ᠮᠠᠨ ᠤ ᠬᠤᠲᠠ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠪᠠ ︽ᠬᠠᠭᠠᠰ ᠳᠤᠲᠠᠭᠤ︾ ᠢᠨᠵᠧᠨᠧᠷᠢᠩ ᠢ ᠪᠦᠬᠦ ᠲᠠᠯ᠎ᠠ ᠪᠠᠷ ᠲᠣᠶᠢᠯᠪᠣᠷᠢᠳᠠᠢ ᠪᠠᠶᠢᠴᠠᠭᠠᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠪᠠ
ᠨᠡᠶᠢᠲᠡᠯᠡᠭᠰᠡᠨ ᠴᠠᠭ᠄
2022/11/15
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠮᠠᠨ ᠤ ᠬᠤᠳᠠ ᠶᠢᠨ ᠬᠢᠨ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠠᠳᠬᠤᠵᠤ᠂ ᠲᠦᠷᠭᠡᠨ ᠭᠦᠢᠴᠡᠳᠬᠡᠵᠦ᠂ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ ᠢ ᠪᠦᠬᠦ ᠲᠠᠯ᠎ᠠ ᠪᠠᠷ ᠲᠤᠶᠢᠯᠪᠣᠷᠢᠳᠠᠢ ᠪᠠᠶᠢᠴᠠᠭᠠᠬᠤ ᠪᠠ ︽ᠬᠠᠭᠠᠰ ᠳᠤᠲᠠᠭᠤ︾ ᠢᠨᠵᠧᠨᠧᠷᠢᠩ ᠢ ᠪᠦᠬᠦ ᠲᠠᠯ᠎ᠠ ᠪᠠᠷ ᠲᠤᠶᠢᠯᠪᠣᠷᠢᠳᠠᠢ ᠪᠠᠶᠢᠴᠠᠭᠠᠬᠤ ᠡᠯ᠎ᠡ ᠲᠦᠷᠦᠯ ᠤᠨ ᠠᠵᠢᠯ ᠢᠶᠠᠨ ᠲᠦᠷᠭᠡᠨ ᠠᠬᠢᠭᠤᠯᠵᠤ᠂ ᠪᠦᠬᠦᠯᠢ ᠴᠣᠭᠴᠠ ᠶᠢᠨ ᠠᠵᠢᠯ ᠢᠶᠠᠨ ᠡᠮᠬᠢ ᠵᠢᠷᠤᠮ ᠲᠠᠢ ᠠᠬᠢᠭᠤᠯᠪᠠ᠃      ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠪᠦᠬᠦ ᠲᠠᠯ᠎ᠠ ᠪᠠᠷ ᠲᠤᠶᠢᠯᠪᠣᠷᠢᠳᠠᠢ ᠪᠠᠶᠢᠴᠠᠭᠠᠬᠤ ᠲᠠᠯ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ ᠮᠠᠨ ᠤ ᠬᠤᠲᠠ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠡᠬᠡ ᠲᠠᠩᠰᠠ ᠪᠣᠯᠤᠨ ᠨᠥᠬᠦᠵᠦ ᠵᠥᠪᠰᠢᠶᠡᠷᠡᠭᠦᠯᠬᠦ ᠲᠥᠷᠥᠯ ᠵᠦᠢᠯ ᠤᠨ ᠡᠬᠡ ᠲᠠᠩᠰᠠ ᠳᠤ ᠲᠣᠬᠢᠷᠠᠭᠤᠯᠤᠯᠲᠠ ᠬᠢᠵᠦ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠡᠬᠡ ᠲᠠᠩᠰᠠ ᠠᠴᠠ 2023 ᠣᠨ ᠵᠢᠴᠢ ᠡᠭᠦᠨ ᠠᠴᠠ ᠡᠮᠦᠨ᠎ᠡ ᠬᠡᠷᠡᠭᠵᠢᠭᠦᠯᠬᠦ ᠲᠣᠳᠣᠷᠬᠠᠶ ᠲᠥᠯᠥᠪᠯᠡᠭᠡ ᠥᠬᠡᠶ 163 ᠲᠥᠷᠥᠯ ᠵᠦᠢᠯ ᠢ ᠰᠢᠯᠵᠢᠭᠦᠯᠦᠨ ᠭᠠᠷᠭᠠᠵᠤ᠂ ᠨᠥᠬᠦᠵᠦ ᠵᠥᠪᠰᠢᠶᠡᠷᠡᠭᠦᠯᠬᠦ ᠲᠥᠷᠥᠯ ᠵᠦᠢᠯ ᠤᠨ ᠡᠬᠡ ᠲᠠᠩᠰᠠ ᠠᠴᠠ ᠦᠷᠭᠦᠯᠵᠢᠯᠡᠨ ᠬᠡᠷᠡᠭᠵᠢᠭᠦᠯᠬᠦ ᠥᠬᠡᠶ 10 ᠲᠥᠷᠥᠯ ᠵᠦᠢᠯ ᠢ ᠰᠢᠯᠵᠢᠭᠦᠯᠦᠨ ᠭᠠᠷᠭᠠᠪᠠ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠬᠠᠷᠢᠭᠤ ᠲᠤᠰᠬᠠᠭᠰᠠᠨ 2770 ᠲᠥᠷᠥᠯ ᠵᠦᠢᠯ ᠤᠨ ᠨᠠᠷᠢᠨ ᠳᠠᠩᠰᠠ ᠶᠢᠨ ᠳᠣᠲᠣᠷ᠎ᠠ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠡᠬᠡ ᠲᠠᠩᠰᠠᠨ ᠳᠤ ᠣᠷᠣᠭᠤᠯᠤᠭᠰᠠᠨ ᠲᠥᠷᠥᠯ ᠵᠦᠢᠯ ᠨᠢ 316᠂ ᠨᠥᠬᠦᠵᠦ ᠵᠥᠪᠰᠢᠶᠡᠷᠡᠭᠦᠯᠬᠦ ᠲᠥᠷᠥᠯ ᠵᠦᠢᠯ ᠤᠨ ᠡᠬᠡ ᠲᠠᠩᠰᠠᠨ ᠳᠤ ᠣᠷᠣᠭᠤᠯᠤᠭᠰᠠᠨ ᠲᠥᠷᠥᠯ ᠵᠦᠢᠯ ᠨᠢ 110᠂ ᠭᠠᠷᠳᠠᠮ ᠨᠢ ᠪᠦᠷᠢᠨ ᠭᠦᠢᠴᠡᠳ ᠲᠥᠷᠥᠯ ᠵᠦᠢᠯ ᠨᠢ 1729᠂ ᠳᠠᠭᠢᠵᠤ ᠬᠡᠷᠡᠭᠵᠢᠭᠦᠯᠬᠦ ᠥᠬᠡᠶ ᠲᠥᠷᠥᠯ ᠵᠦᠢᠯ ᠨᠢ 615 ᠪᠣᠯᠣᠨ᠎ᠠ᠃ ᠣᠳᠣᠬᠠᠨ ᠳᠤ ᠪᠣᠯᠲᠠᠯ᠎ᠠ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠡᠬᠡ ᠲᠠᠩᠰᠠᠨ ᠳᠠᠬᠢ 316 ᠲᠥᠷᠥᠯ ᠵᠦᠢᠯ ᠨᠢ 483 ᠵᠦᠢᠯ ᠤᠨ ᠵᠥᠪᠰᠢᠶᠡᠷᠡᠭᠦᠯᠬᠦ ᠪᠠᠷ ᠪᠠᠶᠢᠭ᠎ᠠ ᠭᠠᠷᠳᠠᠮ ᠳᠤ ᠬᠤᠯᠪᠣᠭᠳᠠᠵᠤ᠂ 278 ᠵᠦᠢᠯ ᠢ ᠨᠢᠭᠡᠨᠲᠡ ᠭᠦᠢᠴᠡᠳᠬᠡᠵᠦ ᠳᠠᠭᠤᠰᠬᠠᠨ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 57.6% ᠬᠦᠷᠴᠦ᠂ ᠡᠯ᠎ᠡ ᠠᠶᠢᠮᠠᠭ ᠬᠤᠲᠠ ᠶᠢᠨ ᠳᠣᠲᠣᠷ᠎ᠠ ᠵᠢᠷᠭᠤᠳᠤᠭᠠᠷ ᠲᠤ ᠵᠢᠭᠰᠠᠭᠠᠭᠳᠠᠪᠠ᠃ ᠨᠥᠬᠦᠵᠦ ᠵᠥᠪᠰᠢᠶᠡᠷᠡᠭᠦᠯᠬᠦ ᠲᠥᠷᠥᠯ ᠵᠦᠢᠯ ᠤᠨ ᠡᠬᠡ ᠲᠠᠩᠰᠠᠨ ᠳᠠᠬᠢ 110 ᠲᠥᠷᠥᠯ ᠵᠦᠢᠯ ᠨᠢ 123 ᠵᠦᠢᠯ ᠤᠨ ᠨᠥᠬᠦᠵᠦ ᠵᠥᠪᠰᠢᠶᠡᠷᠡᠭᠦᠯᠬᠦ ᠭᠠᠷᠳᠠᠮ ᠳᠤ ᠬᠤᠯᠪᠣᠭᠳᠠᠵᠤ᠂ ᠨᠢᠭᠡᠨᠲᠡ 123 ᠵᠦᠢᠯ ᠢ ᠳᠡᠭᠡᠭᠰᠢ ᠮᠡᠳᠡᠭᠦᠯᠦᠨ ᠭᠦᠢᠴᠡᠳᠬᠡᠵᠦ ᠳᠠᠭᠤᠰᠬᠠᠪᠠ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ 100% ᠳᠤ ᠬᠦᠷᠴᠦ᠂ ᠡᠯ᠎ᠡ ᠠᠶᠢᠮᠠᠭ ᠬᠤᠲᠠ ᠶᠢᠨ ᠳᠣᠲᠣᠷ᠎ᠠ ᠨᠢᠭᠡᠳᠦᠭᠡᠷ ᠲᠤ ᠵᠢᠭᠰᠠᠭᠠᠭᠳᠠᠪᠠ᠃      ︽ᠬᠠᠭᠠᠰ ᠳᠤᠲᠠᠭᠤ︾ ᠢᠨᠵᠧᠨᠧᠷᠢᠩ ᠢ ᠪᠦᠬᠦ ᠲᠠᠯ᠎ᠠ ᠪᠠᠷ ᠲᠤᠶᠢᠯᠪᠣᠷᠢᠳᠠᠢ ᠪᠠᠶᠢᠴᠠᠭᠠᠬᠤ ᠲᠠᠯ᠎ᠠ ᠪᠠᠷ᠂ ᠪᠥᠬᠦ ᠬᠤᠲᠠ ᠶᠢᠨ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠭᠰᠡᠨ ︽ᠬᠠᠭᠠᠰ ᠳᠤᠲᠠᠭᠤ︾ ᠢᠨᠵᠧᠨᠧᠷᠢᠩ ᠤᠨ ᠲᠥᠷᠥᠯ ᠵᠦᠢᠯ ᠨᠡᠶᠢᠲᠡ 9 ᠪᠠᠶᠢᠵᠤ᠂ ᠨᠢᠭᠡᠨᠲᠡ ᠴᠡᠭᠴᠡᠯᠡᠨ ᠰᠠᠶᠢᠵᠢᠷᠠᠭᠤᠯᠵᠤ᠂ ᠳ᠋ᠤᠭᠠᠷ ᠬᠠᠰᠤᠬᠤ ᠨᠥᠬᠦᠴᠡᠯ ᠢ ᠪᠦᠷᠢᠯᠳᠦᠭᠦᠯᠦᠭᠰᠡᠨ ᠲᠦᠷᠦᠯ ᠵᠦᠢᠯ ᠨᠢ 2 ᠪᠠᠶᠢᠵᠤ᠂ ᠦᠯᠡᠳᠡᠭᠰᠡᠨ 7 ᠲᠥᠷᠥᠯ ᠵᠦᠢᠯ ᠨᠢ ᠴᠥᠮ ︽ᠨᠢᠭᠡ ᠲᠦᠷᠦᠯ ᠵᠦᠢᠯ ᠳᠤ ᠨᠢᠭᠡ ᠠᠷᠭ᠎ᠠ ᠪᠣᠳᠣᠯᠭ᠎ᠠ︾ ᠶᠣᠰᠣᠭᠠᠷ ᠠᠰᠠᠭᠤᠳᠠᠯ ᠲᠠᠢ ᠲᠥᠷᠥᠯ ᠵᠦᠢᠯ ᠢ ᠰᠢᠢᠳᠪᠦᠷᠢᠯᠡᠬᠦ ᠠᠷᠭ᠎ᠠ ᠮᠠᠶ᠋ᠢᠭ ᠢ ᠲᠣᠳᠣᠷᠬᠠᠶᠢᠯᠠᠵᠤ᠂ ᠵᠦᠢᠯ ᠳᠠᠷᠠᠭᠠᠯᠠᠨ ︽ᠴᠠᠭ ᠤᠨ ᠬᠦᠰᠦᠨᠦᠭᠲᠦ᠂ ᠵᠠᠮ ᠱᠣᠭᠤᠮ ᠤᠨ ᠵᠢᠷᠤᠭ︾ ᠲᠣᠭᠲᠠᠭᠠᠵᠤ᠂ ᠭᠤᠭᠴᠤᠭ᠎ᠠ ᠳᠠᠷᠠᠭᠠᠯᠠᠨ ᠬᠠᠷᠢᠭᠤᠴᠠᠯᠭᠠᠲᠤ ᠰᠠᠯᠠᠭ᠎ᠠ ᠮᠥᠴᠢᠷ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠰᠤᠯᠠ ᠪᠠᠶᠢᠭ᠎ᠠ ᠲᠥᠷᠥᠯ ᠵᠦᠢᠯ ᠢ ᠠᠮᠢᠳᠤᠯᠢᠭ ᠪᠣᠯᠭᠠᠬᠤ ᠶᠢ ᠲᠦᠷᠭᠡᠳᠬᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号