ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠠᠩ ᠢ᠄ ᠠᠵᠤ ᠦᠢᠯᠡᠰ ᠤᠨ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠲᠤ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2022/1/27
     ᠲᠠᠩ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠦᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ᠄      ᠲᠡᠷᠢᠭᠦᠯᠡᠭᠴᠢ ᠸᠠᠩ ᠯᠢ ᠰᠢᠶᠠ ᠶᠢᠨ ᠬᠢᠭᠰᠡᠨ ᠠᠵᠢᠯ ᠤᠨ ᠢᠯᠡᠳᠭᠡᠯ ᠳᠤ ᠦᠬᠠᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠪᠢᠳᠡᠨ ᠢ ᠣᠳᠣᠬᠠᠨ ᠤ ᠪᠠ ᠬᠤᠶᠢᠰᠢᠳᠠ ᠶᠢᠨ ᠠᠵᠢᠯ ᠢᠶᠠᠨ ᠰᠠᠶᠢᠲᠤᠷ ᠬᠢᠬᠦ ᠴᠢᠭᠯᠡᠯ ᠢ ᠨᠡᠩ ᠲᠣᠳᠣᠷᠬᠠᠢ ᠪᠣᠯᠭᠠᠵᠤ᠂ ᠰᠡᠳᠬᠢᠯ ᠵᠢᠷᠦᠬᠡᠨ ᠳᠡᠭᠡᠨ ᠨᠡᠩ ᠢᠲᠡᠭᠡᠯ ᠵᠣᠷᠢᠭ ᠲᠠᠢ ᠪᠣᠯᠭᠠᠵᠤ᠂ ᠴᠤᠭ ᠰᠦᠯᠳᠡ ᠪᠠᠨ ᠨᠡᠩ ᠬᠥᠪᠴᠢᠯᠡᠪᠡ᠃ ᠦᠬᠠᠢ ᠬᠤᠳᠠ ᠶᠢᠨ ᠬᠢᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠯᠠᠪᠳᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠳᠠᠪᠬᠢ ᠶᠢᠨ ᠪᠠᠶᠢᠷᠢ ᠲᠣᠭᠲᠠᠭᠠᠯᠲᠠ ᠶᠢᠨ ᠰᠠᠭᠤᠷᠢᠨ ᠳᠡᠭᠡᠷ᠎ᠡ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ ᠰᠠᠶᠢᠲᠤᠷ ᠠᠳᠬᠤᠬᠤ ᠨᠢ ᠮᠠᠨ ᠤ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ ᠪᠣᠯᠤᠨ ᠴᠢᠨᠠᠷ ᠰᠠᠶᠢᠳᠠᠢ ᠵᠠᠰᠠᠯᠲᠠ ᠶᠢ ᠦᠨᠡᠨᠬᠦ ᠪᠡᠶᠡᠯᠡᠭᠦᠯᠬᠦ ᠬᠠᠷᠠᠯᠳᠠ ᠮᠦᠨ᠃ ᠢᠯᠠᠩᠭᠤᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠲᠣᠳᠣᠷᠬᠠᠢ ᠲᠣᠭᠲᠠᠭᠠᠭᠰᠠᠨ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠰᠠᠶᠢᠲᠤᠷ ᠠᠳᠬᠤᠬᠤ ᠶᠢ ᠮᠠᠨ ᠤ ᠠᠵᠢᠯ ᠤᠨ ᠢᠶᠠᠨ ᠵᠢᠷᠤᠮᠯᠠᠯ ᠪᠣᠯᠭᠠᠵᠤ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠭᠡᠬᠦ ᠡᠨᠡᠬᠦ ᠭᠤᠣᠯ ᠱᠤᠭᠤᠮ ᠢ ᠳᠤᠪᠤᠶᠢᠯᠭᠠᠵᠤ᠂ ᠮᠠᠨ ᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃      ᠪᠢᠳᠠ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠴᠢᠬᠤᠯᠠ ᠶᠡᠭᠡ ᠠᠵᠠ ᠲᠣᠬᠢᠶᠠᠯ ᠢ ᠰᠠᠶᠢᠲᠤᠷ ᠡᠵᠡᠮᠳᠡᠵᠦ᠂ ᠪᠣᠬᠢᠷᠲᠤᠯ ᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠶᠢ ᠬᠠᠮᠵᠢᠯᠴᠠᠭᠤᠯᠤᠨ ᠴᠢᠩᠭᠠᠳᠬᠠᠵᠤ᠂ ᠠᠵᠤ ᠦᠢᠯᠡᠰ ᠤᠨ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃ ᠨᠢᠭᠡ ᠲᠠᠯ᠎ᠠ ᠪᠠᠷ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠠᠰ ᠳᠡᠪᠰᠢᠬᠦ ᠶᠢ ᠶᠡᠭᠡ ᠪᠠᠷ ᠳᠥᠯᠭᠢᠨ ᠠᠬᠢᠭᠤᠯᠵᠤ᠂ ᠨᠡᠭᠦᠷᠡᠰᠦ ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠲᠡᠰ ᠲᠡᠪᠰᠢᠬᠦᠯᠦᠨ ᠳᠡᠭᠡᠭᠰᠢᠯᠡᠭᠦᠯᠬᠦ᠂ ᠬᠡᠯᠬᠢᠶ᠎ᠡ ᠪᠠᠨ ᠤᠷᠲᠤᠳᠬᠠᠨ ᠴᠢᠩᠭᠠᠷᠠᠭᠤᠯᠬᠤ ᠶᠢ ᠲᠦᠷᠭᠡᠳᠬᠡᠨ ᠠᠬᠢᠭᠤᠯᠵᠤ᠂ ᠪᠦᠲᠦᠴᠡ ᠪᠠᠨ ᠳᠣᠭᠢᠷᠠᠭᠤᠯᠤᠨ᠂ ᠴᠢᠳᠠᠮᠵᠢ ᠪᠠᠨ ᠬᠤᠪᠢᠷᠠᠭᠤᠯᠵᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠦᠵᠦᠭᠦᠷᠴᠢᠯᠡᠬᠦ᠂ ᠪᠣᠬᠢᠷᠲᠤᠯ ᠥᠬᠡᠶ ᠪᠣᠯᠭᠠᠬᠤ᠂ ᠤᠶᠤᠨᠴᠢᠯᠠᠬᠤ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠨᠦᠬᠦᠭᠡ ᠲᠠᠯ᠎ᠠ ᠪᠠᠷ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠰᠠᠯᠭᠢ ᠬᠡᠷᠡᠯ ᠤᠰᠤᠲᠥ᠋ᠷᠥᠭᠴᠢ ᠡᠨᠧᠷᠭᠢ ᠶᠢ ᠨᠥᠭᠡᠴᠡᠯᠡᠨ ᠬᠡᠷᠡᠭᠯᠡᠬᠦ ᠶᠢ ᠨᠢᠭᠡ ᠴᠤᠬᠴᠠᠵᠢᠭᠤᠯᠤᠬᠰᠠᠨ ᠰᠢᠨ᠎ᠡ ᠡᠨᠧᠷᠭᠢ᠂ ᠵᠠᠳᠠᠷᠠᠵᠤ ᠪᠣᠯᠬᠤ ᠰᠦᠯᠢᠶᠣᠣ ᠪᠠᠷ ᠭᠤᠣᠯ ᠴᠢᠭᠯᠡᠯ ᠪᠣᠯᠭᠠᠭᠰᠠᠨ ᠰᠢᠨ᠎ᠡ ᠮᠠᠲ᠋ᠧᠷᠢᠶᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠠᠭᠤᠷᠢᠨ ᠢ ᠬᠦᠴᠦᠯᠡᠨ ᠪᠠᠶᠢᠭᠤᠯᠵᠤ᠂ ᠪᠦᠬᠦ ᠤᠯᠤᠰ ᠤᠨ ᠨᠥᠯᠥᠭᠡᠯᠡᠬᠦ ᠬᠦᠴᠦᠨ ᠪᠠ ᠦᠷᠢᠰᠦᠯᠳᠦᠬᠦ ᠬᠦᠴᠦᠨ ᠲᠠᠢ ᠣᠷᠣᠨ ᠪᠦᠰᠡ ᠶᠢᠨ ᠤᠨᠴᠠᠯᠢᠭᠳᠤ ᠠᠵᠤ ᠦᠢᠯᠡᠰ ᠤᠨ ᠪᠦᠯᠦᠭᠵᠢᠯ ᠢ ᠲᠦᠷᠭᠡᠨ ᠪᠦᠷᠢᠯᠳᠦᠭᠦᠯᠵᠦ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号