ᠬᠠᠶᠢᠷᠣᠪ ᠤᠨ ᠲᠤᠬᠤᠢ ᠲᠣᠭᠤᠷᠢᠭ ᠤᠨ ᠡᠪᠯᠡᠯ ᠤᠨ ᠬᠤᠷᠢᠶ᠎ᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠭᠤᠣᠯ ᠰᠡᠳᠣᠪᠲᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/11/16
     ᠵᠠᠯᠠᠭᠤᠴᠤᠳ ᠡᠪᠯᠡᠯ ᠤᠨ ᠭᠡᠰᠢᠭᠦᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠤᠯᠠᠮ ᠨᠢᠭᠡ ᠠᠯᠬᠤᠮ ᠥᠷᠭᠡᠳᠬᠡᠵᠦ᠂ ᠵᠠᠯᠠᠭᠤᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠨᠢ ᠲᠠᠰᠤᠷᠠᠯᠲᠠ ᠥᠬᠡᠶ ᠴᠢᠩᠭᠠᠳᠬᠠᠨ᠂ ᠵᠠᠯᠠᠭᠤᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ  ᠨᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ ᠬᠠᠶᠢᠷᠣᠪ ᠤᠨ ᠲᠤᠬᠤᠢ ᠲᠣᠭᠤᠷᠢᠭ ᠤᠨ ᠡᠪᠯᠡᠯ ᠤᠨ ᠬᠤᠷᠢᠶ᠎ᠠ ᠰᠠᠶᠢᠨ ᠳᠤᠷ᠎ᠠ ᠶᠢᠨ ᠠᠵᠢᠯᠯᠠᠭᠴᠢ᠂ ᠵᠠᠯᠠᠭᠤᠴᠤᠳ ᠡᠪᠯᠡᠯ ᠤᠨ ᠭᠡᠰᠢᠭᠦᠨ ᠢ ᠵᠣᠬᠢᠶᠠᠨ ᠪᠠᠶᠢᠭᠤᠯᠵᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠭᠤᠣᠯ ᠰᠡᠳᠣᠪᠲᠤ ᠠᠵᠢᠯᠯᠠᠭ᠎ᠠ ᠦᠷᠨᠢᠭᠦᠯᠪᠡ᠃      ᠠᠵᠢᠯᠯᠠᠭ᠎ᠠ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠮᠡᠳᠡᠯᠭᠡ ᠶᠢᠨ ᠤᠷᠤᠯᠳᠤᠭᠠᠨ ᠳᠤ ᠬᠥᠰᠢᠭᠡ ᠪᠠᠨ ᠰᠡᠬᠦᠵᠦ᠂ ᠠᠭᠤᠯᠭ᠎ᠠ ᠶᠢᠨ ᠬᠠᠮᠤᠷᠬᠤ ᠬᠡᠪᠴᠢᠶ᠎ᠡ ᠨᠢ ᠥᠷᠭᠡᠨ ᠳᠡᠯᠭᠡᠷ ᠪᠠᠶᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠵᠡᠷᠭᠡ ᠶᠢ ᠪᠠᠭᠲᠠᠭᠠᠵᠠᠶ᠃ ᠠᠵᠢᠯᠯᠠᠭ᠎ᠠ ᠶᠢᠨ ᠳᠤᠮᠳᠠ᠂ ᠤᠯᠠᠨ ᠢᠶᠠᠷ ᠢᠶᠠᠨ ᠪᠠᠰᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠣᠬᠤᠷ ᠹᠢᠯᠢᠮ ᠢ ᠲᠥᠪᠯᠡᠷᠡᠭᠦᠯᠦᠨ ᠦᠵᠡᠪᠡ᠃ ᠲᠣᠰ ᠠᠵᠢᠯᠯᠠᠭ᠎ᠠ ᠶᠢ ᠥᠷᠨᠢᠭᠦᠯᠬᠦ ᠶᠢᠨ ᠵᠣᠷᠢᠯᠭ᠎ᠠ ᠨᠢ ᠥᠷᠭᠡᠨ ᠤᠯᠠᠨ ᠵᠠᠯᠠᠭᠤᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠤᠬᠠᠮᠰᠠᠷ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠨᠢ ᠴᠢᠩᠭᠠᠳᠬᠠᠬᠤ ᠶᠢᠨ ᠲᠥᠯᠥᠭᠡ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号