ᠬᠠᠶᠢᠨᠠᠨ ᠲᠤᠭᠤᠷᠢᠭ ᠤᠨ ᠬᠤᠲᠠ ᠶᠢᠨ ᠲᠣᠭᠤᠷᠢᠭ ᠤᠨ ᠪᠠᠶᠠᠬᠤᠰᠣ ᠵᠡᠭᠡᠯᠢ ᠪᠠ ᠬᠠᠲᠤᠨ ᠭᠤᠤᠯ ᠵᠠᠮ ᠤᠨ ᠳ᠋ᠧᠩ ᠢ ᠥᠭᠡᠷᠡᠴᠢᠯᠡᠬᠦ ᠢᠨᠵᠧᠨᠧᠷᠢᠩ ᠤᠷᠤᠭᠰᠢᠲᠠᠶ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2021/9/8
     ᠬᠠᠶᠢᠨᠠᠨ ᠲᠤᠭᠤᠷᠢᠭ ᠤᠨ ᠬᠤᠲᠠ ᠶᠢᠨ ᠲᠣᠭᠤᠷᠢᠭ ᠤᠨ ᠪᠠᠶᠠᠬᠤᠰᠣ ᠵᠡᠭᠡᠯᠢ ᠪᠠ ᠬᠠᠲᠤᠨ ᠭᠤᠤᠯ ᠤᠨ ᠵᠠᠮ ᠤᠨ ᠳ᠋ᠧᠩ ᠢ ᠥᠭᠡᠷᠡᠴᠢᠯᠡᠬᠦ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ ᠨᠢ 510 ᠲᠦᠮᠡᠨ ᠲᠥᠭᠦᠷᠢᠭ ᠪᠠᠶᠢᠵᠤ᠂ 327 ᠰᠠᠭᠤᠷᠢ ᠵᠠᠮ ᠤᠨ ᠳ᠋ᠧᠩ ᠢ ᠰᠣᠯᠢᠬᠤ ᠪᠠᠷ ᠲᠥᠯᠥᠪᠯᠡᠵᠦ ᠪᠣᠶ᠃ 2020 ᠣᠨ ᠳᠤ ᠬᠠᠲᠤᠨ ᠭᠤᠤᠯ ᠵᠠᠮ ᠤᠨ 200 ᠰᠠᠭᠤᠷᠢ ᠵᠠᠮ ᠤᠨ ᠳ᠋ᠧᠩ ᠤᠨ ᠥᠭᠡᠷᠡᠴᠢᠯᠡᠯᠲᠡ ᠶᠢ ᠨᠢᠭᠡᠨᠲᠡ ᠪᠡᠶᠡᠯᠡᠭᠦᠯᠵᠦ᠂ 300 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠡᠨᠡ ᠵᠢᠯ ᠤᠨ 8 ᠰᠠᠷ᠎ᠠ ᠶᠢᠨ ᠡᠬᠢ ᠪᠠᠷ ᠬᠠᠶᠢᠨᠠᠨ ᠲᠤᠭᠤᠷᠢᠭ ᠤᠨ ᠬᠤᠲᠠ ᠶᠢᠨ ᠲᠣᠭᠤᠷᠢᠭ ᠤᠨ ᠪᠠᠶᠠᠬᠤᠰᠣ ᠵᠡᠭᠡᠯᠢ ᠶᠢᠨ ᠵᠠᠮ ᠤᠨ ᠳ᠋ᠧᠩ ᠢ ᠦᠷᠭᠦᠯᠵᠢᠯᠡᠨ ᠥᠭᠡᠷᠡᠴᠢᠯᠡᠵᠦ᠂ 127 ᠰᠠᠭᠤᠷᠢ ᠵᠠᠮ ᠤᠨ ᠳ᠋ᠧᠩ ᠢ ᠤᠭᠰᠠᠷᠠᠬᠤ ᠪᠠᠷ ᠲᠥᠯᠥᠪᠯᠡᠵᠦ ᠪᠣᠶ᠃ ᠣᠲᠣ ᠪᠣᠯᠲᠠᠯ᠎ᠠ᠂ 28 ᠰᠠᠭᠤᠷᠢ ᠵᠠᠮ ᠤᠨ ᠳ᠋ᠧᠩ ᠢ ᠤᠭᠰᠠᠷᠠᠬᠤ ᠪᠠ ᠴᠠᠬᠢᠯᠭᠠᠨ ᠳᠡᠭᠡᠰᠦ ᠪᠤᠯᠠᠵᠤ ᠲᠠᠯᠪᠢᠬᠤ ᠠᠵᠢᠯ ᠢ ᠨᠢᠭᠡᠨᠲᠡ ᠳᠠᠭᠤᠰᠬᠠᠵᠤ᠂ ᠵᠠᠮ ᠤᠨ ᠭᠠᠳᠠᠷᠭᠤ ᠶᠢᠨ ᠬᠠᠲᠠᠭᠤᠷᠠᠯ ᠢ ᠰᠡᠷᠭᠦᠭᠡᠵᠦ ᠪᠠᠶᠢᠨ᠎ᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号