ᠪᠥᠬᠦ ᠬᠤᠲᠠ ᠶᠢᠨ ᠠᠰᠠᠭᠤᠳᠠᠯ ᠲᠠᠢ ᠠᠰᠠᠷ ᠢ ᠰᠢᠢᠳᠪᠦᠷᠢᠯᠡᠬᠦ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/16
     11 ᠰᠠᠷ᠎ᠠ ᠶᠢᠨ 14 ᠤ ᠡᠳᠦᠷ᠂ ᠮᠠᠨ ᠤ ᠬᠤᠲᠠ ᠠᠰᠠᠭᠤᠳᠠᠯ ᠲᠠᠢ ᠠᠰᠠᠷ ᠢ ᠰᠢᠢᠳᠪᠦᠷᠢᠯᠡᠬᠦ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯᠳᠠᠯᠭ᠎ᠠ ᠲᠠᠢ ᠠᠰᠠᠭᠤᠳᠠᠯ ᠲᠠᠢ ᠠᠰᠠᠷ ᠲᠤ ︽ᠣᠷᠣᠵᠤ ᠰᠠᠭᠤᠬᠤ ᠶᠢ ᠪᠠᠲᠤᠯᠠᠬᠤ︾ ᠦᠨᠳᠦᠰᠦᠨ ᠵᠦᠢᠯ ᠢ ᠪᠠᠲᠤᠯᠠᠬᠤ ᠠᠵᠢᠯ ᠤᠨ ᠲᠥᠰᠦᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠶᠠᠩ ᠶᠢᠨ ᠬᠡᠯᠡᠭᠰᠡᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ︽ᠠᠷᠠᠳ ᠲᠦᠮᠡᠨ ᠤ ᠬᠤᠳᠠ ᠶᠢ ᠠᠷᠠᠳ ᠲᠦᠮᠡᠨ ᠪᠠᠶᠢᠭᠤᠯᠵᠤ᠂ ᠠᠷᠠᠳ ᠲᠦᠮᠡᠨ ᠤ ᠬᠤᠳᠠ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠳᠠᠯᠠᠬᠤ ᠬᠡᠷᠡᠭᠲᠡᠢ︾ ᠭᠡᠬᠦ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ︽ᠨᠢᠭᠡ ᠠᠰᠠᠷ ᠲᠤ ᠨᠢᠭᠡ ᠠᠷᠭ᠎ᠠ ᠪᠤᠳᠤᠯᠭ᠎ᠠ ᠬᠡᠷᠡᠭᠵᠢᠭᠦᠯᠬᠦ︾ ᠶᠢ ᠴᠢᠩᠭ᠎ᠠ ᠵᠢᠷᠤᠮᠯᠠᠨ᠂ ᠠᠰᠠᠭᠤᠳᠠᠯ ᠲᠠᠢ ᠠᠰᠠᠷ ᠢ ᠵᠣᠬᠢᠰᠲᠠᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠬᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠬᠥᠭᠵᠢᠭᠦᠯᠬᠦ ᠲᠥᠷᠥᠯ ᠵᠦᠢᠯ ᠢ ᠱᠠᠯᠠᠪᠳᠠᠨ ᠰᠦᠪᠡᠭᠴᠢᠯᠡᠵᠦ᠂ ︽ᠮᠥᠩᠭᠦᠨ ᠬᠦᠢᠯᠭᠡᠭᠡᠨ ᠢᠶᠠᠷ ᠬᠡᠷ ᠪᠠᠶᠢᠰᠢᠩ ᠭᠠᠵᠠᠷ ᠬᠥᠷᠥᠩᠭᠡ ᠶᠢ ᠳᠡᠮᠵᠢᠬᠦ 16 ᠵᠦᠢᠯ ᠤᠨ ᠠᠷᠭ᠎ᠠ ᠬᠡᠮᠵᠢᠶ᠎ᠡ︾ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠡᠷᠡᠭᠦᠯ ᠲᠣᠭᠲᠠᠭᠤᠨ ᠢᠶᠠᠷ ᠪᠦᠬᠦ ᠬᠦᠴᠦᠨ ᠢᠶᠠᠷ ᠠᠬᠢᠭᠤᠯᠬᠤ ᠬᠡᠷᠡᠭᠳᠡᠢ ᠭᠡᠵᠡᠢ᠃      ᠬᠤᠳᠠ ᠶᠢᠨ ᠤᠳᠤᠷᠢᠳᠤᠯᠭ᠎ᠠ ᠼᠦᠢ ᠵᠢᠩ ᠶᠢᠩ᠂ ᠵᠢᠶᠠ ᠴᠢᠩ ᠳ᠋ᠦᠩ᠂ ᠯᠢ ᠳ᠋ᠦᠩ᠂ ᠮᠤᠤ ᠵᠧᠨ ᠬᠠᠢ᠂ ᠭᠦᠸᠧ ᠢ ᠵᠢᠶᠧ ᠬᠤᠷᠠᠯ ᠳᠤ ᠣᠷᠣᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号