ᠶᠠᠩ ᠶᠢᠨ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠠᠵᠢᠯ ᠢ ᠪᠠᠶᠢᠴᠠᠭᠠᠪᠡ
ᠨᠡᠶᠢᠲᠡᠯᠡᠭᠰᠡᠨ ᠴᠠᠭ᠄
2021/9/7
     9 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠡ᠃ ᠬᠤᠲᠠ ᠶᠢᠨ ᠳᠡᠳ᠋ ᠳᠠᠷᠤᠭ᠎ᠠ ᠭᠦᠸᠧ ᠢ ᠵᠢᠶᠧ ᠬᠠᠮᠲᠤ ᠪᠠᠷ ᠪᠠᠶᠢᠴᠠᠭᠠᠪᠠ᠃      ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠲᠠᠩᠰᠠᠯᠠᠯᠳᠠ ᠲᠥᠪ ᠤᠨ ᠬᠡᠷᠡᠭ ᠡᠷᠬᠢᠯᠡᠬᠦ ᠲᠢᠩᠬᠢᠮ ᠳᠤ᠂ ᠶᠠᠩ ᠶᠢᠨ ᠲᠤᠬᠠᠶ ᠶᠢᠨ ᠲᠠᠯᠠᠪᠠᠶ ᠳᠤ ᠬᠡᠷᠡᠭ ᠡᠷᠭᠢᠯᠡᠬᠦ ᠲᠢᠩᠬᠢᠮ ᠤᠨ ᠦᠢᠯᠡᠴᠢᠯᠡᠭᠡᠨ ᠤ ᠣᠷᠴᠢᠨ ᠲᠣᠭᠤᠷᠢᠨ᠂ ᠴᠤᠩᠬᠤᠪᠴᠢ ᠶᠢᠨ ᠪᠠᠶᠢᠷᠢᠯᠠᠭᠤᠯᠤᠯᠲᠠ᠂ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠶᠢ ᠪᠠᠶᠢᠴᠠᠭᠠᠵᠤ᠂ ᠲᠠᠩᠰᠠ ᠡᠪᠬᠡᠮᠡᠯ ᠪᠠ ᠴᠢᠬᠤᠯᠠ ᠨᠥᠬᠦᠴᠡᠯ ᠤᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠬᠦᠢᠴᠡᠳᠬᠡᠬᠦ ᠶᠠᠪᠤᠴᠠ᠂ ᠰᠢᠢᠳᠪᠦᠷᠢᠯᠡᠵᠦ ᠳᠠᠭᠤᠰᠬᠠᠬᠤ ᠴᠠᠭ᠂ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭᠲᠠᠶ ᠠᠷᠭ᠎ᠠ ᠬᠡᠮᠵᠢᠶ᠎ᠡ ᠪᠠ ᠠᠰᠠᠭᠤᠳᠠᠯ ᠲᠠᠢ ᠠᠰᠠᠷ ᠤᠨ ᠬᠡᠷ ᠤᠨ ᠦᠨᠡᠮᠯᠡᠯ ᠵᠡᠷᠭᠡ ᠪᠠᠶᠢᠳᠠᠯ ᠢ ᠨᠠᠷᠢᠨ ᠨᠢᠮᠪᠠᠶ ᠠᠰᠠᠭᠤᠨ ᠯᠠᠪᠯᠠᠬᠤ ᠶᠢᠨ ᠬᠠᠮᠲᠤ ᠬᠡᠷᠡᠭ ᠡᠷᠭᠢᠯᠡᠬᠦ ᠪᠠᠷ ᠢᠷᠡᠭᠰᠡᠨ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠶᠠᠮᠠᠷ ᠲᠤᠬᠠᠶᠢᠯᠠᠭᠰᠠᠨ ᠠᠵᠢᠯ ᠢ ᠬᠦᠢᠴᠡᠳᠬᠡᠵᠦ᠂ ᠠᠵᠢᠯ ᠤᠨ ᠦᠷ᠎ᠡ ᠪᠦᠲᠦᠮᠵᠢ ᠳᠤ ᠬᠠᠨᠤᠮᠵᠢᠲᠠᠶ ᠪᠠᠶᠢᠬᠤ ᠡᠰᠡᠬᠦ ᠶᠢ ᠠᠰᠠᠭᠤᠨ ᠯᠠᠪᠯᠠᠵᠠᠶ᠃      ᠶᠠᠩ ᠶᠢᠨ ᠴᠢᠬᠤᠯᠠᠴᠢᠯᠠᠭᠰᠠᠨ ᠨᠢ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ ᠪᠠᠶᠢᠳᠠᠭ ᠪᠣᠯᠬᠤᠷ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯᠳᠡ ᠶᠢ ᠪᠠᠷᠢᠮᠲᠠᠯᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ︽ᠨᠢᠭᠡ ᠰᠦᠯᠵᠢᠶ᠎ᠡ ᠪᠠᠷ ᠡᠷᠭᠢᠯᠡᠬᠦ᠂ ᠠᠯᠠᠭᠠᠨ ᠳᠡᠭᠡᠷ᠎ᠡ ᠬᠦᠢᠴᠡᠳᠬᠡᠬᠦ᠂ ᠨᠢᠭᠡ ᠯᠡ ᠤᠳᠠᠭ᠎ᠠ ᠳᠤ ᠬᠦᠢᠴᠡᠳᠬᠡᠬᠦ᠂ ᠲᠠᠨ ᠢ ᠬᠠᠪᠰᠤᠷᠤᠨ ᠬᠦᠢᠴᠡᠳᠬᠡᠬᠦ︾ ᠶᠢ ᠶᠡᠬᠡᠪᠡᠷ ᠳᠥᠯᠭᠢᠨ ᠠᠬᠢᠭᠤᠯᠵᠤ᠂ ᠠᠵᠢᠯ ᠤᠨ ᠴᠤᠪᠤᠷᠠᠯ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠬᠡᠷᠡᠭᠯᠡᠭᠡᠨ ᠤ ᠮᠡᠳᠡᠭᠡ ᠵᠠᠩᠭᠢᠴᠢᠯᠠᠯᠳᠠ ᠶᠢᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠲᠥᠬᠦᠮ ᠲᠠᠰ ᠳᠠᠷᠠᠭᠠᠯᠠᠯ᠂ ᠣᠯᠠᠨ ᠲᠦᠮᠡᠨ ᠳᠤ ᠲᠥᠬᠦᠮ ᠦᠵᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠶ᠃ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠨ ᠲᠦᠷᠭᠡᠳᠬᠡᠨ᠂ ᠬᠡᠷᠡᠭ ᠶᠠᠪᠤᠳᠠᠯ ᠬᠦᠢᠴᠡᠳᠬᠡᠬᠦ ᠶᠠᠪᠤᠴᠠ ᠪᠠᠨ ᠳᠥᠭᠦᠮᠴᠢᠯᠡᠵᠦ᠂ ᠬᠡᠷᠡᠭ ᠶᠠᠪᠤᠳᠠᠯ ᠬᠦᠢᠴᠡᠳᠬᠡᠬᠦ ᠣᠯᠠᠨ ᠲᠦᠮᠡᠨ ᠤ ᠨᠠᠰᠢ ᠴᠠᠰᠢ ᠭᠦᠶᠦᠬᠦ ᠠᠴᠠ ᠵᠠᠶᠢᠯᠠᠰᠬᠢᠵᠦ᠂ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ᠦᠯᠦ ᠬᠥᠳᠡᠯᠬᠦ ᠬᠦᠷᠦᠩᠭᠡ ᠶᠢ ᠳᠠᠩᠰᠠᠯᠠᠵᠤ ᠦᠨᠡᠮᠯᠡᠯ ᠠᠪᠬᠤ ᠳᠤ ᠬᠦᠴᠢᠷ᠂ ᠦᠨᠡᠮᠯᠡᠯ ᠠᠪᠬᠤ ᠳᠤ ᠤᠳᠠᠭᠠᠨ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠵᠡᠷᠭᠡ ᠲᠤᠪᠤᠶᠢᠮ᠎ᠠ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠵᠦ᠂ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号