ᠡᠪ ᠬᠠᠮᠲᠤ ᠵᠠᠯᠠᠭᠤᠴᠤᠳ ᠤᠨ ᠡᠪᠯᠡᠯ ᠤᠨ ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠢᠤᠸᠠᠨ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2022/10/28
    — ᠡᠪ ᠬᠠᠮᠲᠤ ᠵᠠᠯᠠᠭᠤᠴᠤᠳ ᠤᠨ ᠡᠪᠯᠡᠯ ᠤᠨ ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠢᠤᠸᠠᠨ ᠢ ᠰᠤᠷᠪᠤᠯᠵᠢᠯᠠᠭᠰᠠᠨ ᠨᠢ         ᠤᠢᠢᠷ᠎ᠠ ᠳᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠬᠠᠢ ᠬᠤᠳᠠ ᠶᠢᠨ ᠬᠤᠷᠢᠶᠠᠨ ᠤ ᠱᠦᠵᠢ ᠸᠠᠩ ᠵᠢᠤᠸᠠᠨ ᠰᠤᠷᠪᠤᠯᠵᠢᠯᠠᠭᠴᠢ ᠶᠢᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠬᠦ ᠦᠶ᠎ᠡ ᠳᠤ᠂ ︽ᠰᠢ ᠶᠢᠨ ᠫᠢᠩ ᠶᠡᠷᠦᠩᠬᠡᠶ ᠱᠦᠵᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ ᠵᠢᠭᠠᠵᠤ ᠭᠠᠷᠭᠠᠭᠰᠠᠨ ᠨᠢ᠂ ᠥᠷᠭᠡᠨ ᠤᠯᠠᠨ ᠵᠠᠯᠠᠭᠤᠴᠤᠳ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠬᠦᠰᠡᠯ ᠵᠡᠭᠦᠳᠦ ᠲᠠᠢ ᠪᠥᠭᠡᠳ ᠯᠠᠪᠳᠠᠭᠤᠨ ᠪᠠᠲᠤᠲᠠᠢ ᠠᠵᠢᠯᠯᠠᠵᠤ᠂ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠬᠢᠬᠦ ᠪᠥᠭᠡᠳ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠵᠦ᠂ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ᠂ ᠬᠦᠴᠢᠷ ᠵᠣᠪᠠᠭᠤᠷᠢ ᠶᠢ ᠠᠮᠰᠠᠵᠤ ᠴᠢᠳᠠᠳᠠᠭ᠂ ᠴᠢᠷᠮᠠᠶᠢᠨ ᠲᠡᠮᠡᠴᠡᠳᠡᠭ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠣᠯᠬᠤ ᠪᠠᠷ ᠵᠣᠷᠢᠭ ᠰᠢᠭᠤᠳᠴᠤ᠂ ᠵᠠᠯᠠᠭᠤ ᠨᠠᠰᠣᠨ ᠤ ᠭᠡᠷᠡᠯ ᠰᠠᠴᠤᠷᠠᠩᠭᠤᠢ ᠴᠡᠴᠡᠭ ᠢᠶᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠭᠠᠯ ᠬᠠᠯᠠᠭᠤᠨ ᠦᠢᠯᠡᠳᠦᠯᠭᠡ ᠶᠢᠨ ᠳᠤᠮᠳᠠ ᠪᠠᠳᠠᠷᠠᠭᠤᠯᠤᠨ ᠲᠡᠯᠭᠡᠷᠡᠬᠦᠯᠬᠦ ᠬᠡᠷᠡᠭᠲᠡᠢ ᠭᠡᠵᠡᠢ᠃ ᠵᠠᠯᠠᠭᠤᠴᠤᠳ ᠪᠣᠯᠪᠠᠰᠤ ᠤᠯᠤᠰ ᠤᠨ ᠰᠦᠭ ᠰᠦᠨᠡᠰᠦ ᠪᠤᠯᠠᠢ᠃ ᠤᠯᠤᠰ ᠤᠨ ᠬᠦᠰᠡᠯ ᠡᠷᠡᠮᠡᠯᠵᠡᠯ ᠵᠠᠯᠠᠭᠤᠴᠤᠳ ᠲᠤ ᠪᠤᠢ᠂ ᠦᠨᠳᠦᠰᠦᠲᠡᠨ ᠤ ᠢᠷᠡᠭᠡᠳᠦᠢ ᠵᠠᠯᠠᠭᠤᠴᠤᠳ ᠲᠤ ᠪᠤᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠠᠴᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠵᠠᠯᠠᠭᠤ ᠨᠢᠭᠡ ᠦᠶ᠎ᠡ ᠶᠢᠨ ᠬᠢᠨ ᠪᠠ ᠵᠠᠯᠠᠭᠤᠴᠤᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠪᠢᠳᠠ ᠭᠦᠨᠵᠡᠭᠡᠢ ᠣᠶᠢᠯᠠᠭᠠᠪᠠ︾ ᠭᠡᠵᠡᠢ᠃      ᠸᠠᠩ ᠵᠢᠤᠸᠠᠨ ᠬᠡᠯᠡᠭᠰᠡᠨ ᠨᠢ᠂ ᠨᠠᠮ ᠤᠨ ᠲᠤᠬ ᠤᠨ ᠵᠢᠭᠠᠭᠰᠠᠨ ᠴᠢᠭᠯᠡᠯ ᠪᠤᠯ ᠲᠠᠷᠣᠢ ᠡᠪᠯᠡᠯ ᠤᠨ ᠲᠤᠬ ᠤᠨ ᠵᠢᠭᠠᠭᠰᠠᠨ ᠴᠢᠭᠯᠡᠯ ᠪᠣᠯᠤᠨ᠎ᠠ᠃ ᠬᠤᠲᠠ ᠶᠢᠨ ᠡᠪᠯᠡᠯ ᠤᠨ ᠬᠤᠷᠢᠶ᠎ᠠ ᠠᠴᠠ ᠪᠦᠬᠦ ᠬᠤᠲᠠ ᠶᠢᠨ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠬᠦᠳᠦᠯᠦᠨ ᠳᠠᠭᠠᠭᠤᠯᠵᠤ ᠪᠠᠶᠢᠭᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠭᠤᠯᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠬᠤ ᠪᠣᠯᠤᠨ᠎ᠠ᠃ ᠥᠷᠭᠡᠨ ᠣᠯᠠᠨ ᠡᠪᠯᠡᠯ ᠤᠨ ᠺᠠᠳ᠋ᠷ᠂ ᠡᠪᠯᠡᠯ ᠤᠨ ᠭᠡᠰᠢᠭᠦᠨ ᠵᠠᠯᠠᠭᠤᠴᠤᠳ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠨᠠᠮ ᠢᠶᠠᠨ ᠬᠠᠶᠢᠷᠠᠯᠠᠬᠤ᠂ ᠨᠠᠮ ᠢᠶᠠᠨ ᠬᠦᠷᠢᠶᠡᠯᠡᠬᠦ ᠡᠮᠦᠨ᠎ᠡ ᠡᠩᠨᠡᠭᠡᠨ ᠳᠤ ᠶᠠᠪᠤᠵᠤ᠂ ᠤᠯᠤᠰ ᠢᠶᠠᠨ ᠬᠠᠶᠢᠷᠠᠯᠠᠵᠤ ᠤᠯᠤᠰ ᠲᠠᠭᠠᠨ ᠵᠢᠳᠬᠦᠬᠦ ᠡᠮᠦᠨ᠎ᠡ ᠡᠩᠨᠡᠭᠡᠨ ᠳᠤ ᠶᠠᠪᠤᠵᠤ᠂ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ ᠡᠮᠦᠨ᠎ᠡ ᠡᠩᠨᠡᠭᠡᠨ ᠳᠤ ᠶᠠᠪᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠳᠤ ᠢᠮᠠᠭᠲᠠ ᠲᠤᠤᠱᠯᠠᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠡᠰᠢᠬᠦᠳ᠂ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠤᠨ ᠤᠯᠤᠰ ᠲᠦᠷᠦ ᠶᠢᠨ ᠰᠡᠬᠡᠭᠡᠷᠡᠭᠦᠯᠦᠯ ᠪᠠ ᠦᠵᠡᠯ ᠰᠠᠨᠠᠭᠠᠨ ᠤ ᠵᠢᠯᠤᠭᠤᠳᠤᠯᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠠᠵᠢᠯ ᠲᠦᠷᠦᠯ᠂ ᠡᠯ᠎ᠡ ᠬᠦᠷᠢᠶᠡᠨ ᠤ ᠥᠷᠭᠡᠨ ᠤᠯᠠᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠨᠠᠮ ᠤᠨ ᠵᠠᠯᠠᠭᠤᠴᠤᠳ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠪᠤᠯᠵᠤ᠂ ᠮᠠᠨ ᠤ ᠬᠤᠳᠠ ᠶᠢᠨ ︽ᠭᠤᠷᠪᠠᠨ ᠴᠢᠨᠠᠷ ᠰᠠᠶᠢᠳᠠᠢ︾ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号