ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠦᠨ ᠰᠢᠶᠠ ᠶᠢ ᠰᠣᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2022/10/28
    — ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠦᠨ ᠰᠢᠶᠠ ᠶᠢ ᠰᠣᠷᠪᠤᠯᠵᠢᠯᠠᠭᠰᠠᠨ ᠨᠢ      ᠤᠶᠢᠷ᠎ᠠ ᠳᠤ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠦᠨ ᠰᠢᠶᠠ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠦᠶ᠎ᠡ ᠳᠤ᠂ ︽ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠬᠥᠮᠦᠰ ᠤᠨ ᠰᠡᠳᠬᠢᠯ ᠢ ᠵᠣᠷᠢᠭᠵᠢᠭᠤᠯᠵᠤ᠂ ᠰᠢᠨ᠎ᠡ ᠠᠶᠠᠨ ᠤ ᠠᠤᠭ᠎ᠠ ᠵᠢᠷᠤᠭ ᠲᠥᠰᠦᠪ ᠬᠥᠮᠦᠰ ᠤᠨ ᠤᠷᠮ᠎ᠠ ᠵᠣᠷᠢᠭ ᠢ ᠬᠥᠭᠵᠢᠭᠡᠨ᠎ᠡ᠃ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠨᠢ ᠪᠢᠳᠡᠨ ᠤ ᠰᠢᠨ᠎ᠡ ᠰᠢᠯᠭᠠᠯᠲᠠ ᠳᠤ ᠣᠷᠣᠯᠴᠠᠬᠤ ᠵᠠᠮ ᠢᠶᠠᠷ ᠣᠮᠤᠭ ᠲᠡᠭᠦᠯᠳᠡᠷ ᠢᠶᠠᠷ ᠰᠠᠶᠢᠲᠤᠷ ᠵᠠᠮᠨᠠᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠦᠵᠡᠯ ᠰᠠᠨᠠᠭᠠᠨ ᠤ ᠵᠢᠯᠤᠭᠤᠳᠤᠯᠭ᠎ᠠ ᠪᠠ ᠠᠵᠢᠯᠯᠠᠭᠠᠨ ᠤ ᠵᠦᠭᠯᠡᠭᠦᠷ ᠬᠠᠩᠭᠠᠵᠤ᠂ ᠨᠠᠮᠠᠶᠢ ᠲᠦᠢᠯ ᠢᠶᠠᠷ ᠵᠣᠷᠢᠭᠵᠢᠭᠤᠯᠵᠤ᠂ ᠲᠦᠢᠯ ᠢᠶᠠᠷ ᠤᠷᠮᠠᠰᠢᠭᠤᠯᠪᠠ︾ ᠬᠡᠵᠦ ᠬᠡᠯᠡᠪᠡ᠃      ᠶᠦᠨ ᠰᠢᠶᠠ ᠬᠡᠯᠡᠭᠰᠡᠨ ᠨᠢ᠂ ︽ᠶᠡᠷᠦᠩᠬᠡᠶ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ᠳᠡᠭᠡᠨ᠂ ᠪᠦᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ᠂ ᠭᠤᠣᠯᠴᠢ ᠪᠥᠭᠡᠳ ᠨᠢᠭᠡᠳᠦᠯᠲᠡᠶ᠂ ᠠᠮᠤᠷ ᠲᠦᠪᠰᠢᠨ ᠪᠥᠭᠡᠳ ᠵᠢᠷᠤᠮᠵᠢᠭᠤᠨ᠂ ᠦᠷᠭᠦᠯᠵᠢᠯᠡᠬᠦ ᠣᠯᠠᠨ ᠳᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠳᠡᠢ ᠬᠡᠵᠦ ᠵᠢᠭᠠᠵᠤ ᠭᠠᠷᠭᠠᠵᠠᠢ᠃ ᠲᠠᠷᠠᠭᠠᠴᠢ ᠶᠢᠨ ᠠᠯᠬᠤᠮ ᠳᠤ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠡᠮᠴᠢᠯᠡᠭᠡᠨ ᠤ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠲᠤᠯᠭᠠᠮ᠎ᠠ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠲᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠠᠷᠠᠳ ᠤᠯᠠᠨ ᠤ ᠪᠠᠴᠢᠮ ᠬᠦᠴᠢᠷ ᠵᠤᠪᠠᠨᠢᠯ ᠡᠷᠡᠮᠡᠯᠵᠡᠯ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠡᠮᠴᠢᠯᠡᠭᠡᠨ ᠤ ᠳᠠᠭᠠᠳᠬᠠᠯ᠂ ᠡᠮᠴᠢᠯᠡᠭᠡᠨ ᠤ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠠᠷᠠᠳ ᠤᠯᠠᠨ ᠤ ︿ᠡᠪᠡᠳᠴᠢᠨ ᠦᠵᠡᠭᠦᠯᠬᠦ ᠵᠣᠭᠤᠰ﹀ ︿ᠠᠮᠢ ᠠᠪᠤᠷᠠᠬᠤ ᠵᠣᠭᠤᠰ﹀ ᠢ ᠦᠷᠭᠦᠯᠵᠢᠯᠡᠨ ᠰᠠᠶᠢᠲᠤᠷ ᠰᠠᠬᠢᠨ ᠬᠠᠮᠠᠭᠠᠯᠠᠵᠤ᠂ ᠤᠯᠠᠨ ᠲᠦᠮᠡᠨ ᠳᠤ ᠨᠡᠩ ᠤᠯᠠᠨ ᠡᠮᠴᠢᠯᠡᠭᠡᠨ ᠤ ᠪᠠᠲᠤᠯᠠᠭ᠎ᠠ ᠶᠢᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠲᠠᠢ ᠪᠣᠯᠭᠠᠵᠤ᠂ ᠡᠮᠴᠢᠯᠡᠭᠡᠨ ᠤ ᠳᠠᠭᠠᠳᠬᠠᠯ ᠤᠨ ᠠᠷᠠᠳ ᠲᠦᠮᠡᠨ ᠤ ᠲᠥᠯᠥᠭᠡ ᠦᠢᠯᠡᠴᠢᠯᠡᠬᠦ ᠰᠢᠨ᠎ᠡ ᠬᠠᠭᠤᠳᠠᠰᠤ ᠶᠢ ᠪᠢᠴᠢᠭᠯᠡᠨ᠎ᠡ︾ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号