︽ᠭᠤᠷᠪᠠᠨ ᠪᠦᠬᠦ ᠲᠠᠯ᠎ᠠ︾ ᠶᠢ ᠡᠵᠡᠮᠳᠡᠵᠦ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠰᠣᠭᠠᠢ
ᠨᠡᠶᠢᠲᠡᠯᠡᠭᠰᠡᠨ ᠴᠠᠭ᠄
2022/11/3
   — ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠢ ᠰᠤᠷᠪᠤᠯᠵᠢᠯᠠᠭᠰᠠᠨ ᠨᠢ      ᠣᠶᠢᠷ᠎ᠠ ᠳᠤ᠂ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠦᠶ᠎ᠡ ᠳᠤ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠥᠷᠭᠡᠨ ᠳᠡᠯᠭᠡᠷ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠶᠤᠮ᠂ ᠬᠠᠶᠢᠨᠠᠨ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠤᠯᠤᠰ ᠲᠦᠷᠦ᠂ ᠪᠠᠶᠢᠯᠳᠤᠬᠤ ᠪᠤᠳᠤᠯᠭ᠎ᠠ᠂ ᠪᠦᠬᠦ ᠲᠠᠯ᠎ᠠ ᠶᠢᠨ ᠦᠨᠳᠦᠷᠴᠡ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠠᠶᠢᠨᠠᠨ ᠲᠤᠭᠤᠷᠢᠭ ᠲᠤ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ︾ ᠬᠡᠵᠦ ᠬᠡᠯᠡᠵᠡᠢ᠃      ᠢᠦᠢ ᡁᠢ ᠶᠦᠩ ᠬᠡᠯᠡᠭᠰᠡᠨ ᠨᠢ᠂ ᠢᠯᠡᠳᠬᠡᠯ ᠳᠤ᠂ ᠨᠠᠮ ᠠᠭᠤᠤ ᠶᠡᠭᠡ ᠲᠡᠮᠡᠴᠡᠯ ᠢᠶᠠᠷ ᠢᠶᠠᠨ ᠵᠠᠭᠤᠨ ᠵᠢᠯ ᠤᠨ ᠠᠭᠤᠤ ᠶᠡᠭᠡ ᠦᠢᠯᠡᠰ ᠢ ᠡᠭᠦᠳᠦᠨ ᠪᠦᠲᠦᠭᠡᠭᠰᠡᠨ ᠪᠥᠭᠡᠳ ᠰᠢᠨ᠎ᠡ ᠠᠭᠤᠤ ᠶᠡᠭᠡ ᠲᠡᠮᠡᠴᠡᠯ ᠢᠶᠠᠷ ᠢᠶᠠᠨ ᠰᠢᠨ᠎ᠡ ᠠᠭᠤᠤ ᠶᠡᠭᠡ ᠦᠢᠯᠡᠰ ᠢ ᠡᠭᠦᠳᠦᠨ ᠪᠦᠲᠦᠭᠡᠵᠦ ᠯᠠᠪᠲᠠᠢ ᠴᠢᠳᠠᠨ᠎ᠠ ᠭᠡᠵᠦ ᠵᠢᠭᠠᠵᠤ ᠭᠠᠷᠭᠠᠪᠠ᠃ ᠬᠠᠶᠢᠨᠠᠨ ᠲᠤᠭᠤᠷᠢᠭ  ᠤᠨ ᠬᠢᠨ ᠠᠵᠢᠯ ᠤᠨ ᠶᠡᠭᠡ ᠲᠠᠯ᠎ᠠ ᠠᠴᠠ ᠠᠵᠢᠯ ᠢᠶᠠᠨ ᠲᠥᠯᠥᠪᠯᠡᠬᠦ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠯᠤᠭ᠎ᠠ ᠤᠶᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ︽ᠭᠤᠷᠪᠠᠨ ᠪᠦᠬᠦ ᠲᠠᠯ᠎ᠠ︾ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠤᠨ᠎ᠠ᠃ ᠨᠢᠭᠡ ᠳᠤ ᠪᠦᠬᠦ ᠲᠠᠯ᠎ᠠ ᠪᠠᠷ ᠰᠤᠷᠤᠯᠴᠠᠬᠤ ᠳᠤ ᠬᠦᠴᠦ ᠣᠷᠣᠭᠤᠯᠤᠨ᠎ᠠ᠃ ᠬᠤᠶᠠᠷ ᠲᠤ᠂ ᠪᠦᠬᠦ ᠲᠠᠯ᠎ᠠ ᠪᠠᠷ ᠡᠵᠡᠮᠳᠡᠬᠦ ᠳᠡᠭᠡᠷ᠎ᠡ ᠬᠦᠴᠦ ᠣᠷᠣᠭᠤᠯᠤᠨ᠎ᠠ᠃ ᠭᠤᠷᠪᠠ ᠳᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠣᠷᠣᠭᠤᠯᠤᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽ᠶᠠᠰᠤ ᠴᠢᠨᠠᠷ ᠢ ᠲᠠᠬᠢᠨ ᠳᠡᠭᠡᠭᠰᠢᠯᠡᠭᠦᠯᠬᠦ︾ ᠶᠢ ᠠᠬᠢᠭᠤᠯᠵᠤ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠡᠦᠷᠰᠢᠭᠦᠯᠬᠦ ᠠᠵᠤ ᠦᠢᠯᠡᠰ ᠢ ᠨᠡᠶᠢᠳᠬᠡᠵᠦ ᠲᠠᠬᠢᠨ ᠵᠣᠬᠢᠶᠠᠨ ᠪᠠᠶᠢᠭᠤᠯᠵᠤ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠭᠦᠨᠵᠡᠭᠡᠢ ᠠᠬᠢᠭᠤᠯᠵᠤ᠂ 2023 ᠣᠨ ᠤ ᠲᠦᠷᠦᠯ ᠵᠦᠢᠯ ᠤᠨ ᠨᠥᠭᠡᠴᠡ ᠪᠣᠯᠤᠨ ᠪᠦᠳᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠪᠠᠨ ᠤᠷᠢᠳᠴᠢᠯᠠᠨ ᠲᠥᠯᠥᠪᠵᠢᠭᠦᠯᠦᠨ᠎ᠡ᠃ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠳᠤ ︽ᠲᠠᠬᠢᠨ ᠳᠠᠷᠤᠯᠲᠠ ᠥᠭᠬᠦ︾ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠪᠣᠯᠤᠨ ︽ᠳᠤᠯᠤᠭ᠎ᠠ ᠶᠢ ᠵᠠᠰᠠᠬᠤ︾ ᠠᠵᠢᠯ ᠢ ᠦᠷᠭᠦᠯᠵᠢᠯᠡᠨ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠳᠠᠬᠢᠨ ᠨᠡᠮᠡᠭᠳᠡᠭᠦᠯᠬᠦ ᠶᠢ ᠠᠬᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠠᠷᠠᠳ ᠤᠯᠠᠨ ᠤ ᠪᠠᠴᠢᠮ ᠬᠦᠴᠢᠷ ᠵᠤᠪᠠᠨᠢᠯ ᠡᠷᠡᠮᠡᠯᠵᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢ ᠲᠦᠷᠭᠡᠳᠭᠡᠨ ᠪᠠᠶᠢᠭᠤᠯᠵᠤ᠂ ᠬᠤᠳᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠠᠷᠠᠳ ᠲᠤ ᠠᠰᠢᠭ ᠬᠦᠷᠲᠡᠭᠡᠬᠦ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠᠨ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢ ᠭᠦᠨᠵᠡᠭᠡᠶᠢᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠬᠢᠵᠢᠭ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号