ᠶᠠᠭ ᠰᠠᠶᠢᠬᠠᠨ ᠬᠤᠷᠠᠯᠳᠤᠵᠤ ᠪᠠᠶᠢᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠷ | ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠦᠬᠠᠶ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠶᠠᠩ ᠶᠢᠨ ᠢᠯᠡᠷᠭᠡᠶᠢᠯᠡᠭᠰᠡᠨ ᠨᠢ᠂ ᠠᠷᠠᠳ ᠲᠤ ᠪᠤᠶᠠᠨ ᠦᠢᠯᠡᠳᠬᠦ ᠶᠢ ᠠᠯᠢᠪᠠ ᠠᠵᠢᠯ ᠤᠨ ᠢᠶᠠᠨ ᠡᠭᠦᠰᠭᠡᠯ ᠪᠠ | ᠲᠡᠭᠦᠰᠬᠡᠯ ᠪᠣᠯᠭᠠᠵᠤ᠂ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠳᠤᠲᠠᠭᠤᠳᠠᠯ ᠢᠶᠠᠨ ᠲᠦᠷᠭᠡᠨ | ᠨᠥᠬᠦᠪᠥᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠢ ᠪᠠᠲᠤᠯᠠᠨ᠂ ᠪᠤᠶᠠᠨ ᠵᠢᠷᠭᠠᠯ ᠢ ᠨᠢ | ᠨᠡᠮᠡᠭᠳᠡᠭᠦᠯᠵᠦ᠂ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤᠯᠠᠵᠤ᠂ ᠬᠠᠮᠲᠤ ᠪᠠᠷ ᠪᠠᠶᠠᠵᠢᠬᠤ ᠶᠢᠨ ᠬᠤᠰᠢᠭᠤᠴᠢ | ᠬᠤᠲᠠ ᠶᠢ ᠴᠢᠷᠮᠠᠶᠢᠨ ᠪᠠᠶᠢᠭᠤᠯᠤᠨ᠎ᠠ ᠭᠡᠵᠡᠶ᠃ | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ᠂ ᠦᠬᠠᠶ ᠬᠤᠲᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ᠃ ᠰᠢᠨᠬᠤᠸᠠ ᠰᠦᠯᠵᠢᠶ᠎ᠡ ᠨᠡᠶᠢᠳᠡᠯᠡᠪᠡ | ︵ᠵᠣᠣ ᠾᠦᠢ ᠰᠡᠭᠦᠳᠡᠷᠯᠡᠪᠡ︶ | ᠶᠠᠩ ᠶᠢᠨ ᠭᠡᠯᠡᠭᠰᠡᠨ ᠨᠢ᠂ 2022 ᠣᠨ ᠳᠤ ᠦᠬᠠᠢ ᠬᠤᠳᠠ ᠶᠢᠨ ᠬᠢᠨ ᠪᠣᠳᠠᠲᠠᠢ ᠳᠤ ᠰᠠᠭᠤᠷᠢᠯᠠᠵᠤ᠂ ᠨᠢᠮᠪᠠᠢ | ᠲᠥᠯᠥᠪᠵᠢᠭᠦᠯᠵᠦ᠂ ᠨᠠᠷᠢᠯᠢᠭ ᠪᠦᠳᠦᠬᠡᠨ ᠪᠠᠶᠢᠭᠤᠯᠵᠤ᠂ ᠨᠠᠷᠢᠯᠢᠭ ᠬᠠᠮᠢᠶᠠᠷᠴᠤ᠂ ᠬᠤᠳᠠ ᠶᠢᠨ ᠲᠣᠭᠤᠷᠢᠭ ᠤᠨ ᠶᠠᠰᠤ | ᠴᠢᠨᠠᠷ ᠢ ᠳᠡᠭᠡᠭᠰᠢᠯᠡᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠡᠷᠭᠡᠪᠡᠷ ᠬᠦᠴᠦᠯᠡᠬᠦ ᠶᠢ | ᠠᠬᠢᠭᠤᠯᠵᠤ᠂ ᠬᠤᠳᠠ ᠶᠢᠨ ᠲᠣᠭᠤᠷᠢᠭ᠂ ᠲᠠᠷᠢᠶᠠᠯᠠᠬᠤ ᠣᠷᠣᠨ ᠢ ᠣᠷᠭᠠᠨᠢᠭ ᠢᠶᠠᠷ ᠠᠭᠤᠰᠤᠯᠴᠠᠭᠤᠯᠬᠤ ᠶᠢ ᠠᠬᠢᠭᠤᠯᠵᠤ᠂ | ᠬᠤᠳᠠ ᠬᠥᠳᠡᠭᠡ ᠶᠢ ᠨᠢᠭᠡ ᠴᠤᠬᠴᠠᠵᠢᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠲᠦᠷᠭᠡᠨ ᠪᠠᠶᠢᠭᠤᠯᠤᠨ᠎ᠠ᠃ | ᠨᠡᠮᠡᠭᠳᠡᠯ ᠢ ᠲᠣᠭᠲᠠᠪᠤᠷᠢᠵᠢᠭᠤᠯᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠢᠶᠠᠨ ᠨᠡᠮᠡᠭᠳᠡᠯ ᠢ | ᠲᠣᠭᠲᠠᠪᠤᠷᠢᠵᠢᠭᠤᠯᠬᠤ ᠶᠢᠨ ᠲᠣᠭᠤᠷᠢᠨ ᠳᠤ ᠥᠷᠨᠢᠭᠦᠯᠵᠦ᠂ ᠠᠷᠭ᠎ᠠ ᠬᠡᠮᠵᠢᠶ᠎ᠡ ᠪᠠᠨ ᠨᠡᠮᠡᠭᠳᠡᠯ ᠢ | ᠲᠣᠭᠲᠠᠪᠤᠷᠢᠵᠢᠭᠤᠯᠬᠤ ᠶᠢᠨ ᠲᠣᠭᠤᠷᠢᠨ ᠳᠤ ᠬᠡᠷᠡᠭᠵᠢᠭᠦᠯᠵᠦ᠂ ᠴᠢᠬᠤᠯᠠ ᠡᠯᠧᠮᠧᠨ᠋ᠲ ᠢ ᠨᠡᠮᠡᠭᠳᠡᠯ ᠢ | ᠲᠣᠭᠲᠠᠪᠤᠷᠢᠵᠢᠭᠤᠯᠬᠤ ᠶᠢᠨ ᠲᠣᠭᠤᠷᠢᠨ ᠳᠤ ᠲᠥᠪᠯᠡᠷᠡᠭᠦᠯᠵᠦ᠂ ᠪᠦᠲᠦᠮᠵᠢᠲᠡᠶ ᠪᠡᠯᠡ ᠣᠷᠣᠭᠤᠯᠤᠯᠲᠠ ᠪᠠᠨ | ᠢᠳᠡᠪᠬᠢᠲᠡᠶ ᠪᠠᠷ ᠥᠷᠭᠡᠳᠬᠡᠵᠦ᠂ ᠬᠡᠷᠡᠭᠯᠡᠭᠡ ᠶᠢᠨ ᠦᠷᠭᠦᠯᠵᠢᠯᠡᠨ ᠰᠡᠷᠭᠦᠬᠦ ᠶᠢ ᠠᠬᠢᠭᠤᠯᠵᠤ᠂ ᠰᠢᠨ᠎ᠡ ᠨᠡᠮᠡᠭᠳᠡᠯ ᠤᠨ | ᠴᠢᠭ ᠢ ᠲᠠᠰᠤᠷᠠᠯᠳᠠ ᠦᠭᠡᠢ ᠪᠤᠶᠢᠵᠢᠭᠤᠯᠵᠤ᠂ ᠠᠵᠤ ᠠᠬᠤᠶ ᠶᠢᠨ ᠦᠨᠳᠦᠰᠦᠨ ᠪᠠᠶᠢᠳᠠᠯ ᠢ ᠨᠡᠩ ᠯᠠᠪᠳᠠᠭᠤᠨ ᠨᠡᠩ | ᠪᠠᠲᠤ ᠪᠠᠬᠢ ᠪᠣᠯᠭᠠᠨ᠎ᠠ᠃ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠶᠡᠭᠡ ᠬᠦᠴᠦ | ᠣᠷᠣᠭᠤᠯᠵᠤ ᠪᠠᠶᠢᠭᠠᠳ ᠪᠦᠲᠦᠴᠡ ᠪᠠᠨ ᠲᠣᠬᠢᠷᠠᠭᠤᠯᠬᠤ᠂ ᠴᠢᠳᠠᠮᠵᠢ ᠪᠠᠨ ᠬᠤᠪᠢᠷᠠᠭᠤᠯᠬᠤ᠂ ᠶᠠᠰᠤ ᠴᠢᠨᠠᠷ ᠢᠶᠠᠨ | ᠳᠡᠭᠡᠭᠰᠢᠯᠡᠭᠦᠯᠬᠦ ᠶᠢ ᠪᠠᠷᠢᠮᠲᠠᠯᠠᠵᠤ᠂ ᠠᠵᠤ ᠦᠢᠯᠡᠰ ᠤᠨ ᠰᠠᠭᠤᠷᠢ ᠪᠠᠨ ᠳᠡᠭᠡᠳᠦ ᠳᠡᠰ ᠪᠣᠯᠭᠠᠬᠤ᠂ ᠠᠵᠤ ᠦᠢᠯᠡᠰ ᠤᠨ | ᠬᠡᠯᠬᠢᠶ᠎ᠡ ᠪᠠᠨ ᠣᠳᠣᠬᠢᠴᠢᠯᠠᠬᠤ ᠶᠢ ᠲᠦᠷᠭᠡᠪᠴᠢᠯᠡᠨ ᠠᠬᠢᠭᠤᠯᠤᠨ᠎ᠠ᠃ ︽ᠭᠤᠷᠪᠠ ᠶᠢ ᠬᠤᠪᠢᠷᠠᠭᠤᠯᠬᠤ︾ | ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠣᠷᠴᠢᠨ ᠲᠣᠭᠤᠷᠢᠨ ᠢ ᠲᠠᠬᠢᠨ | ᠰᠢᠯᠢᠳᠡᠭᠵᠢᠭᠦᠯᠬᠦ᠂ ᠥᠭᠡᠷᠡᠴᠢᠯᠡᠯᠲᠡ ᠶᠢᠨ ᠲᠠᠯ᠎ᠠ ᠪᠠᠷ ᠲᠠᠬᠢᠨ ᠪᠣᠭᠤᠮᠲᠠ ᠰᠢᠪᠲᠤᠯᠬᠤ᠂ ᠨᠡᠭᠡᠭᠡᠯᠳᠡ ᠶᠢ ᠲᠠᠬᠢᠨ | ᠥᠷᠭᠡᠳᠬᠡᠬᠦ ᠶᠢ ᠴᠥᠬᠦᠷᠡᠰᠢ ᠦᠭᠡᠢ ᠠᠬᠢᠭᠤᠯᠵᠤ᠂ ︽ᠬᠢᠯᠢ ᠳᠠᠭᠠᠤ ᠬᠤᠳᠠ ᠪᠢᠰᠢ᠂ ᠳᠠᠯᠠᠢ ᠲᠠᠭᠠᠣ ᠣᠷᠣᠨ ᠪᠢᠰᠢ︾ | ᠬᠡᠰᠡᠨ ᠠᠰᠢᠭ ᠦᠭᠡᠢ ᠪᠠᠶᠢᠳᠠᠯ ᠢ ︽ᠲᠦᠷᠪᠡᠨ ᠲᠠᠯ᠎ᠠ ᠪᠠᠷ ᠢᠶᠠᠨ ᠢᠯᠭᠤᠮ ᠤᠷᠤᠭᠰᠢᠳᠠᠢ︾ ᠳᠠᠪᠠᠭᠤᠯᠢᠭ ᠪᠣᠯᠭᠠᠨ | ᠬᠤᠪᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠨ᠎ᠡ ᠭᠡᠵᠡᠢ᠃ |