ᠪᠥᠬᠦ ᠬᠤᠲᠠ ︽ᠨᠠᠢᠮᠠᠳᠣᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠭᠤᠤᠯᠯᠠᠭᠴᠢ ᠬᠦᠴᠦᠨ ᠤ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2022/11/15
     ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠂ ᠬᠤᠲᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠬᠤᠷᠢᠶᠠᠨ ᠤ ᠬᠠᠤᠯᠢ ᠶᠢ ᠰᠠᠬᠢᠵᠤ ᠬᠠᠤᠯᠢ ᠶᠢ ᠲᠦᠭᠡᠮᠡᠯᠵᠢᠭᠦᠯᠬᠦ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠬᠠᠮᠲᠤᠷᠠᠨ ᠪᠦᠬᠦ ᠬᠤᠲᠠ ᠶᠢᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠬᠦᠴᠦᠨ ᠤ ᠪᠣᠯᠪᠠᠰᠤᠷᠠᠯ ᠤᠨ ᠠᠩᠭᠢ ᠡᠷᠭᠢᠯᠡᠪᠡ᠃ ᠡᠯ᠎ᠡ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠲᠠ ᠳᠤ ᠰᠠᠭᠤᠭ᠎ᠠ ᠡᠯ᠎ᠡ ᠨᠢᠭᠡᠴᠡ ᠶᠢᠨ ᠬᠠᠤᠯᠢ ᠲᠦᠭᠡᠮᠡᠯᠵᠢᠭᠦᠯᠬᠦ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠤᠶᠤ ᠬᠠᠤᠯᠢ ᠲᠦᠭᠡᠮᠡᠯᠵᠢᠭᠦᠯᠬᠦ ᠠᠵᠢᠯ ᠢ ᠡᠷᠭᠢᠯᠡᠨ ᠬᠢᠵᠦ ᠪᠠᠶᠢᠭ᠎ᠠ ᠠᠵᠢᠯᠲᠠᠨ᠂ ᠬᠡᠰᠡᠭ ᠲᠠᠷᠢᠶᠠᠯᠠᠬᠤ ᠣᠷᠣᠨ ︵ᠨᠡᠶᠢᠭᠡᠮ ᠲᠣᠭᠤᠷᠢᠭ︶ ᠤ ︽ᠬᠠᠤᠯᠢ ᠴᠠᠭᠠᠵᠠ ᠶᠢᠨ ᠤᠬᠠᠭᠠᠨ ᠲᠠᠢ ᠬᠥᠮᠦᠨ︾᠂ ︽ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠤᠯᠴᠠᠵᠤ ᠬᠠᠤᠯᠢ ᠬᠡᠷᠡᠭᠯᠡᠭᠰᠡᠨ ᠵᠢᠱᠢᠶ᠎ᠡ ᠦᠵᠡᠭᠦᠯᠬᠦ ᠡᠷᠦᠬᠡ︾ ᠵᠡᠷᠭᠡ ᠨᠢ ︽ᠰᠦᠯᠵᠢᠶᠡᠨ ᠳᠡᠭᠡᠷ᠎ᠡ︾ ᠪᠤᠶᠤ ︽ᠰᠦᠯᠵᠢᠶᠡᠨ ᠭᠠᠳᠠᠨ᠎ᠠ︾ ᠶᠢᠨ ᠠᠷᠭ᠎ᠠ ᠮᠠᠶ᠋ᠢᠭ ᠢᠶᠠᠷ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠯ ᠳᠤ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ︽ᠰᠢ ᠶᠢᠨ ᠫᠢᠩ ᠤᠨ ᠬᠠᠣᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠠᠣᠯᠢᠵᠢᠯ ᠤᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠳᠥᠯᠭᠢᠨ ᠠᠬᠢᠭᠤᠯᠤᠶ᠎ᠠ︾ ᠭᠡᠬᠦ ᠪᠠᠷ ᠭᠤᠣᠯ ᠰᠡᠳᠦᠪ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠬᠠᠣᠯᠢᠵᠢᠯ ᠤᠨ ᠪᠠᠶᠢᠭᠤᠯᠤᠯᠲᠠ ᠶᠢᠨ ᠲᠤᠬᠠᠢ ᠥᠭᠦᠯᠡᠯᠲᠡ ᠲᠠᠢ ᠤᠶᠠᠯᠳᠤᠭᠤᠯᠤᠨ᠂ ᠰᠢ ᠶᠢᠨ ᠫᠢᠩ ᠤᠨ ᠬᠠᠣᠯᠢᠵᠢᠯ ᠤᠨ ᠦᠵᠡᠯ ᠰᠠᠨᠠᠭᠠᠨ ᠤ ᠪᠤᠢ ᠪᠣᠯᠤᠭᠰᠠᠨ ᠠᠬᠤᠢ ᠪᠠᠶᠢᠳᠠᠯ᠂ ᠬᠥᠭᠵᠢᠯᠲᠡ ᠶᠢᠨ ᠰᠤᠳᠠᠰᠤ᠂ ᠮᠥᠨ ᠴᠢᠨᠠᠷ ᠤᠨ ᠣᠨᠴᠠᠯᠢᠭ ᠵᠡᠷᠭᠡ ᠲᠠᠯ᠎ᠠ ᠠᠴᠠ ᠰᠢ ᠶᠢᠨ ᠫᠢᠩ ᠤᠨ ᠬᠠᠣᠯᠢᠵᠢᠯ ᠤᠨ ᠦᠵᠡᠯ ᠰᠠᠨᠠᠭᠠᠨ ᠤ ᠪᠦᠷᠢᠯᠳᠦᠯ ᠪᠠ ᠬᠥᠭᠵᠢᠯᠲᠡ ᠶᠢ ᠲᠠᠶᠢᠯᠪᠤᠷᠢᠯᠠᠬᠤ ᠶᠢᠨ ᠬᠠᠮᠲᠤ᠂ ︽ᠠᠷᠪᠠᠨ ᠨᠢᠭᠡ ᠶᠢ ᠪᠠᠷᠢᠮᠲᠠᠯᠠᠬᠤ︾ ᠵᠡᠷᠭᠡ ᠲᠠᠯ᠎ᠠ ᠠᠴᠠ ᠰᠢ ᠶᠢᠨ ᠫᠢᠩ ᠤᠨ ᠬᠠᠣᠯᠢᠵᠢᠯ ᠤᠨ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ ᠢ ᠲᠠᠶᠢᠯᠪᠤᠷᠢᠯᠠᠪᠠ᠃ ᠪᠣᠯᠪᠠᠰᠤᠷᠠᠯ ᠢᠶᠠᠷ ᠳᠠᠮᠵᠢᠭᠤᠯᠤᠨ᠂ ᠪᠥᠬᠦ ᠬᠤᠲᠠ ᠶᠢᠨ ᠥᠷᠭᠡᠨ ᠣᠯᠠᠨ ᠬᠠᠤᠯᠢ ᠲᠦᠭᠡᠮᠡᠯᠵᠢᠭᠦᠯᠬᠦ ᠭᠤᠤᠯᠯᠠᠭᠴᠢ ᠬᠦᠴᠦᠨ ᠤ ᠰᠢ ᠶᠢᠨ ᠫᠢᠩ ᠤᠨ ᠬᠠᠣᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠲᠦᠭᠡᠮᠡᠯᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠦᠨ᠂ ᠪᠥᠬᠦ ᠬᠤᠲᠠ ᠶᠢᠨ ︽ᠨᠠᠢᠮᠠᠳᠣᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠢᠶᠠᠷ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号