ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/16
     11 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠪᠣᠯᠤᠨ ︽ᠨᠤᠭᠤ ᠭᠠᠵᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠭᠡᠷᠡᠲᠦ ᠲᠠᠯ᠎ᠠ ᠶᠢᠨ ᠬᠢᠨ ᠤ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠪᠠᠶᠠᠷ ᠤᠨ ᠦᠭᠡ᠂ 2022 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦᠵᠧᠨ ᠳᠠᠬᠢ ᠲᠦᠷᠦᠭᠦᠴᠦᠳ ᠤᠨ ᠬᠤᠷᠠᠯ ᠳᠤ ᠥᠭᠭᠦᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ︽ᠤᠯᠤᠰ ᠤᠨ ᠲᠤᠮᠤ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠦ᠂ ᠮᠠᠨ ᠤ ᠬᠤᠳᠠ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠭᠦᠢᠴᠡᠳ ᠤᠶᠠᠯᠳᠤᠭᠤᠯᠵᠤ᠂ ᠭᠠᠳᠠᠭᠠᠳᠤ ᠨᠡᠬᠡᠬᠡᠯᠳᠡ ᠶᠢᠨ ᠠᠬᠢᠴᠠ ᠪᠠᠨ ᠴᠢᠨᠠᠭᠰᠢᠳᠠ ᠲᠦᠷᠭᠡᠳᠬᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠭᠤᠶᠢᠪᠢᠰᠢ ᠦᠬᠡᠢ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ ᠵᠠᠰᠠᠯᠲᠠ ᠶᠢᠨ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ᠂ ᠲᠠᠰᠤᠷᠠᠯᠳᠠ ᠦᠬᠡᠢ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠢ ᠭᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠤᠰᠬᠠᠢ ᠰᠡᠳᠦᠪᠲᠦ ᠨᠣᠮ ᠤᠩᠰᠢᠬᠤ ᠠᠩᠬᠢ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 10 ᠳ᠋ᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠵᠢᠴᠢ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠰᠤᠷᠤᠯᠴᠠᠯᠭ᠎ᠠ ᠪᠣᠯᠪᠠᠰᠤᠷᠠᠯ᠂ ᠤᠬᠠᠭᠤᠯᠤᠨ ᠲᠠᠶᠢᠯᠪᠤᠷᠢᠯᠠᠬᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠤᠯᠠᠮ ᠴᠢᠨᠠᠭᠰᠢᠳᠠ ᠨᠠᠷᠢᠯᠢᠬᠵᠢᠭᠤᠯᠵᠤ᠂ ᠬᠤᠳᠠ ᠶᠢᠨ ᠲᠡᠰ ᠤᠨ ᠤᠳᠤᠷᠢᠳᠤᠯᠭ᠎ᠠ ᠲᠦᠷᠦᠭᠦᠯᠡᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠤᠬᠠᠭᠤᠯᠤᠨ ᠲᠠᠶᠢᠯᠪᠤᠷᠢᠯᠠᠵᠤ᠂ ᠪᠦᠬᠦ ᠬᠤᠳᠠ ᠶᠢᠨ ᠳᠡᠭᠡᠳᠦ ᠲᠤᠤᠷᠠᠳᠤ ᠱᠠᠳᠤ ᠶᠢ ᠳᠠᠶᠢᠴᠢᠯᠠᠨ ᠰᠤᠷᠤᠯᠴᠠᠯᠭ᠎ᠠ ᠶᠢᠨ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠬᠤ ᠬᠡᠷᠡᠭᠲᠡᠢ᠃ ᠪᠣᠳᠠᠲᠠᠢ ᠠᠵᠢᠯ ᠤᠨ ᠨᠠᠶᠢᠳᠠᠪᠤᠷᠢᠵᠢᠭᠤᠯᠤᠯᠲᠠ ᠪᠠᠨ ᠰᠠᠶᠢᠲᠤᠷ ᠠᠳᠬᠤᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠨᠠᠷᠢᠨ ᠬᠢᠨᠠᠮᠠᠭᠠᠢ ᠰᠤᠳᠤᠯᠵᠤ᠂ ᠠᠷᠭ᠎ᠠ ᠪᠤᠳᠤᠯᠭ᠎ᠠ ᠪᠠᠨ ᠦᠨᠡᠨ ᠬᠦ ᠠᠷᠭ᠎ᠠ ᠬᠢᠳᠡᠯ ᠪᠣᠯᠭᠠᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠪᠠᠨ ᠬᠤᠷᠤᠭᠤ ᠪᠠᠷ ᠶᠠᠲᠤᠭ᠎ᠠ ᠴᠢᠪᠬᠠᠳᠠᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠵᠡᠷᠭᠡ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠨᠠᠮ ᠤᠨ ᠲᠥᠪ ᠬᠤᠷᠢᠶᠠᠨ ᠤ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠤᠷᠢᠨ ᠵᠦᠢᠯ ᠤᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠵᠤ᠂ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠨᠢ ᠰᠡᠷᠭᠡᠶᠢᠯᠡᠨ ᠡᠵᠡᠮᠳᠡᠬᠦ ᠶᠢ ᠰᠤᠯᠠᠷᠠᠭᠤᠯᠬᠤ ᠶᠠᠪᠤᠳᠠᠯ ᠪᠢᠰᠢ᠂ ᠨᠠᠩ ᠴᠤ ᠴᠢᠯᠥᠭᠡᠲᠡᠶ ᠲᠠᠯᠪᠢᠬᠤ᠂ ︽ᠪᠡᠶ᠎ᠡ ᠪᠠᠨ ᠲᠠᠯᠪᠢᠬᠤ︾ ᠶᠠᠪᠤᠳᠠᠯ ᠪᠢᠰᠢ᠂ ᠬᠠᠷᠢᠨ ᠱᠠᠭᠠᠷᠳᠠᠯᠭ᠎ᠠ ᠨᠠᠩ ᠥᠨᠳᠥᠷ᠂ ᠰᠡᠷᠭᠡᠶᠢᠯᠡᠨ ᠡᠵᠡᠮᠳᠡᠬᠦ ᠬᠦᠴᠢᠷᠳᠡᠯ ᠪᠠ ᠳᠠᠷᠤᠯᠲᠠ ᠨᠠᠩ ᠶᠡᠭᠡ ᠪᠣᠯᠵᠣ᠂ ᠶᠠᠮᠠᠷᠪᠠ ᠮᠢᠨᠴᠦᠭᠦᠷᠡᠨ ᠬᠤᠶᠢᠷᠭᠤᠰᠢᠬᠤ ᠪᠠ ᠰᠤᠯᠠᠷᠠᠬᠤ ᠰᠡᠳᠬᠢᠯᠭᠡ ᠲᠠᠢ ᠪᠠᠶᠢᠵᠤ ᠪᠣᠯᠬᠤ ᠥᠬᠡᠶ ᠭᠡᠳᠡᠭ ᠢ ᠭᠦᠢᠴᠡᠳ ᠲᠠᠨᠢᠬᠤ ᠬᠡᠷᠡᠭᠲᠡᠶ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠡᠷᠡᠰ ᠨᠢᠭᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠢ ᠴᠢᠨᠠᠷ ᠢ ᠭᠦᠨᠵᠡᠭᠡᠢ ᠲᠠᠨᠢᠵᠤ᠂ ᠴᠠᠭ ᠢᠮᠠᠭᠲᠠ ᠬᠥᠪᠴᠢ ᠪᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢᠶᠠᠨ ᠪᠣᠯᠭᠤᠮᠵᠢᠲᠠᠢ ᠪᠥᠭᠡᠳ ᠰᠠᠶᠢᠲᠤᠷ ᠬᠢᠬᠦ ᠬᠡᠷᠡᠭᠲᠡᠢ᠃ ᠬᠤᠲᠠ᠂ ᠲᠣᠭᠤᠷᠢᠭ ᠬᠤᠶᠠᠷ ᠱᠠᠲᠤᠨ ᠤ ᠵᠢᠯᠣᠭᠤᠳᠬᠤ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠯᠢᠭ ᠣᠨᠣᠴᠠᠲᠠᠶ ᠪᠠᠷ ᠰᠤᠳᠤᠯᠤᠨ ᠮᠠᠭᠠᠳᠯᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠢᠳᠡᠪᠬᠢᠲᠡᠶ ᠪᠠᠷ ᠳᠠᠶᠢᠴᠢᠯᠠᠨ᠂ ︽ᠪᠦᠭᠡᠰᠦᠨ ᠳᠤ ᠬᠢᠳᠤᠭ᠎ᠠ ᠭᠠᠷᠭᠠᠬᠤ︾ ᠶᠢ ᠪᠠᠷᠢᠮᠲᠠᠯᠠᠨ᠂ ᠲᠦᠷᠭᠡᠨ ᠬᠦᠳᠡᠯᠦᠯᠴᠡᠵᠦ ᠲᠦᠷᠭᠡᠨ ᠡᠵᠡᠮᠳᠡᠵᠦ᠂ ᠲᠦᠭᠰᠢᠭᠦᠷᠢ ᠶᠢ ᠠᠯᠢ ᠲᠦᠷᠭᠡᠨ ᠢᠶᠠᠷ ᠬᠠᠮᠢᠶᠠᠷᠤᠨ ᠡᠵᠡᠮᠳᠡᠵᠦ᠂ ᠬᠠᠯᠳᠠᠪᠤᠷᠢᠯᠠᠬᠤ ᠬᠡᠯᠬᠢᠶᠡᠰᠦ ᠶᠢ ᠲᠠᠰᠤᠳᠠᠵᠤ᠂ ᠬᠠᠮᠤᠭ ᠤᠨ ᠣᠬᠤᠷ ᠬᠤᠭᠤᠴᠠᠭᠠᠨ ᠳᠤ ᠬᠠᠮᠤᠭ ᠤᠨ ᠪᠠᠭ᠎ᠠ ᠦᠨ᠎ᠡ ᠥᠷᠲᠡᠭ ᠢᠶᠠᠷ ᠬᠠᠮᠤᠭ ᠤᠨ ᠶᠡᠭᠡ ᠦᠷ᠎ᠡ ᠪᠦᠲᠦᠮᠵᠢ ᠣᠯᠵᠤ᠂ ᠬᠢᠵᠢᠭ ᠤᠨ ᠪᠠᠶᠢᠳᠠᠯ ᠶᠢ ᠡᠵᠡᠮᠳᠡᠬᠦ ᠲᠠᠶᠢᠨ ᠤ ᠢᠯᠠᠯᠲᠠ ᠶᠢ ᠤᠯᠬᠤ ᠪᠠᠷ ᠴᠢᠷᠮᠠᠶᠢᠬᠤ ᠬᠡᠷᠡᠭᠲᠡᠶ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号