠦᠯᠦᠨ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠭᠤᠷᠪᠠᠨ ᠰᠠᠯᠵᠤ ᠴᠢᠳᠠᠬᠤ ᠦᠭᠡᠢ︾ ︽ᠲᠠᠪᠤᠨ ᠬᠠᠮᠲᠤ ᠶᠢᠨ ᠲᠠᠨᠢᠯᠳᠠ︾ ᠶᠢᠨ ᠦᠵᠡᠯ ᠰᠠᠨᠠᠭᠠᠨ ᠤ ᠰᠠᠭᠤᠷᠢ ᠶᠢ ᠦᠷᠭᠦᠯᠵᠢᠯᠡᠨ ᠪᠠᠲᠤ ᠪᠠᠬᠢ ᠴᠣᠭᠴᠠᠯᠠᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠲᠡᠭᠡᠷᠡᠭᠢ ᠴᠢᠬᠤᠯᠠ ᠶᠠᠷᠢᠶ᠎ᠠ ᠨᠢ ᠺᠠᠳ᠋ᠷᠴᠤᠳ ᠤᠨ ᠡᠩᠨᠡᠭᠡᠨ ᠤ ᠪᠠᠶᠢᠭᠤᠯᠤᠯᠲᠠ ᠪᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠳᠤ ᠴᠢᠬᠤᠯᠠ ᠵᠢᠷᠤᠮᠯᠠᠯ ᠬᠠᠩᠭᠠᠵᠤ᠂ ᠵᠠᠯᠠᠭᠤ ᠺᠠᠳ᠋ᠷᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢᠨ ᠴᠢᠬᠤᠯᠠ ᠵᠢᠯᠣᠭᠤᠳᠤᠮᠵᠢ ᠪᠣᠯᠤᠭᠰᠠᠨ ᠪᠠᠶᠢᠨ᠎ᠠ᠃ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢᠯᠠᠩᠭᠤᠶ᠎ᠠ ᠵᠠᠯᠠᠭᠤ ᠺᠠᠳ᠋ᠷᠴᠤᠳ ᠶᠡᠷᠦᠩᠬᠡᠢ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠭᠦᠨᠵᠡᠭᠡᠢ ᠣᠶᠢᠯᠠᠭᠠᠵᠤ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠲᠠᠯᠠᠷᠬᠠᠬᠤ ᠰᠡᠳᠬᠢᠯ᠂ ᠠᠵᠢᠯ ᠦᠢᠯᠡᠰ ᠲᠡᠭᠡᠨ ᠳᠠᠪᠰᠢᠬᠤ ᠰᠡᠳᠬᠢᠯ᠂ ᠬᠠᠤᠯᠢ ᠴᠠᠭᠠᠵᠠ ᠰᠠᠬᠢᠯᠭ᠎ᠠ ᠪᠠᠲᠤ ᠶᠢ ᠪᠢᠰᠢᠷᠡᠨ ᠵᠢᠷᠦᠬᠡᠰᠢᠶᠡᠬᠦ ᠰᠡᠳᠬᠢᠯᠭᠡ ᠪᠠᠨ ᠢᠮᠠᠭᠲᠠ ᠪᠠᠷᠢᠮᠲᠠᠯᠠᠵᠤ᠂ ᠢᠲᠡᠭᠡᠯ ᠵᠣᠷᠢᠭ ᠢᠶᠠᠷ ᠪᠠᠲᠤ᠂ ᠤᠯᠤᠰ ᠲᠦᠷᠦ ᠪᠠᠷ ᠴᠢᠩᠭ᠎ᠠ᠂ ᠡᠷᠳᠡᠮ ᠴᠢᠳᠠᠪᠤᠷᠢ ᠪᠠᠷ ᠥᠨᠳᠥᠷ᠂ ᠣᠪᠣᠷ ᠰᠤᠷᠲᠠᠯ ᠢᠶᠠᠷ ᠲᠦᠪ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠱᠠᠭᠠᠷᠳᠠᠯᠭ᠎ᠠ ᠶᠢ ᠡᠷᠡᠰ ᠦᠢᠯᠡᠳᠦᠯᠭᠡᠵᠢᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠶᠢ ᠨᠠᠰᠤᠨ ᠲᠤᠷᠰᠢᠳᠠ ᠶᠢᠨ ᠰᠡᠳᠦᠪ ᠢᠶᠠᠨ ᠪᠣᠯᠭᠠᠵᠤ᠂ ᠨᠠᠮᠴᠢ ᠴᠢᠨᠠᠷ ᠢᠶᠠᠷ ᠪᠡᠶ᠎ᠡ ᠪᠠᠨ ᠳᠠᠭᠠᠭᠠᠵᠤ ᠠᠵᠢᠯ ᠶᠠᠪᠤᠳᠠᠯ ᠬᠢᠬᠦ ᠶᠢ ᠪᠠᠷᠢᠮᠲᠠᠯᠠᠵᠤ᠂ ᠦᠨᠡᠨ ᠬᠦ ᠬᠠᠷᠢᠭᠤᠴᠠᠯᠭ᠎ᠠ ᠪᠠᠨ ᠰᠡᠳᠬᠢᠯ ᠠᠴᠠ ᠪᠠᠨ ᠮᠡᠳᠡᠵᠦ᠂ ᠥᠪᠡᠷ ᠤᠨ ᠪᠡᠶ᠎ᠡ ᠳᠡᠭᠡᠨ ᠡᠭᠦᠷᠭᠡᠯᠡᠵᠦ᠂ ᠬᠠᠷᠢᠭᠤᠴᠠᠯᠭ᠎ᠠ ᠪᠠᠨ ᠪᠣᠳᠠᠲᠤ ᠠᠵᠢᠯᠯᠠᠭ᠎ᠠ ᠳᠠᠭᠠᠨ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ᠃ ᠶᠡᠷᠦᠩᠬᠡᠢ ᠱᠦᠵᠢ ᠶᠢᠨ ᠰᠢᠨ᠎ᠡ ᠵᠢᠭᠠᠪᠤᠷᠢ ᠰᠢᠨ᠎ᠡ ᠱᠠᠭᠠᠷᠳᠠᠯᠭ᠎ᠠ ᠶᠢ ᠢᠯᠡᠳᠬᠡᠵᠦ᠂ ᠵᠠᠯᠠᠭᠤ ᠺᠠᠳ᠋ᠷᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠠᠷᠭ᠎ᠠ ᠵᠠᠮ ᠢ  ᠨᠢ ᠴᠢᠨᠠᠭᠰᠢᠳᠠ ᠥᠷᠭᠡᠳᠬᠡᠵᠦ᠂ ᠬᠠᠨᠳᠤᠯᠭᠠᠲᠤ ᠴᠢᠨᠠᠷᠲᠠᠢ ᠪᠠᠷ ᠬᠥᠮᠦᠵᠢᠭᠦᠯᠦᠨ ᠪᠣᠯᠪᠠᠰᠤᠷᠠᠭᠤᠯᠬᠤ ᠪᠠ ᠦᠢᠯᠡᠳᠦᠯᠭᠡ ᠶᠢᠨ ᠳᠠᠪᠲᠠᠯᠲᠠ ᠶᠢ ᠨᠢ ᠴᠢᠩᠭᠠᠳᠬᠠᠵᠤ᠂ ᠨᠢᠭᠡᠨ ᠰᠠᠯᠠᠭ᠎ᠠ ᠶᠡᠭᠡ ᠦᠢᠯᠡᠳᠦᠯᠭᠡ ᠲᠠᠢ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠺᠠᠳ᠋ᠷ ᠤᠨ ᠡᠩᠨᠡᠭᠡ ᠶᠢ ᠦᠨᠡᠨᠬᠦ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠯᠠᠩᠭᠤᠶ᠎ᠠ ᠵᠠᠯᠠᠭᠤ ᠺᠠᠳ᠋ᠷᠴᠤᠳ ᠲᠤᠰ ᠪᠡᠶ᠎ᠡ ᠶᠢᠨ ᠪᠣᠯᠪᠠᠰᠤᠷᠠᠯ ᠢᠶᠠᠨ ᠴᠢᠩᠭᠠᠳᠬᠠᠵᠤ᠂ ᠤᠷ᠎ᠠ ᠴᠢᠳᠠᠪᠤᠷᠢ ᠪᠠᠨ ᠳᠡᠭᠡᠭᠰᠢᠯᠡᠭᠦᠯᠦᠨ᠂ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠪᠠᠷ ᠴᠢᠷᠮᠠᠶᠢᠬᠤ ᠬᠡᠷᠡᠭᠲᠡᠶ ᠬᠡᠵᠡᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠾᠧᠪᠸᠢ ᠶᠢᠨ ᠴᠧᠩᠳᠧ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠨᠠᠮ ᠤᠨ ᠠᠭᠤᠤ ᠶᠡᠭᠡ ᠵᠣᠷᠢᠭ ᠰᠠᠨᠠᠭ᠎ᠠ ᠪᠣᠯ ᠥᠨᠢ ᠡᠭᠦᠷᠢᠳᠡ ᠨᠠᠮ ᠪᠣᠯᠤᠨ ᠤᠯᠤᠰ ᠤᠨ ᠡᠷᠬᠢᠮ ᠨᠠᠨᠳᠢᠨ ᠤᠶᠤᠨ ᠰᠠᠨᠠᠭᠠᠨ ᠤ ᠥᠪ ᠬᠦᠷᠦᠩᠭᠡ ᠮᠥᠨ︾ ᠵᠢᠴᠢ ᠪᠦᠬᠦ ᠣᠷᠣᠨ ᠤ ︽ᠵᠣᠬᠢᠶᠠᠨ ᠪᠠᠶᠢᠭᠤᠯᠬᠤ ᠠᠵᠢᠯ ᠢ ᠳᠡᠭᠡᠭᠰᠢᠯᠡᠭᠦᠯᠬᠦ ᠣᠨ︾ ᠵᠢᠴᠢ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号