ᠶᠠᠩ ᠶᠢᠨ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠪᠥᠬᠦ ᠪᠠᠶᠢᠷᠢ ᠳᠤ ᠰᠠᠭᠤᠬᠤ ᠲᠦᠷᠢᠮ ᠤᠨ ᠥᠭᠡᠷᠡᠴᠢᠯᠡᠯᠲᠡ ᠶᠢᠨ ᠠᠵᠢᠯ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2021/9/8

   

     9 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ

ᠬᠤᠲᠠ ᠶᠢᠨ ᠳᠠᠷᠤᠭ᠎ᠠ ᠶᠠᠩ ᠶᠢᠨ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠳᠤ ᠬᠦᠷᠴᠦ ᠡᠩ ᠤᠨ

ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠥᠬᠦ ᠪᠠᠶᠢᠷᠢ ᠳᠤ ᠰᠠᠭᠤᠬᠤ ᠲᠦᠷᠢᠮ ᠤᠨ ᠥᠭᠡᠷᠡᠴᠢᠯᠡᠯᠲᠡ ᠶᠢᠨ

ᠠᠵᠢᠯ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠯᠳᠠ ᠬᠢᠪᠡ᠃ ᠬᠤᠳᠠ ᠶᠢᠨ ᠳᠡᠳ᠋ ᠳᠠᠷᠤᠭ᠎ᠠ ᠬᠤᠤ

ᠰᠢ ᠬᠤᠩ᠂ ᠭᠦᠸᠧ ᠢ ᠵᠢᠶᠧ ᠬᠠᠮᠲᠤᠪᠠᠷ ᠪᠠᠶᠢᠴᠠᠭᠠᠪᠠ᠃

     ᠬᠤᠳᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠳᠤ᠂ ᠶᠠᠩ ᠶᠢᠨ ᠨᠡᠷ ᠰᠤᠷᠭᠠᠭᠤᠯᠢ ᠶᠢᠨ ᠬᠦᠷᠢᠶᠡᠨ ᠤ

ᠣᠷᠴᠢᠨ ᠲᠣᠭᠤᠷᠢᠨ ᠪᠣᠯᠤᠨ ᠪᠠᠶᠢᠷᠢ᠂ ᠤᠩᠰᠢᠯᠭ᠎ᠠ ᠶᠢᠨ ᠦᠷᠦᠭᠡ᠂ ᠰᠤᠷᠭᠠᠭᠤᠯᠢ ᠶᠢᠨ ᠬᠦᠷᠢᠶᠡᠨ ᠤ ᠨᠣᠮ ᠤᠨ

ᠦᠷᠦᠭᠡ ᠵᠡᠷᠭᠡ ᠲᠠᠯᠠᠪᠤᠷ ᠢ ᠪᠠᠶᠢᠴᠠᠭᠠᠨ ᠦᠵᠡᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠭᠠᠨ

᠂ ᠪᠠᠭᠰᠢ ᠶᠢᠨ ᠡᠩᠨᠡᠭᠡ᠂ ᠰᠠᠭᠤᠷᠢ ᠪᠦᠳᠦᠭᠡᠨ ᠪᠠᠶᠢᠭᠤᠯᠤᠯᠲᠠ᠂ ︽ᠬᠤᠶᠠᠷ ᠢ ᠬᠦᠩᠭᠡᠷᠡᠬᠦᠯᠬᠦ︾ ᠠᠵᠢᠯ ᠵᠡᠷᠭᠡ

ᠪᠠᠶᠢᠳᠠᠯ ᠢ ᠨᠠᠷᠢᠨ ᠣᠶᠢᠯᠠᠭᠠᠵᠤ᠂ ᠪᠦᠬᠦ ᠪᠠᠶᠢᠷᠢ ᠳᠤ ᠰᠠᠭᠤᠬᠤ ᠲᠦᠷᠢᠮ ᠢ ᠥᠭᠡᠷᠡᠴᠢᠯᠡᠬᠦ ᠠᠵᠢᠯ ᠢ ᠠᠬᠢᠭᠤᠯᠤᠭᠰᠠᠨ

ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠠᠢ᠃

     ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠥᠬᠦ ᠪᠠᠶᠢᠷᠢ ᠳᠤ ᠰᠠᠭᠤᠬᠤ ᠲᠦᠷᠢᠮ ᠤᠨ

ᠥᠭᠡᠷᠡᠴᠢᠯᠡᠯᠲᠡ ᠪᠣᠯ ᠮᠠᠨ ᠤ ᠬᠤᠲᠠ ᠶᠢᠨ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾

ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠳᠤᠮᠳᠠᠬᠢ ᠨᠢᠭᠡ ᠵᠦᠢᠯ ᠤᠨ ᠭᠤᠤᠯᠳᠠᠯᠭ᠎ᠠ ᠲᠠᠢ ᠠᠷᠠᠳ ᠤᠨ

ᠠᠮᠢᠳᠤᠷᠠᠯ ᠤᠨ ᠪᠣᠳᠠᠲᠠᠶ ᠠᠵᠢᠯ ᠤᠨ ᠲᠥᠷᠥᠯ ᠵᠦᠢᠯ ᠮᠥᠨ᠂ ᠣᠳᠣᠬᠠᠨ ᠳᠤ ᠲᠣᠰ ᠠᠵᠢᠯ ᠢ ᠶᠠᠭ ᠡᠮᠬᠢ

ᠵᠢᠷᠤᠮ ᠲᠠᠢ ᠳᠥᠯᠭᠢᠨ ᠠᠬᠢᠭᠤᠯᠵᠤ ᠪᠠᠶᠢᠨ᠎ᠠ᠃

     ᠶᠠᠩ ᠶᠢᠨ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠪᠥᠬᠦ ᠪᠠᠶᠢᠷᠢ ᠳᠤ ᠰᠠᠭᠤᠬᠤ

ᠲᠦᠷᠢᠮ ᠤᠨ ᠥᠭᠡᠷᠡᠴᠢᠯᠡᠯᠲᠡ ᠶᠢᠨ ᠠᠵᠢᠯ ᠢ ᠨᠤᠲᠠᠯᠠᠵᠤ᠂ ᠡᠩ ᠤᠨ ᠥᠨᠳᠥᠷ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠪᠠᠶᠢᠷᠢ ᠳᠤ ᠰᠠᠭᠤᠬᠤ ᠲᠦᠷᠢᠮ ᠤᠨ ᠥᠭᠡᠷᠡᠴᠢᠯᠡᠯᠲᠡ ᠶᠢᠨ ᠠᠵᠢᠯ ᠢ ᠬᠡᠷᠡᠭᠵᠢᠭᠦᠯᠬᠦ ᠨᠢ

ᠰᠤᠷᠭᠠᠭᠤᠯᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ

ᠪᠠᠶᠢᠭᠤᠯᠬᠤ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ᠂ ᠰᠤᠷᠭᠠᠭᠤᠯᠢ ᠶᠢᠨ

ᠠᠭᠤᠯᠤᠭᠳᠠᠬᠤᠨ ᠤ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ᠂ ᠣᠯᠠᠨ

ᠲᠦᠮᠡᠨ ᠳᠤ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠡᠯ᠎ᠡ ᠲᠣᠭᠤᠷᠢᠭ ᠡᠯ᠎ᠡ

ᠬᠤᠯᠪᠤᠭᠳᠠᠯ ᠪᠦᠬᠦᠢ ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ᠰᠢ ᠶᠢᠨ ᠫᠢᠩ ᠶᠡᠷᠦᠩᠬᠡᠶ ᠱᠦᠵᠢ ᠶᠢᠨ

ᠰᠤᠷᠭᠠᠨ ᠬᠥᠮᠦᠵᠢᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠵᠤ᠂ ᠰᠤᠷᠭᠠᠨ

ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠰᠡᠳᠬᠢᠯ ᠢᠶᠠᠨ ᠨᠢᠭᠡᠳᠬᠡᠨ

ᠬᠦᠴᠦ ᠪᠠᠨ ᠬᠠᠮᠲᠤᠳᠬᠠᠵᠤ᠂ ᠨᠢᠭᠲᠠ ᠬᠠᠮᠵᠢᠯᠴᠠᠨ᠂ ᠶᠠᠭ ᠥᠷᠨᠢᠭᠦᠯᠵᠦ ᠪᠠᠶᠢᠭ᠎ᠠ ︽ᠪᠢ ᠣᠯᠠᠨ ᠲᠦᠮᠡᠨ ᠳᠤ

ᠪᠣᠳᠠᠲᠠᠶ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠡᠩ ᠤᠨ

ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠥᠬᠦ ᠪᠠᠶᠢᠷᠢ ᠳᠤ ᠰᠠᠭᠤᠬᠤ ᠲᠦᠷᠢᠮ ᠤᠨ ᠥᠭᠡᠷᠡᠴᠢᠯᠡᠯᠲᠡ ᠶᠢᠨ

ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠥᠨᠳᠥᠷ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢᠨ ᠳᠡᠭᠡᠭᠰᠢᠯᠡᠯᠲᠡ ᠶᠢ ᠠᠬᠢᠭᠤᠯᠬᠤ

ᠬᠡᠷᠡᠭᠳᠡᠢ᠃ ᠰᠤᠷᠭᠠᠭᠤᠯᠢ ᠶᠢᠨ ᠬᠦᠷᠢᠶᠡᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠᠨ

ᠴᠢᠩᠭᠠᠳᠬᠠᠵᠤ᠂ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠣᠷᠴᠢᠨ ᠲᠣᠭᠤᠷᠢᠨ ᠢᠶᠠᠨ ᠭᠤᠶᠤᠵᠢᠭᠤᠯᠵᠤ᠂

ᠰᠣᠶᠣᠯ ᠤᠨ ᠪᠠᠶᠢᠭᠤᠯᠤᠯᠲᠠ ᠪᠠᠨ ᠳᠡᠭᠡᠭᠰᠢᠯᠡᠭᠦᠯᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ

ᠪᠦᠬᠦ ᠪᠠᠶᠢᠷᠢ ᠳᠤ ᠰᠠᠭᠤᠬᠤ ᠳᠦᠷᠢᠮᠲᠦ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠡᠷᠡᠭᠴᠡᠭᠡ ᠶᠢ ᠦᠨᠡᠨᠬᠦ

ᠬᠠᠩᠭᠠᠬᠤ ᠬᠡᠷᠡᠭᠲᠡᠢ᠃ ᠰᠤᠷᠤᠭᠴᠢᠳ ᠤᠨ ᠪᠡᠶ᠎ᠡ ᠰᠡᠳᠬᠢᠴᠡ ᠶᠢᠨ ᠣᠨᠴᠠᠯᠢᠭ ᠢ ᠦᠨᠳᠦᠰᠦᠯᠡᠨ᠂ ᠰᠢᠨᠵᠢᠯᠡᠬᠦ

ᠤᠬᠠᠭᠠᠨᠴᠢ ᠰᠤᠷᠭᠠᠨ ᠬᠥᠮᠦᠵᠢᠯ ᠤᠨ ᠵᠢᠮ᠎ᠡ ᠶᠣᠰᠣ᠂ ᠵᠢᠭᠠᠨ ᠰᠤᠷᠭᠠᠬᠤ ᠠᠷᠭ᠎ᠠ ᠪᠠ ᠰᠤᠷᠤᠯᠴᠠᠬᠤ ᠠᠷᠭ᠎ᠠ ᠮᠠᠶ᠋ᠢᠭ

 ᠢᠶᠠᠨ ᠨᠠᠷᠢᠨ ᠬᠢᠨᠠᠮᠠᠭᠠᠶ ᠳ᠋ᠦᠩᠨᠡᠵᠦ᠂ ᠰᠤᠷᠤᠭᠴᠢᠳ ᠤᠨ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ

ᠰᠠᠶᠢᠬᠠᠨ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠰᠤᠷᠤᠭᠴᠢᠳ ᠤᠨ

ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠤᠭᠴᠢᠳ ᠢ

ᠬᠥᠲᠥᠯᠥᠨ ᠵᠢᠯᠣᠭᠤᠳᠴᠤ ᠪᠠᠶᠢᠭᠠᠳ ᠣᠷᠴᠢᠨ ᠲᠣᠭᠤᠷᠢᠨ ᠤ ᠬᠤᠪᠢᠷᠠᠯᠲᠠ ᠳᠤ ᠵᠣᠬᠢᠴᠠᠭᠤᠯᠤᠨ᠂ ᠠᠮᠢᠳᠤᠷᠠᠯ ᠤᠨ

ᠳᠤᠮᠳᠠᠬᠢ ᠰᠠᠯᠬᠢ ᠪᠣᠷᠣᠭᠠᠨ ᠪᠠ ᠨᠤᠭᠤᠷᠠᠯ ᠪᠦᠳᠦᠷᠢᠯ ᠳᠤ ᠵᠥᠪ ᠢᠶᠠᠷ ᠬᠠᠨᠳᠤᠵᠤ᠂ ᠳᠠᠷᠤᠯᠲᠠ ᠶᠢ ᠳᠠᠭᠠᠭᠠᠬᠤ

ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠠᠳᠠᠨ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂

ᠡᠷᠡᠭᠦᠯ ᠴᠢᠭᠢᠷᠠᠭ ᠪᠠᠶᠠᠷ ᠪᠠᠶᠠᠰᠬᠤᠯᠠᠩᠲᠠᠶ ᠪᠠᠷ ᠦᠰᠦᠨ ᠪᠤᠶᠢᠵᠢᠬᠤ ᠪᠣᠯᠭᠠᠬᠤ ᠬᠡᠷᠡᠭᠲᠡᠶ᠃ ︽ᠬᠤᠶᠠᠷ ᠢ

ᠬᠦᠩᠭᠡᠷᠡᠬᠦᠯᠬᠦ︾ ᠠᠵᠢᠯ ᠤᠨ ᠱᠠᠭᠠᠷᠳᠠᠯᠭ᠎ᠠ ᠶᠢ ᠪᠦᠷᠢᠨ ᠪᠦᠲᠦᠨ ᠣᠨᠣᠪᠴᠢᠲᠠᠶ ᠨᠠᠶᠢᠳᠠᠪᠤᠷᠢᠵᠢᠭᠤᠯᠵᠤ᠂

ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠤᠯ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠴᠢᠩᠭᠠᠳᠬᠠᠨ᠂

ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠤᠷᠭᠠᠭᠤᠯᠢ ᠶᠢᠨ ᠳᠣᠲᠣᠷᠠᠬᠢ ᠰᠤᠷᠭᠠᠨ ᠬᠥᠮᠦᠵᠢᠯ

 ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ

ᠬᠠᠩᠭᠠᠯᠭ᠎ᠠ ᠪᠠᠨ ᠪᠠᠶᠠᠯᠢᠭᠵᠢᠭᠤᠯᠤᠨ᠂ ᠰᠤᠷᠤᠭᠴᠢᠳ ᠤᠨ ᠰᠤᠷᠭᠠᠭᠤᠯᠢ ᠶᠢᠨ ᠳᠣᠲᠣᠷ᠎ᠠ ᠪᠠᠨ ᠬᠦᠢᠴᠡᠳ

ᠰᠤᠷᠤᠯᠴᠠᠵᠤ ᠰᠠᠶᠢᠨ ᠰᠤᠷᠤᠯᠴᠠᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠡᠢ᠃  

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号