ᠶᠠᠩ ᠶᠢᠨ ᠬᠤᠳᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠡ
ᠨᠡᠶᠢᠲᠡᠯᠡᠭᠰᠡᠨ ᠴᠠᠭ᠄
2021/9/8

   

     9 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ

᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ

ᠨᠢᠭᠡᠳᠦᠭᠡᠷ ᠬᠤᠭᠤᠴᠠᠭᠠᠨ ᠤ ᠶᠡᠷᠦᠩᠬᠡᠶᠢᠯᠡᠭᠰᠡᠨ ᠠᠰᠠᠷ ᠤᠨ ᠥᠭᠡᠷᠡᠴᠢᠯᠡᠯᠲᠡ ᠪᠠ ᠬᠠᠯᠳᠠᠪᠤᠷᠢᠲᠤ ᠴᠢᠨᠠᠷᠲᠠᠶ

ᠡᠪᠡᠳᠴᠢᠨ ᠤ ᠪᠥᠬᠦ ᠶᠠᠪᠤᠴᠠ ᠶᠢᠨ ᠰᠠᠯᠠᠭ᠎ᠠ ︵ᠬᠠᠯᠠᠭᠤᠷᠠᠯ ᠤᠨ ᠡᠭᠦᠳᠡᠨ ᠡᠮᠨᠡᠯᠭᠡ︶ ᠶᠢᠨ ᠲᠥᠷᠥᠯ ᠵᠦᠢᠯ ᠤᠨ

ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠳᠠ ᠶᠢᠨ ᠳᠡᠳ᠋ ᠳᠠᠷᠤᠭ᠎ᠠ

ᠬᠤᠤ ᠰᠢ ᠬᠤᠩ᠂ ᠭᠦᠸᠧ ᠢ ᠵᠢᠶᠧ ᠬᠠᠮᠲᠤᠪᠠᠷ ᠬᠢᠨᠠᠨ ᠵᠢᠯᠣᠭᠤᠳᠴᠤ ᠪᠠᠶᠢᠴᠠᠭᠠᠪᠠ᠃

     ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠳᠤ᠂ ᠶᠠᠩ ᠶᠢᠨ ᠨᠡᠷ ᠪᠠᠷᠢᠯᠭ᠎ᠠ ᠶᠢᠨ ᠭᠠᠵᠠᠷ ᠲᠤ

ᠭᠦᠨᠵᠡᠭᠡᠶᠢᠷᠡᠵᠦ᠂ ᠬᠤᠯᠪᠤᠭᠳᠠᠯ ᠪᠦᠬᠦᠢ ᠬᠠᠷᠢᠭᠤᠴᠠᠯᠭᠠᠲᠠᠨ ᠤ ᠦᠭᠡᠷᠡᠴᠢᠯᠡᠯᠳᠡ᠂ ᠬᠡᠷᠡᠭᠯᠡᠯᠳᠡ ᠶᠢᠨ ᠦᠨᠳᠦᠰᠦᠨ

ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠲᠥᠯᠥᠪᠵᠢᠭᠦᠯᠭᠡ ᠶᠢᠨ ᠵᠢᠷᠤᠭ᠂ ᠦᠷ᠎ᠡ

ᠪᠦᠲᠦᠭᠡᠯ ᠤᠨ ᠵᠢᠷᠤᠭ ᠢ ᠨᠠᠷᠢᠨ ᠨᠢᠮᠪᠠᠶ ᠦᠵᠡᠵᠦ᠂ ᠨᠢᠭᠡᠳᠦᠭᠡᠷ ᠬᠤᠭᠤᠴᠠᠭᠠᠨ ᠤ ᠶᠡᠷᠦᠩᠬᠡᠶᠢᠯᠡᠭᠰᠡᠨ ᠠᠰᠠᠷ ᠤᠨ

ᠥᠭᠡᠷᠡᠴᠢᠯᠡᠯᠲᠡ ᠶᠢᠨ ᠠᠬᠢᠴᠠ ᠪᠠ ᠬᠠᠯᠳᠠᠪᠤᠷᠢᠲᠤ ᠴᠢᠨᠠᠷᠲᠠᠶ ᠡᠪᠡᠳᠴᠢᠨ ᠤ ᠪᠥᠬᠦ ᠶᠠᠪᠤᠴᠠ ᠶᠢᠨ ᠰᠠᠯᠠᠭ᠎ᠠ ︵

ᠬᠠᠯᠠᠭᠤᠷᠠᠯ ᠤᠨ ᠡᠭᠦᠳᠡᠨ ᠡᠮᠨᠡᠯᠭᠡ︶ ᠶᠢᠨ ᠲᠠᠷᠬᠠᠯᠲᠠ ᠶᠢᠨ ᠪᠦᠲᠦᠴᠡ᠂ ᠠᠵᠢᠯᠯᠠᠭᠠᠨ ᠤ ᠶᠠᠪᠤᠴᠠ ᠪᠠ ᠡᠪᠡᠳᠴᠢᠨ

ᠡᠮᠭᠡᠭ᠂ ᠡᠮᠴᠢ ᠰᠤᠪᠢᠯᠠᠭᠴᠢ ᠶᠢᠨ ᠬᠠᠮᠢᠶᠠᠷᠤᠯᠲᠠ᠂ ᠠᠪᠤᠷᠠᠨ ᠵᠠᠰᠠᠬᠤ ᠲᠥᠬᠦᠭᠡᠷᠦᠮᠵᠢ ᠶᠢᠨ ᠬᠡᠷᠡᠭᠯᠡᠯᠲᠡ ᠵᠡᠷᠭᠡ

ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠣᠷᠣᠰᠢᠵᠤ ᠪᠠᠶᠢᠭ᠎ᠠ ᠬᠦᠴᠢᠷᠳᠡᠯ ᠪᠠ

ᠠᠰᠠᠭᠤᠳᠠᠯ ᠢ ᠨᠢ ᠲᠤᠬᠠᠶ ᠶᠢᠨ ᠲᠠᠯᠠᠪᠤᠷ ᠲᠤᠨᠢ ᠵᠣᠬᠢᠴᠠᠭᠤᠯᠤᠨ ᠰᠢᠢᠳᠪᠦᠷᠢᠯᠡᠪᠡ᠃

     ᠶᠠᠩ ᠶᠢᠨ ᠴᠢᠬᠤᠯᠠᠴᠢᠯᠠᠭᠰᠠᠨ ᠨᠢ᠂ ᠡᠮᠴᠢᠯᠡᠭᠡ ᠪᠣᠯ ᠠᠷᠠᠳ ᠤᠨ ᠠᠮᠢᠳᠤᠷᠠᠯ ᠤᠨ ᠬᠡᠷᠡᠭᠴᠡᠭᠡ ᠮᠥᠨ᠂

ᠠᠷᠠᠳ ᠣᠯᠠᠨ ᠤ ᠡᠷᠡᠭᠦᠯ ᠮᠡᠨᠳᠦ ᠳᠤ ᠬᠤᠯᠪᠣᠭᠳᠠᠵᠤ ᠪᠠᠶᠢᠳᠠᠭ᠃ ᠡᠯ᠎ᠡ ᠬᠤᠯᠪᠣᠭᠳᠠᠯ ᠪᠥᠬᠦᠶ ᠰᠠᠯᠠᠭ᠎ᠠ

ᠮᠥᠴᠢᠷ ᠤᠳ ᠦᠵᠡᠯ ᠰᠠᠨᠠᠭ᠎ᠠ ᠪᠠᠨ ᠨᠢᠭᠡᠳᠬᠡᠨ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂

ᠦᠢᠯᠡᠴᠢᠯᠡᠭᠡᠨ ᠤ ᠪᠠᠲᠤᠯᠠᠭ᠎ᠠ ᠪᠠᠨ ᠰᠠᠶᠢᠲᠤᠷ ᠬᠢᠵᠦ᠂ ᠬᠤᠯᠪᠤᠭᠳᠠᠯ ᠪᠥᠬᠦᠶ ᠲᠥᠷᠥ ᠶᠢᠨ ᠪᠣᠳᠣᠯᠭ᠎ᠠ ᠶᠢ ᠬᠦᠢᠴᠡᠳ

ᠰᠠᠶᠢᠲᠤᠷ ᠠᠰᠢᠭᠯᠠᠨ᠂ ᠰᠣᠳᠣᠨ ᠢᠨᠵᠧᠨᠧᠷᠢᠩ ᠢ ᠪᠣᠶ ᠪᠣᠯᠭᠠᠵᠤ᠂ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡᠨ ᠤ

ᠡᠬᠢ ᠪᠠᠶᠠᠯᠢᠭ ᠤᠨ ᠬᠠᠩᠭᠠᠯᠭ᠎ᠠ ᠪᠠᠨ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ ᠲᠥᠷᠥᠯ ᠵᠦᠢᠯ ᠤᠨ

ᠪᠥᠲᠥᠭᠡᠨ ᠪᠠᠶᠢᠭᠤᠯᠤᠯᠲᠠ ᠶᠢ ᠵᠢᠷᠤᠮᠵᠢᠭᠤᠯᠤᠨ ᠥᠷᠨᠢᠭᠦᠯᠵᠦ᠂ ᠤᠬᠠᠭᠠᠯᠠᠨ ᠨᠤᠲᠠᠯᠠᠬᠤ᠂ ᠳᠠᠭᠠᠭᠠᠴᠢᠯᠠᠯᠲᠠ ᠵᠠᠷᠯᠠᠨ

ᠬᠤᠳᠠᠯᠳᠤᠨ ᠠᠪᠬᠤ᠂ ᠡᠵᠡᠩᠨᠡᠯᠲᠡ ᠬᠠᠮᠢᠶᠠᠷᠤᠯᠲᠠ ᠵᠡᠷᠭᠡ ᠪᠥᠬᠦ ᠶᠠᠪᠤᠴᠠ ᠳᠤ᠂ ᠬᠠᠤᠯᠢ ᠲᠣᠭᠲᠠᠭᠠᠯ ᠶᠣᠰᠣᠭᠠᠷ

ᠠᠵᠢᠯ ᠶᠠᠪᠤᠳᠠᠯ ᠬᠦᠢᠴᠡᠳᠬᠡᠬᠦ ᠶᠢ ᠪᠠᠷᠢᠮᠲᠠᠯᠠᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠠᠩᠬᠠᠷᠬᠤ ᠬᠡᠷᠡᠭᠲᠡᠶ᠃

ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠢᠭ ᠢ ᠠᠮᠵᠢᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ

ᠰᠠᠬᠢᠬᠤ ᠪᠠ ᠡᠮᠴᠢᠯᠡᠭᠡᠨ ᠤ ᠡᠮᠬᠢ ᠳᠢᠭᠯᠢᠮ ᠢ ᠪᠠᠲᠤᠯᠠᠭᠰᠠᠨ ᠤᠷᠢᠲᠠᠯ ᠳᠣᠣᠷ᠎ᠠ᠂ ᠡᠷᠲᠡᠬᠡᠨ ᠠᠰᠢᠭᠯᠠᠯᠲᠠ ᠳᠤ

ᠣᠷᠣᠭᠤᠯᠬᠤ ᠶᠢ ᠪᠠᠲᠤᠯᠠᠬᠤ ᠬᠡᠷᠡᠭᠲᠡᠢ᠃ ᠡᠮᠨᠡᠯᠭᠡ ᠶᠢᠨ ᠬᠤᠷᠢᠶᠠᠨ ᠤ ᠬᠥᠭᠵᠢᠯᠲᠡ ᠶᠢ ᠨᠢᠭᠡᠳᠦᠯᠲᠡᠢ

ᠲᠥᠯᠥᠪᠵᠢᠭᠦᠯᠦᠨ ᠰᠦᠪᠡᠭᠴᠢᠯᠡᠵᠦ᠂ ᠡᠮᠨᠡᠯᠭᠡ ᠶᠢᠨ ᠬᠤᠷᠢᠶᠠᠨ ᠤ ᠵᠦᠢ ᠵᠣᠬᠢᠰᠲᠠᠢ ᠪᠠᠶᠢᠷᠢᠰᠢᠭᠤᠯᠤᠯᠲᠠ᠂

ᠡᠮᠨᠡᠯᠭᠡ ᠶᠢᠨ ᠬᠤᠷᠢᠶᠠᠨ ᠤ ᠲᠣᠭᠤᠷᠢᠭ ᠤᠨ ᠵᠠᠮ᠂ ᠲᠡᠷᠭᠡ ᠵᠣᠭᠰᠣᠬᠤ ᠵᠡᠷᠭᠡ ᠠᠰᠠᠭᠤᠳᠠᠯ ᠢ ᠶᠡᠷᠦᠩᠬᠡᠶᠢᠯᠡᠨ

ᠪᠣᠳᠣᠯᠬᠢᠯᠠᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠣᠶᠢᠯᠠᠭᠠᠯᠲᠠ ᠪᠠ ᠲᠦᠷᠦᠭᠳᠡᠯ ᠢ ᠲᠠᠰᠤᠷᠠᠯᠳᠡ ᠦᠭᠡᠢ

ᠳᠡᠭᠡᠭᠰᠢᠯᠡᠭᠦᠯᠬᠦ ᠬᠡᠷᠡᠭᠲᠡᠢ᠃ ᠬᠠᠯᠳᠠᠪᠤᠷᠢᠲᠤ ᠴᠢᠨᠠᠷᠲᠠᠶ ᠡᠪᠡᠳᠴᠢᠨ ᠤ ᠪᠥᠬᠦ ᠶᠠᠪᠤᠴᠠ ᠶᠢᠨ ᠰᠠᠯᠠᠭ᠎ᠠ ︵

ᠬᠠᠯᠠᠭᠤᠷᠠᠯ ᠤᠨ ᠡᠭᠦᠳᠡᠨ ᠡᠮᠨᠡᠯᠭᠡ︶ ᠶᠢᠨ ᠪᠠᠶᠢᠭᠤᠯᠤᠯᠲᠠ ᠶᠢᠨ ᠬᠤᠯᠪᠤᠭᠳᠠᠯ ᠪᠥᠬᠦᠶ ᠵᠢᠷᠤᠮᠵᠢᠯ ᠪᠠ ᠪᠠᠷᠢᠮᠵᠢᠶ᠎ᠠ ᠶᠢ

ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠡᠮᠨᠡᠯᠭᠡ ᠶᠢᠨ ᠬᠤᠷᠢᠶᠠᠨ ᠤ ᠲᠤᠲᠤᠷ᠎ᠠ ᠪᠠᠨ ᠬᠠᠯᠳᠠᠪᠤᠷᠢᠯᠠᠬᠤ ᠰᠡᠷᠭᠡᠶᠢᠯᠡᠯᠲᠡ

 ᠪᠠᠨ ᠦᠨᠡᠨᠬᠦ ᠰᠠᠶᠢᠲᠤᠷ ᠬᠢᠵᠦ᠂ ᠡᠯ᠎ᠡ ᠵᠦᠢᠯ ᠤᠨ ᠲᠦᠷᠢᠮ᠂ ᠠᠵᠢᠯᠯᠠᠭ᠎ᠠ ᠪᠠ ᠴᠤᠪᠤᠷᠠᠯ ᠢᠶᠠᠨ ᠲᠡᠭᠦᠯᠳᠡᠷᠵᠢᠭᠦᠯᠦᠨ᠂

ᠬᠠᠯᠠᠭᠤᠷᠠᠯ ᠤᠨ ᠡᠭᠦᠳᠡᠨ ᠡᠮᠨᠡᠯᠭᠡ ᠶᠢᠨ ︽ᠡᠮᠦᠨ᠎ᠡ ᠬᠠᠷᠠᠭᠤᠯ︾ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂

ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ

ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠳᠡᠢ ᠬᠡᠵᠡᠢ᠃

     ᠶᠠᠩ ᠶᠢᠨ ᠪᠠᠰᠠ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠬᠤᠶᠠᠳᠤᠭᠠᠷ ᠬᠤᠭᠤᠴᠠᠭᠠᠨ ᠤ

ᠣᠨᠣᠰᠢᠯᠠᠨ ᠡᠮᠨᠡᠬᠦ ᠲᠣᠮᠣ ᠠᠰᠠᠷ ᠤᠨ ᠬᠡᠷᠡᠭᠯᠡᠵᠦ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ

ᠦᠵᠡᠪᠡ᠃ ᠲᠡᠷᠡ ᠵᠢᠭᠠᠵᠤ ᠭᠠᠷᠭᠠᠭᠰᠠᠨ ᠨᠢ᠂ ᠡᠮᠴᠢᠯᠡᠭᠡ ᠶᠢᠨ ᠦᠢᠯᠡᠴᠢᠯᠡᠭᠡᠨ ᠤ ᠶᠠᠰᠤ ᠴᠢᠨᠠᠷ ᠢᠶᠠᠨ ᠳᠠᠰᠤᠷᠠᠯᠳᠠ

ᠦᠬᠡᠢ ᠳᠡᠭᠡᠭᠰᠢᠯᠡᠭᠦᠯᠵᠦ᠂ ᠣᠨᠣᠰᠢᠯᠠᠨ ᠡᠮᠨᠡᠬᠦ ᠦᠢᠯᠡᠴᠢᠯᠡᠭᠡᠨ ᠤ ᠶᠠᠪᠤᠴᠠ ᠪᠠᠨ ᠴᠢᠨᠠᠭᠰᠢᠳᠠ ᠰᠢᠯᠢᠳᠡᠭᠵᠢᠭᠦᠯᠵᠦ᠂

ᠮᠡᠳᠡᠭᠡ ᠵᠠᠩᠭᠢᠴᠢᠯᠠᠯᠳᠠ ᠶᠢᠨ ᠪᠠᠶᠢᠭᠤᠯᠤᠯᠲᠠ ᠪᠠᠨ ᠠᠬᠢᠭᠤᠯᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠨ

ᠴᠢᠩᠭᠠᠳᠬᠠᠵᠤ᠂ ᠰᠢᠨᠵᠢᠯᠡᠭᠡᠨ ᠤ ᠰᠠᠯᠠᠭ᠎ᠠ ᠶᠢᠨ ᠣᠨᠴᠠᠯᠢᠭ ᠢᠶᠠᠨ ᠳᠤᠪᠤᠶᠢᠯᠭᠠᠵᠤ᠂ ᠴᠢᠳᠠᠪᠤᠷᠢᠲᠠᠨ ᠢ ᠬᠥᠮᠦᠵᠢᠭᠦᠯᠬᠦ

 ᠪᠠᠨ ᠴᠢᠩᠭᠠᠳᠬᠠᠵᠤ᠂ ᠡᠮᠴᠢᠯᠡᠭᠡᠨ ᠤ ᠮᠡᠷᠭᠡᠵᠢᠯ ᠤᠨ ᠲᠦᠪᠰᠢᠨ᠂ ᠬᠠᠮᠢᠶᠠᠷᠤᠯᠲᠠ ᠶᠢᠨ ᠲᠦᠪᠰᠢᠨ᠂

ᠦᠢᠯᠡᠴᠢᠯᠡᠭᠡᠨ ᠤ ᠴᠢᠳᠠᠪᠤᠷᠢ ᠪᠠᠨ ᠳᠠᠰᠤᠷᠠᠯᠳᠠ ᠦᠬᠡᠢ ᠳᠡᠭᠡᠭᠰᠢᠯᠡᠭᠦᠯᠵᠦ᠂ ᠠᠷᠠᠳ ᠤᠯᠠᠨ ᠳᠤ ᠴᠢᠨᠠᠷ ᠰᠠᠶᠢᠲᠠᠢ᠂

ᠥᠨᠳᠥᠷ ᠲᠦᠪᠰᠢᠨ ᠪᠦᠬᠦᠢ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ ᠬᠡᠵᠡᠢ᠃  

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号