ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 33 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/14
     11 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 33 ᠳ᠋ᠤᠭᠠᠷ ᠣᠳᠠᠭᠠᠨ ᠤ ᠬᠤᠷᠠᠯ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠤᠭᠳᠠᠯ ᠪᠦᠬᠦᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃      ᠬᠤᠷᠠᠯ ᠠᠴᠠ 11 ᠰᠠᠷ᠎ᠠ ᠶᠢᠨ 10 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠳᠦᠷᠤ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠪᠦᠭᠦ ᠤᠯᠤᠰ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠣᠳᠠᠰᠣᠳᠣ ᠬᠤᠷᠠᠯ ᠤᠨ ᠵᠣᠷᠢᠭ ᠰᠠᠨᠠᠭ᠎ᠠ ᠪᠠ ᠳᠦᠷᠤ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠣᠨᠢᠨ ᠳᠡᠭᠡᠷ᠎ᠡ ᠨᠢ ᠰᠠᠶᠢᠠ ᠬᠢᠬᠦ ᠲᠤᠬᠠᠶ ᠮᠡᠳᠡᠭᠳᠡᠯ︾ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠵᠢᠭᠰᠠᠭᠠᠯ ᠤᠨ ᠭᠠᠵᠠᠷ ᠢᠶᠠᠨ ᠪᠠᠲᠤ ᠰᠠᠬᠢᠵᠤ᠂ ᠡᠴᠦᠰ ᠲᠤᠨᠢ ᠲᠤᠯᠲᠠᠯ᠎ᠠ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠵᠦᠪ ᠣᠨᠣᠪᠴᠢᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠤᠷᠢᠨ ᠵᠦᠢᠯ ᠤᠨ ᠠᠷᠭ᠎ᠠ ᠬᠡᠮᠵᠢᠶ᠎ᠡ ᠯᠦᠭᠡ ᠪᠥᠬᠦ ᠲᠠᠯ᠎ᠠ ᠪᠠᠷ ᠪᠠᠷᠢᠮᠵᠢᠶᠠᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠳᠣᠭᠢᠷᠠᠭᠤᠯᠤᠨ ᠲᠡᠭᠦᠯᠳᠡᠷᠵᠢᠭᠦᠯᠵᠦ᠂ ᠨᠠᠷᠢᠨ ᠣᠨᠣᠪᠴᠢᠲᠠᠶ ᠤᠬᠠᠭᠤᠯᠤᠨ ᠲᠠᠶᠢᠯᠪᠤᠷᠢᠯᠠᠵᠤ᠂ ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠶ ᠬᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠸᠢᠳᠢᠣ᠋ ᠪᠠᠷ ᠲᠤᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠪᠣᠯᠤᠨ ︽ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠢ ᠮᠡᠳᠡᠭᠳᠡᠯ︾ ᠢ ᠤᠯᠠᠮᠵᠢᠯᠠᠵᠤ᠂ ᠪᠦᠬᠦ ᠬᠤᠳᠠ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠣᠨᠣᠰᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠰᠡᠷᠭᠡᠭ ᠲᠠᠨᠢᠯᠲᠠ ᠲᠠᠢ ᠪᠠᠶᠢᠵᠤ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠵᠦ᠂ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠵᠤ᠂ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠳᠤ ᠬᠤᠷᠳᠤᠴᠠ ᠪᠠᠨ ᠳᠡᠭᠡᠭᠰᠢᠯᠡᠭᠦᠯᠦᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ︽ᠦᠬᠠᠢ ᠬᠤᠳᠠ ᠶᠢᠨ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠴᠡᠭᠴᠡᠯᠡᠨ ᠰᠠᠶᠢᠵᠢᠷᠠᠭᠤᠯᠬᠤ ᠲᠥᠰᠦᠯ︾ ︽ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠵᠢᠴᠢ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠨᠠᠷᠢᠨ ᠳᠠᠩᠰᠠ︾ ᠶᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号